ᠲᠠᠩ ᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/5/23
     5 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠤᠳᠠ ᠲᠣᠭᠤᠷᠢᠭ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠠᠩ ᠣᠷᠣᠯᠴᠠᠪᠠ᠃

     ᠲᠠᠩ ᠢ ᠤᠷᠢᠳ ᠬᠤᠵᠢᠳ ᠤᠳᠠ ᠲᠣᠭᠤᠷᠢᠭ ᠤᠨ ᠰᠢᠨ ᠳ᠋ᠡ ᠵᠡᠭᠡᠯᠢ ᠭᠤᠳᠤᠮᠵᠢ ᠶᠢᠨ ᠠᠢ ᠮᠢᠨ ᠵᠢᠶᠠ

ᠶᠤᠸᠠᠨ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠪᠢᠨ ᠬᠠᠢ ᠵᠡᠭᠡᠯᠢ

ᠭᠤᠳᠤᠮᠵᠢ ᠶᠢᠨ ᠿᠦᠢ ᠳ᠋ᠧ ᠰᠠᠭᠤᠭᠠᠯᠢ ᠲᠣᠭᠤᠷᠢᠭ ᠤᠨ ᠶᠡᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡᠨ ᠤ ᠲᠥᠪ ᠲᠤ ᠬᠦᠷᠴᠦ᠂ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠭᠰᠡᠨ

ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠨᠢ ᠨᠠᠷᠢᠨ ᠣᠶᠢᠯᠠᠭᠠᠵᠤ᠂ ᠵᠡᠭᠡᠯᠢ ᠭᠤᠳᠤᠮᠵᠢ ᠨᠡᠶᠢᠭᠡᠮ

ᠲᠣᠭᠤᠷᠢᠭ ᠤᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ᠂ ᠡᠬᠡ ᠲᠠᠩᠰᠠ ᠶᠢᠨ ᠮᠡᠳᠡᠭᠦᠯᠦᠯᠲᠡ ᠶᠢᠨ

ᠬᠦᠰᠦᠨᠦᠭᠲᠦ ᠶᠢ ᠵᠢᠷᠤᠮᠵᠢᠭᠤᠯᠤᠨ ᠴᠤᠮᠬᠠᠳᠬᠠᠭᠰᠠᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠪᠠ᠃ ᠲᠡᠷᠡ

ᠬᠡᠯᠡᠭᠰᠡᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ᠬᠡᠯᠪᠡᠷᠢᠴᠢ ᠦᠵᠡᠯ ᠢ

ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ

ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠡᠨᠡ ᠭᠤᠷᠪᠠᠨ ᠵᠦᠢᠯ ᠤᠨ ᠠᠵᠢᠯ ᠨᠢ

ᠭᠠᠭᠴᠠᠭᠠᠷᠳᠠᠮᠠᠯ ᠪᠢᠰᠢ᠂ ᠬᠠᠷᠢᠨ ᠳᠣᠲᠣᠭᠠᠳᠤ ᠬᠤᠯᠪᠣᠭ᠎ᠠ ᠲᠠᠢ᠂ ᠬᠠᠷᠢᠯᠴᠠᠨ ᠨᠥᠯᠥᠭᠡ ᠲᠠᠢ ᠶᠤᠮ᠃ ᠡᠨᠡ ᠭᠤᠷᠪᠠᠨ

ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ ᠳᠤᠷᠠᠳᠤᠭᠰᠠᠨ ᠪᠠᠶᠢᠷᠢᠯᠠᠭᠤᠯᠤᠯᠲᠠ ᠱᠠᠭᠠᠷᠳᠠᠯᠭ᠎ᠠ

ᠪᠣᠯᠤᠨ᠎ᠠ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ

ᠪᠠᠶᠢᠭᠤᠯᠤᠨ ᠠᠬᠢᠭᠤᠯᠵᠤ᠂ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠢᠴᠡᠳ

ᠪᠠᠳᠠᠷᠠᠭᠤᠯᠵᠤ᠂ ᠣᠳᠠ ᠲᠤᠭᠤᠷᠢᠭ ᠲᠤᠷᠰᠢᠯᠲᠠ ᠶᠢᠨ ᠴᠢᠭ ᠪᠤᠯᠤᠭᠰᠠᠨ ᠤ ᠬᠤᠪᠢ ᠳᠤ᠂ ᠠᠵᠢᠯ ᠢᠶᠠᠨ ᠨᠠᠷᠢᠨ

ᠬᠢᠨᠠᠮᠠᠭᠠᠢ ᠥᠷᠨᠢᠭᠦᠯᠵᠦ᠂ ᠭᠤᠷᠪᠠᠨ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠰᠠᠶᠢᠨ ᠲᠤᠷᠰᠢᠯᠭ᠎ᠠ

ᠰᠠᠶᠢᠨ ᠠᠷᠭ᠎ᠠ ᠬᠢᠳᠡᠯ ᠢ ᠢᠳᠡᠪᠬᠢᠲᠡᠢ ᠰᠦᠪᠡᠭᠴᠢᠯᠡᠵᠦ᠂ ᠳᠡᠯᠭᠡᠷᠡᠭᠦᠯᠵᠦ ᠪᠣᠯᠬᠤ ᠬᠠᠭᠤᠯᠪᠤᠷᠢᠯᠠᠵᠤ ᠪᠣᠯᠬᠤ ᠲᠦᠷᠢᠮ

ᠲᠣᠭᠲᠠᠴᠠ ᠶᠢ ᠪᠠᠲᠤᠳᠬᠠᠨ ᠪᠦᠷᠢᠯᠳᠦᠭᠦᠯᠬᠦ ᠬᠡᠷᠡᠭᠲᠡᠢ᠃ ᠦᠨᠡᠨ ᠠᠴᠠ ᠵᠥᠪ ᠢ ᠡᠷᠢᠬᠦ ᠶᠢ ᠴᠢᠬᠤᠯᠠᠴᠢᠯᠠᠵᠤ᠂

ᠰᠢᠨ᠎ᠡ ᠶᠢ ᠡᠭᠦᠳᠬᠦ ᠶᠢᠨ ᠲᠥᠯᠥᠭᠡ ᠰᠢᠨ᠎ᠡ ᠶᠢ ᠡᠭᠦᠳᠴᠦ᠂ ᠬᠡᠯᠪᠡᠷᠢᠴᠢ ᠦᠵᠡᠯ ᠢ ᠴᠢᠬᠤᠯᠠᠴᠢᠯᠠᠵᠤ᠂ ᠠᠵᠢᠯ ᠤᠨ

ᠳᠠᠷᠤᠭᠠᠰᠤ ᠶᠢ ᠨᠡᠮᠡᠭᠳᠡᠭᠦᠯᠵᠤ ᠪᠣᠯᠬᠤ ᠦᠭᠡᠢ᠃ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ

ᠲᠣᠭᠤᠷᠢᠭ︶ ᠤ ᠦᠢᠯᠡᠴᠢᠯᠡᠭᠡ᠂ ᠲᠣᠮᠢᠯᠠᠨ ᠰᠠᠭᠤᠯᠭᠠᠬᠤ᠂ ᠳᠠᠭᠠᠭᠠᠴᠢᠯᠠᠨ ᠬᠤᠯᠪᠣᠭᠠᠯᠠᠬᠤ᠂ ᠲᠣᠣᠷ ᠰᠦᠯᠵᠢᠶ᠎ᠡ ᠵᠡᠷᠭᠡ

ᠬᠥᠮᠥᠰ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠲᠣᠰ ᠲᠣᠰ ᠤᠨ ᠶᠠᠭᠤ ᠬᠢᠬᠦ ᠬᠡᠰᠡᠨ ᠢᠶᠠᠨ ᠲᠣᠳᠣᠷᠬᠠᠶᠢᠯᠠᠨ᠂

ᠠᠵᠢᠯᠯᠠᠭᠠᠨ ᠨᠢ ᠥᠨᠳᠥᠷ ᠪᠦᠲᠦᠮᠵᠢᠲᠡᠶ᠂ ᠳᠦᠷᠢᠮᠵᠢᠭᠰᠡᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ

ᠪᠠᠶᠢᠭᠤᠯᠬᠤ ᠬᠡᠷᠡᠭᠲᠡᠢ᠃ ᠲᠤᠰᠢᠶᠠᠯ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠵᠤ᠂ ᠵᠡᠭᠡᠯᠢ ᠭᠤᠳᠤᠮᠵᠢ᠂

ᠨᠡᠶᠢᠭᠡᠮ ᠲᠣᠭᠤᠷᠢᠭ ᠤᠨ ᠳᠠᠭᠠᠭᠠᠨ ᠠᠪᠬᠤ ᠦᠢᠯᠡᠰ ᠢ ᠤᠯᠠᠮ ᠨᠢᠭᠡ ᠠᠯᠬᠤᠮ ᠡᠮᠬᠢᠯᠡᠨ ᠵᠢᠷᠤᠮᠵᠢᠭᠤᠯᠵᠤ᠂ ᠠᠵᠢᠯ ᠤᠨ

ᠨᠠᠷᠢᠨ ᠬᠠᠭᠤᠳᠠᠰᠤ ᠶᠢ ᠪᠦᠷᠢᠯᠳᠦᠭᠦᠯᠦᠨ᠂ ᠰᠢᠢᠳᠪᠦᠷᠢᠯᠡᠬᠦ ᠵᠦᠢᠯᠡᠰ ᠢᠶᠠᠨ ᠬᠢᠨᠠᠮᠠᠭᠠᠶ ᠵᠠᠳᠠᠯᠵᠤ᠂ ᠠᠵᠢᠯ ᠤᠨ

ᠬᠦᠴᠦᠨ ᠢᠶᠠᠨ ᠵᠦᠶ ᠵᠣᠬᠢᠰᠲᠠᠶ ᠬᠤᠪᠢᠶᠠᠷᠢᠯᠠᠨ᠂ ᠦᠨᠳᠦᠰᠦᠨ ᠱᠠᠲᠤᠨ ᠤ ᠺᠠᠳ᠋ᠷ ᠢ ᠬᠦᠰᠦᠨᠦᠭᠲᠦ ᠲᠠᠭᠯᠠᠬᠤ᠂ ᠲᠤᠭ᠎ᠠ

ᠪᠠᠷᠢᠮᠲᠠ ᠮᠡᠳᠡᠭᠦᠯᠬᠦ ᠵᠡᠷᠭᠡ ᠶᠠᠷᠰᠢᠭ ᠲᠦᠪᠡᠭᠲᠡᠶ ᠬᠡᠷᠡᠭ ᠶᠠᠪᠤᠳᠠᠯ ᠠᠴᠠ ᠴᠢᠯᠤᠭᠡᠯᠡᠬᠦ ᠪᠠᠷ ᠪᠠᠷᠠᠬᠤ ᠥᠬᠡᠶ᠂ ᠪᠠᠰᠠ

ᠦᠨᠳᠦᠰᠦᠨ ᠱᠠᠲᠤᠨ ᠤ ᠺᠠᠳ᠋ᠷᠴᠤᠳ ᠲᠤ ᠳᠠᠷᠤᠭᠠᠰᠤ ᠶᠢ ᠨᠢ ᠬᠥᠩᠭᠡᠷᠡᠭᠦᠯᠦᠭᠰᠡᠨ ᠤ ᠳᠠᠷᠠᠭ᠎ᠠ ︽ᠶᠠᠭᠤ ᠬᠢᠬᠦ᠂

ᠶᠠᠭᠠᠬᠢᠵᠤ ᠬᠢᠬᠦ︾ ᠶᠢ ᠮᠡᠳᠡᠭᠦᠯᠵᠦ᠂ ᠨᠠᠩ ᠣᠯᠠᠨ ᠴᠠᠭ ᠪᠠ ᠣᠶᠤᠨ ᠴᠢᠳᠠᠯ ᠢᠶᠠᠨ ᠣᠯᠠᠨ ᠲᠦᠮᠡᠨ ᠳᠤ ᠪᠣᠳᠠᠲᠤ

ᠶᠠᠪᠤᠳᠠᠯ ᠬᠢᠵᠦ ᠥᠭᠬᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠬᠦ ᠳᠡᠭᠡᠷ᠎ᠡ ᠲᠠᠯᠪᠢᠭᠤᠯᠬᠤ ᠬᠡᠷᠡᠭᠲᠡᠶ᠃ ᠤᠯᠠᠨ

ᠲᠦᠮᠡᠨ ᠳᠤ ᠦᠢᠯᠡᠴᠢᠯᠡᠬᠦ ᠪᠣᠯ ᠤᠯᠠᠨ ᠡᠷᠦᠭᠡ ᠳᠤ ᠬᠦᠷᠴᠦ ᠪᠠᠶᠢᠳᠠᠯ ᠢ ᠨᠢ ᠣᠶᠢᠯᠠᠭᠠᠵᠤ᠂ ᠪᠠᠶᠢᠴᠠᠭᠠᠯᠲᠠ ᠬᠢᠬᠦ

ᠶᠠᠪᠤᠳᠠᠯ ᠪᠢᠰᠢ᠂ ᠤᠯᠠᠨ ᠲᠦᠮᠡᠨ ᠳᠤ ᠦᠢᠯᠡᠴᠢᠯᠡᠬᠦ ︽ᠬᠦᠴᠦᠯᠡᠬᠦ‍ ᠴᠢᠭ︾ ᠢᠶᠠᠨ ᠣᠨᠣᠪᠴᠢᠲᠠᠢ ᠡᠷᠢᠨ ᠣᠯᠵᠤ᠂

ᠬᠡᠷᠡᠭᠴᠡᠭᠡ ᠱᠠᠭᠠᠷᠳᠠᠯᠭ᠎ᠠ ᠲᠠᠢ ᠪᠣᠯ ᠵᠠᠪᠠᠯ ᠰᠢᠢᠳᠪᠦᠷᠢᠯᠡᠵᠦ᠂ ᠶᠠᠪᠤᠳᠠᠯ ᠦᠭᠡᠢ ᠪᠣᠯ ᠬᠠᠷᠰᠢᠯᠠᠬᠤ ᠦᠭᠡᠢ ᠪᠠᠶᠢᠬᠤ ᠶᠢ

ᠪᠡᠶᠡᠯᠡᠬᠦᠯᠵᠦ᠂ ᠤᠯᠠᠨ ᠲᠦᠮᠡᠨ ᠳᠤ ᠲᠠᠭᠠᠯᠠᠮᠵᠢᠲᠠᠢ ᠪᠥᠭᠡᠳ ᠳᠥᠭᠦᠮ ᠲᠦᠳᠡ ᠣᠷᠴᠢᠨ ᠲᠤᠭᠤᠷᠢᠨ ᠢ ᠡᠭᠦᠳᠴᠦ

ᠦᠭᠬᠦ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号