ᠮᠠᠨ ᠤ ᠬᠤᠲᠠ ᠪᠠᠶᠠᠨᠨᠠᠭᠤᠷ ᠬᠤᠲᠠ᠂ ᠠᠯᠠᠱᠠ ᠠᠶᠢᠮᠠᠭ ᠯᠤᠭ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠣᠷᠣᠨ ᠪᠦᠰᠡ ᠶᠢ ᠨᠢᠭᠡ ᠴᠣᠭᠴᠠᠵᠢᠭᠰᠠᠨ ᠬᠥᠭᠵᠢᠯᠲᠡ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2024/5/23
     ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠣᠷᠣᠨ ᠪᠦᠰᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠮᠠᠨ ᠤ ᠬᠤᠲᠠ ᠬᠢᠭᠡᠳ ᠪᠠᠶᠠᠨᠨᠠᠭᠤᠷ ᠬᠤᠲᠠ᠂ ᠠᠯᠠᠱᠠ ᠠᠶᠢᠮᠠᠭ ᠭᠤᠷᠪᠠᠨ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠪᠠᠷ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠨᠢᠭᠡ ᠴᠣᠭᠴᠠᠵᠢᠭᠰᠠᠨ ᠬᠥᠭᠵᠢᠯᠲᠡ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠣᠷᠣᠨ ᠪᠦᠰᠡ ᠶᠢᠨ ᠳᠣᠲᠣᠷᠠᠬᠢ ᠰᠢᠨ᠎ᠡ ᠶᠢ ᠡᠭᠦᠳᠬᠦ ᠬᠦᠴᠦᠨ ᠵᠦᠢᠯ ᠤᠨ ᠲᠥᠪᠯᠡᠷᠡᠯ ᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠴᠢᠯᠡᠭᠰᠡᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠦᠷᠭᠦᠯᠵᠢᠯᠡᠨ ᠪᠣᠶ ᠪᠣᠯᠭᠠᠬᠤ ᠳᠤ ︽ᠲᠦᠷᠭᠡᠨ ᠤᠷᠤᠭᠰᠢᠯᠠᠬᠤ ᠳᠠᠷᠤᠪᠴᠢ︾ ᠶᠢ ᠲᠠᠷᠣᠪᠠ᠃      ︽ᠪᠦᠳᠦᠭᠦᠪᠴᠢ ᠬᠡᠯᠡᠯᠴᠡᠭᠡᠷ︾ ᠲᠤ ᠲᠤᠳᠣᠷᠬᠠᠶᠢᠯᠠᠭᠰᠠᠨ ᠨᠢ᠂ ᠭᠤᠷᠪᠠᠨ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ︽ᠳᠠᠪᠠᠭᠤᠯᠢᠭ ᠢᠶᠠᠷ ᠬᠠᠷᠢᠯᠴᠠᠨ ᠨᠥᠬᠦᠪᠥᠷᠢᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ᠂ ᠤᠷᠢᠳᠠᠪᠠᠷ ᠬᠥᠭᠵᠢᠭᠦᠯᠬᠦ︾ ᠬᠠᠮᠲᠤᠷᠠᠯᠴᠠᠭᠠᠨ ᠤ ᠵᠠᠷᠴᠢᠮ ᠶᠣᠰᠣᠭᠠᠷ᠂ ᠡᠯ᠎ᠡ ᠭᠠᠵᠠᠷ ᠤᠨ ᠬᠢᠨ ᠬᠠᠷᠢᠴᠠᠭᠤᠯᠤᠭᠰᠠᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠡᠯ᠎ᠡ ᠳᠠᠪᠬᠤᠷᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠨ᠂ ᠬᠠᠮᠲᠤᠷᠠᠯᠴᠠᠭᠠᠨ ᠤ ᠲᠣᠭᠲᠠᠴᠠ ᠪᠠᠶᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠬᠠᠶᠢᠨ ᠰᠦᠪᠡᠭᠴᠢᠯᠡᠵᠦ᠂ ᠨᠢᠭᠡ ᠴᠤᠭᠴᠠᠵᠢᠭᠤᠯᠤᠯᠲᠠ ᠲᠠᠢ ᠵᠣᠬᠢᠴᠠᠭᠰᠠᠨ ᠬᠠᠮᠢᠶᠠᠷᠤᠯᠲᠠ ᠶᠢᠨ ᠵᠠᠭᠪᠤᠷ ᠢ ᠬᠦᠴᠦᠯᠡᠨ ᠪᠠᠶᠢᠭᠤᠯᠤᠨ᠎ᠠ ᠭᠡᠵᠠᠶ᠃      ︽ᠪᠦᠳᠦᠭᠦᠪᠴᠢ ᠬᠡᠯᠡᠯᠴᠡᠭᠡᠷ︾ ᠲᠤ ᠲᠤᠬᠢᠷᠠᠯᠴᠠᠭᠰᠠᠨ ᠨᠢ᠂ ᠬᠡᠯᠡᠯᠴᠡᠭᠡᠷ ᠲᠤᠭᠳᠠᠭᠰᠠᠨ ᠡᠯ᠎ᠡ ᠠᠶᠢᠮᠠᠭ ᠬᠤᠲᠠ ᠨᠢ ᠣᠷᠣᠨ ᠪᠦᠰᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠵᠢᠯᠴᠠᠨ ᠬᠥᠳᠡᠯᠦᠯᠴᠡᠵᠦ ᠬᠥᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠭᠦᠨᠵᠡᠭᠡᠶ ᠬᠠᠮᠲᠤᠷᠠᠯᠴᠠᠵᠤ ᠬᠠᠮᠲᠤ ᠪᠠᠷ ᠭᠥᠷᠳᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ᠥᠷᠭᠡᠳᠬᠡᠵᠦ᠂ ︽ᠨᠢᠭᠡ ᠠᠵᠢᠯ︾ ᠤᠨ ᠣᠷᠣᠨ ᠪᠦᠰᠡ ᠠᠯᠤᠰᠯᠠᠨ ᠨᠡᠶᠢᠳᠡᠮ ᠭᠦᠢᠴᠡᠳᠭᠡᠬᠦ ᠦᠢᠯᠡᠴᠢᠯᠡᠭᠡ ᠶᠢ ᠰᠦᠪᠡᠭᠴᠢᠯᠡᠨ ᠬᠡᠷᠡᠭᠵᠢᠭᠦᠯᠵᠦ᠂ ᠡᠯ᠎ᠡ ᠠᠶᠢᠮᠠᠭ ᠬᠤᠲᠠ ᠶᠢᠨ ᠬᠤᠭᠤᠷᠣᠨᠳᠤᠬᠢ ᠡᠯᠧᠺᠲᠷᠤᠨ ᠡᠵᠡᠩᠨᠡᠯᠲᠡ ᠶᠢᠨ ᠦᠨᠡᠮᠯᠡᠯ ᠤᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠬᠤ ᠶᠢ ᠲᠦᠷᠭᠡᠨ ᠲᠤᠰᠬᠠᠬᠤ ᠨᠡᠪᠲᠡᠷᠡᠬᠦ ᠵᠠᠮ ᠵᠢᠴᠢ ᠣᠷᠣᠨ ᠪᠦᠰᠡ ᠠᠯᠤᠰᠯᠠᠭᠰᠠᠨ ᠲᠠᠩᠰᠠ ᠡᠪᠬᠡᠮᠡᠯ ᠢ ᠨᠡᠭᠦᠯᠭᠡᠨ ᠰᠢᠯᠵᠢᠭᠦᠯᠬᠦ ᠳᠤ ᠲᠥᠬᠦᠮ ᠦᠵᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ︔ ᠬᠤᠲᠠ ᠶᠢᠨ ᠪᠥᠭᠡᠮᠨᠡᠷᠡᠯ ᠤᠨ ᠬᠡᠪᠴᠢᠶᠡᠨ ᠳᠣᠲᠣᠷᠠᠬᠢ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠮᠡᠷᠭᠡᠵᠢᠯ ᠤᠨ ᠡᠬᠢ ᠪᠠᠶᠠᠯᠢᠭ ᠢ ᠬᠠᠮᠲᠤ ᠪᠠᠷ ᠭᠥᠷᠳᠡᠬᠦ ᠶᠢ ᠠᠬᠢᠭᠤᠯᠵᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠ ᠭᠡᠷᠡᠴᠢᠯᠡᠯ ᠤᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠪᠡᠶᠡᠯᠡᠭᠦᠯᠦᠨ᠎ᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ ᠶᠠᠰᠤ ᠴᠢᠨᠠᠷ ᠤᠨ ᠬᠥᠭᠵᠢᠯᠲᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ ᠲᠠᠸᠠᠷ ᠤᠨ ᠲᠡᠮᠳᠡᠭ ᠤᠨ ᠡᠷᠬᠡ ᠳᠤ ᠬᠠᠯᠳᠠᠬᠤ᠂ ᠬᠤᠳᠠᠯ ᠬᠠᠭᠤᠷᠮᠠᠭ ᠮᠠᠭᠤ ᠵᠡᠷᠭᠡ ᠬᠠᠤᠯᠢ ᠠᠴᠠ ᠵᠥᠷᠢᠴᠡᠭᠰᠡᠨ ᠬᠡᠷᠡᠭ ᠤᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠦᠨ᠎ᠡ︔ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠤᠨ ᠳᠠᠪᠠᠭᠤᠯᠢᠭ ᠢ ᠪᠠᠳᠠᠷᠠᠭᠤᠯᠵᠤ᠂ ᠢᠲᠡᠭᠡᠮᠵᠢ ᠶᠢᠨ ᠪᠠᠶᠢᠳᠠᠯ ᠢᠶᠠᠷ ᠨᠡᠯᠢᠶᠡᠳ ᠰᠠᠶᠢᠨ ᠡᠵᠡᠩᠨᠡᠯᠲᠡ ᠶᠢᠨ ᠭᠤᠣᠯ ᠴᠣᠭᠴᠠ ᠳᠤ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠨ᠎ᠡ︔ ︽ᠬᠠᠷ᠎ᠠ ᠳᠠᠩᠰᠠ︾ ᠶᠢ ᠬᠠᠮᠲᠤ ᠪᠠᠷ ᠬᠦᠷᠲᠡᠵᠦ᠂ ᠢᠲᠡᠭᠡᠮᠵᠢ ᠠᠯᠳᠠᠭᠰᠠᠨ ᠠᠵᠤ ᠠᠬᠤᠶᠢᠯᠠᠯ ᠢ ᠬᠠᠮᠲᠤᠷᠠᠨ ᠬᠦᠯᠢᠶᠡᠨ ᠠᠪᠬᠤ ᠶᠢ ᠴᠢᠩᠭᠠᠷᠠᠭᠤᠯᠤᠨ᠂ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠳᠡᠭᠡᠭᠰᠢᠯᠡᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠶᠢᠨ ᠢᠨᠵᠧᠨᠧᠷᠢᠩ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠎ᠠ ᠭᠡᠵᠡᠢ᠃      ᠳᠠᠷᠠᠭᠠᠴᠢ ᠶᠢᠨ ᠠᠯᠬᠤᠮ ᠳᠤ᠂ ᠡᠯ᠎ᠡ ᠬᠡᠯᠡᠯᠴᠡᠭᠡᠷ ᠲᠤᠭᠳᠠᠭᠰᠠᠨ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠨᠠᠷᠢᠨ ᠳᠠᠩᠰᠠ ᠶᠢ ᠠᠬᠢᠭᠤᠯᠤᠨ ᠨᠠᠶᠢᠳᠠᠪᠤᠷᠢᠵᠢᠭᠤᠯᠬᠤ᠂ ᠬᠠᠮᠲᠤᠷᠠᠭᠰᠠᠨ ᠬᠤᠷᠠᠯ ᠢᠶᠠᠷ ᠵᠥᠪᠳᠡᠯᠴᠡᠬᠦ᠂ ᠬᠤᠯᠪᠣᠭᠠᠯᠠᠨ ᠤᠬᠠᠭᠤᠯᠵᠤ ᠰᠢᠨ᠎ᠡ ᠶᠢ ᠡᠭᠦᠳᠬᠦ ︽ᠭᠤᠷᠪᠠᠨ ᠵᠦᠢᠯ ᠤᠨ ᠲᠣᠭᠲᠠᠴᠠ︾ ᠶᠢ ᠰᠦᠪᠡᠭᠴᠢᠯᠡᠨ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠰᠣᠯᠢᠯᠴᠠᠭ᠎ᠠ ᠶᠢ ᠥᠷᠨᠢᠭᠦᠯᠵᠦ᠂ ᠡᠯ᠎ᠡ ᠱᠠᠲᠤ ᠦᠶ᠎ᠡ ᠶᠢᠨ ᠬᠠᠮᠲᠤᠪᠠᠷ ᠠᠬᠢᠭᠤᠯᠬᠤ ᠴᠢᠬᠤᠯᠠᠲᠠᠢ ᠪᠣᠳᠠᠲᠠᠢ ᠵᠦᠢᠯᠡᠰ ᠢ ᠰᠤᠳᠤᠯᠤᠨ ᠶᠠᠷᠢᠯᠴᠠᠵᠤ᠂ ᠬᠤᠯᠪᠤᠭᠳᠠᠯ ᠪᠦᠬᠦᠢ ᠬᠠᠮᠲᠤᠷᠠᠯᠴᠠᠭᠠᠨ ᠤ ᠵᠦᠢᠯᠡᠰ ᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠠᠪᠠᠭᠤᠯᠢᠭ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠬᠤᠯᠪᠣᠭᠠᠯᠠᠨ ᠬᠥᠳᠡᠯᠦᠯᠴᠡᠵᠦ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠬᠢᠵᠠᠭᠠᠷᠯᠠᠬᠤ ᠪᠠᠶᠢᠭᠤᠯᠤᠯ ᠤᠨ ᠬᠠᠷᠰᠢ ᠰᠠᠭᠠᠳ ᠢ ᠰᠢᠪᠲᠤᠯᠬᠤ ᠪᠠᠷ ᠴᠢᠷᠮᠠᠶᠢᠵᠤ᠂ ᠨᠢᠭᠡᠳᠦᠯᠲᠡᠢ᠂ ᠡᠷᠬᠡ ᠲᠡᠭᠰᠢ᠂ ᠨᠡᠭᠡᠭᠡᠯᠲᠡᠲᠡᠢ᠂ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠥᠨᠳᠥᠷ ᠪᠦᠲᠦᠮᠵᠢᠲᠡᠶ ᠴᠢᠨᠠᠷ ᠰᠠᠶᠢᠲᠠᠢ ᠦᠢᠯᠡᠴᠢᠯᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号