ᠲᠠᠩ ᠢ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/5/23
     5 ᠰᠠᠷ᠎ᠠ ᠶᠢᠨ 22 ᠤᠨ ᠡᠳᠦᠷ᠂ ᠰᠢ ᠶᠢᠨ ᠫᠢᠩ ᠶᠡᠷᠦᠩᠬᠡᠢ ᠱᠦᠵᠢ ᠶᠢᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ ᠬᠡᠷᠡᠭᠳᠡᠢ︾ ᠭᠡᠬᠦ ᠴᠢᠬᠤᠯᠠ ᠵᠢᠭᠠᠪᠤᠷᠢ ᠭᠠᠷᠭᠠᠭᠰᠠᠨ 4 ᠵᠢᠯ ᠤᠨ ᠤᠢ ᠶᠢᠨ ᠲᠠᠰᠢᠷᠠᠮ ᠢᠶᠠᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠲᠣᠭᠤᠷᠢᠨ ᠳᠤ ᠤᠳᠠ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃

     ᠲᠠᠩ ᠢ ᠤᠷᠢᠳ ᠬᠤᠵᠢᠳ ᠡᠦ ᠬᠤ᠋ ᠱᠠᠨ ᠠᠭᠤᠷᠬᠠᠢ ᠶᠢᠨ ᠬᠤᠳᠳᠤᠭ ᠤᠨ ᠡᠮᠦᠨᠡᠳᠡᠬᠢ ᠮᠠᠯᠲᠠᠵᠤ

ᠬᠥᠨᠳᠡᠶᠢᠷᠡᠭᠦᠯᠦᠭᠰᠡᠨ ᠣᠷᠣᠨ ᠤ ᠭᠠᠯ ᠤᠨ ᠴᠢᠭ ᠤᠨ ᠥᠪᠡᠰᠦᠪᠡᠨ ᠨᠤᠴᠣᠬᠤ ᠶᠢ ᠶᠡᠷᠦᠩᠬᠡᠶᠢᠯᠡᠨ ᠵᠠᠰᠠᠬᠤ ᠲᠦᠷᠦᠯ

ᠵᠦᠢᠯ᠂ ᠰᠣᠬᠠᠶᠢᠲᠤ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠮᠰᠢᠭ ᠢ ᠵᠠᠰᠠᠬᠤ ᠲᠦᠷᠦᠯ ᠵᠦᠢᠯ ᠤᠨ

ᠲᠤᠬᠠᠢ ᠶᠢᠨ ᠲᠠᠯᠠᠪᠠᠢ ᠳᠤ ᠬᠦᠷᠴᠦ᠂ ᠭᠠᠯ ᠤᠨ ᠴᠢᠭ ᠤᠨ ᠵᠠᠰᠠᠯᠲᠠ᠂ ᠠᠮᠢ ᠠᠬᠤᠢ ᠶᠢᠨ ᠰᠡᠷᠭᠦᠭᠡᠯᠲᠡ ᠵᠡᠷᠭᠡ

ᠠᠵᠢᠯ ᠤᠨ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠰᠢ ᠶᠢᠨ ᠫᠢᠩ

ᠶᠡᠷᠦᠩᠬᠡᠢ ᠱᠦᠵᠢ ᠴᠢᠬᠤᠯᠠ ᠵᠢᠭᠠᠪᠤᠷᠢ ᠭᠠᠷᠭᠠᠭᠰᠠᠨ ᠠᠴᠠ ᠨᠠᠰᠢ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠶᠢᠨ

ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ

ᠡᠭᠦᠷᠭᠡᠯᠡᠵᠦ᠂ ᠢᠮᠠᠭᠲᠠ ᠬᠡᠭᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠡᠪᠦᠷᠯᠡᠵᠦ᠂ ᠶᠡᠷᠦᠩᠬᠡᠢ

ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠠᠵᠢᠯ ᠤᠨ ᠵᠢᠷᠤᠮᠯᠠᠯ ᠪᠣᠯᠭᠠᠵᠤ᠂ ᠰᠢᠰᠲ᠋ᠧᠮ ᠲᠠᠢ ᠵᠠᠰᠠᠬᠤ᠂

ᠶᠡᠷᠦᠩᠬᠡᠶᠢᠯᠡᠨ ᠵᠠᠰᠠᠬᠤ᠂ ᠲᠦᠢᠯᠪᠤᠷᠢᠲᠠᠢ ᠵᠠᠰᠠᠬᠤ ᠶᠢ ᠪᠠᠷᠢᠮᠲᠠᠯᠠᠵᠤ᠂ ᠠᠭᠤᠷᠬᠠᠢ᠂ ᠠᠵᠤ ᠠᠬᠤᠶᠢᠯᠠᠯ᠂ ᠤᠰᠤ᠂ ᠲᠡᠷᠭᠡ᠂

ᠵᠠᠮ᠂ ᠬᠡᠢ᠂ ᠲᠠᠯᠠᠪᠠᠢ ︽ᠳᠤᠯᠤᠭ᠎ᠠ ᠶᠢ ᠵᠠᠰᠠᠬᠤ︾ ᠠᠷᠭ᠎ᠠ ᠬᠡᠮᠵᠢᠶ᠎ᠡ ᠶᠢ ᠨᠢᠭᠡ ᠴᠤᠭᠴᠠᠵᠢᠭᠤᠯᠤᠨ ᠠᠬᠢᠭᠤᠯᠵᠤ᠂ ᠠᠮᠢ

ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂

ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ

ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ

ᠰᠠᠨᠠᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠢ

ᠢᠯᠡᠳᠲᠡ ᠰᠠᠶᠢᠵᠢᠷᠠᠭᠤᠯᠬᠤ ᠶᠢ ᠠᠬᠢᠭᠤᠯᠪᠡ᠃ ᠡᠭᠦᠨ ᠤ ᠬᠠᠮᠲᠤ ᠠᠵᠢᠯ ᠤᠨ ᠳᠤᠮᠳᠠ ᠪᠠᠰᠠ ᠴᠥᠭᠡᠨ ᠪᠤᠰᠤ

ᠵᠥᠷᠢᠶ᠎ᠡ ᠪᠠ ᠳᠤᠲᠠᠭᠤᠳᠠᠯ ᠣᠷᠣᠰᠢᠵᠤ᠂ ᠠᠮᠢ ᠠᠬᠤᠢ ᠣᠷᠴᠢᠨ ᠲᠣᠭᠤᠷᠢᠨ ᠢ ᠵᠠᠰᠠᠬᠤ ᠡᠭᠦᠷᠭᠡ ᠮᠥᠨ ᠬᠦ

ᠲᠦᠢᠯ ᠤᠨ ᠪᠡᠷᠬᠡ ᠬᠠᠲᠠᠭᠤᠵᠢᠯᠲᠠᠢ ᠪᠠᠶᠢᠬᠤ ᠶᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠢ᠃ ᠡᠯ᠎ᠡ ᠱᠠᠳᠤ ᠡᠯ᠎ᠡ

ᠰᠠᠯᠠᠭ᠎ᠠ ᠮᠥᠴᠢᠷ ᠤᠨ ᠬᠢᠨ ᠬᠠᠷᠠᠯᠲᠠ ᠡᠭᠦᠷᠭᠡ ᠪᠠᠨ ᠪᠠᠲᠤ ᠡᠵᠡᠮᠳᠡᠵᠦ᠂ ᠡᠷᠴᠢ ᠵᠣᠷᠢᠭ ᠢᠶᠠᠨ ᠭᠦᠢᠴᠡᠳ

ᠪᠠᠳᠠᠷᠠᠭᠤᠯᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠵᠣᠭᠰᠣᠬᠤ ᠦᠭᠡᠢ ᠭᠡᠰᠡᠨ ᠡᠷᠴᠢ ᠵᠣᠷᠢᠭ ᠢᠶᠠᠨ ᠬᠦᠪᠴᠢᠯᠡᠵᠦ᠂

ᠨᠡᠩ ᠥᠨᠳᠥᠷ ᠱᠠᠭᠠᠷᠳᠠᠯᠭ᠎ᠠ᠂ ᠨᠡᠩ ᠴᠢᠩᠭ᠎ᠠ ᠪᠠᠷᠢᠮᠵᠢᠶ᠎ᠠ᠂ ᠨᠡᠩ ᠪᠣᠳᠠᠲᠠᠢ ᠰᠤᠷᠲᠠᠯ ᠢᠶᠠᠷ ᠡᠯ᠎ᠡ ᠵᠦᠢᠯ ᠤᠨ

ᠠᠵᠢᠯ ᠢᠶᠠᠨ ᠪᠣᠳᠠᠲᠠᠢ ᠠᠳᠬᠤᠵᠤ᠂ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠢ ᠦᠩᠭᠡᠨ ᠲᠠᠯ᠎ᠠ ᠶᠢ ᠨᠢ

ᠵᠠᠰᠠᠵᠤ ᠦᠩᠭᠡᠨ ᠲᠠᠯ᠎ᠠ ᠶᠢ ᠨᠢ ᠵᠠᠰᠠᠵᠤ ᠪᠠᠶᠢᠭᠰᠠᠨ ᠠᠴᠠ ᠦᠨᠳᠦᠰᠦ ᠠᠴᠠ ᠨᠢ ᠵᠠᠰᠠᠬᠤ ᠲᠡᠰᠢ ᠬᠤᠪᠢᠷᠠᠭᠤᠯᠬᠤ ᠶᠢ

ᠪᠦᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ

ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠨᠡᠩ ᠤᠯᠠᠨ ᠦᠬᠠᠢ ᠶᠢᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃

ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ

ᠬᠤᠯᠪᠣᠭᠠᠯᠠᠨ ᠵᠠᠰᠠᠬᠤ ᠲᠣᠭᠲᠠᠴᠠ ᠶᠢ ᠭᠦᠨᠵᠡᠭᠡᠶᠢᠷᠡᠭᠦᠯᠵᠦ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ

ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠪᠠᠨ ᠴᠢᠩᠭᠠᠳᠬᠠᠵᠤ᠂ ᠪᠣᠬᠢᠷᠲᠤᠯ ᠢ ᠬᠠᠮᠵᠢᠯᠴᠠᠨ ᠵᠠᠰᠠᠬᠤ ᠬᠠᠮᠲᠤᠷᠠᠯ

 ᠤᠨ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ

ᠰᠠᠶᠢᠵᠢᠷᠠᠭᠤᠯᠬᠤ ᠠᠵᠢᠯ ᠢᠶᠠᠨ ᠦᠨᠡᠨ ᠬᠦ ᠰᠠᠶᠢᠲᠤᠷ ᠠᠳᠬᠤᠵᠤ᠂ ᠢᠯᠠᠩᠭᠤᠶ᠎ᠠ ᠤᠯᠤᠰ᠂ ᠥᠪᠡᠷᠲᠡᠭᠡᠨ ᠵᠠᠰᠠᠬᠤ

ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ

ᠰᠡᠷᠡᠮᠵᠢᠯᠡᠭᠦᠯᠬᠦ ᠹᠢᠯᠢᠮ ᠢᠶᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠭᠦᠨᠵᠡᠭᠡᠶ ᠲᠤᠩᠭᠠᠨ

ᠪᠣᠳᠣᠯᠬᠢᠯᠠᠵᠤ᠂ ᠦᠨᠳᠦᠰᠦ ᠰᠤᠷᠪᠤᠯᠵᠢ ᠶᠢ ᠨᠢ ᠭᠦᠨ ᠠᠭᠤᠳᠠᠯᠵᠤ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂

ᠠᠰᠠᠭᠤᠳᠠᠯ ᠢ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ᠂ ᠪᠣᠳᠠᠲᠠᠶ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂

ᠠᠰᠠᠭᠤᠳᠠᠯ ᠢ ᠳᠠᠬᠢᠨ ᠳᠠᠪᠲᠠᠨ ᠴᠡᠭᠴᠡᠯᠡᠨ ᠰᠠᠶᠢᠵᠢᠷᠠᠭᠤᠯᠬᠤ᠂ ᠠᠰᠠᠭᠤᠳᠠᠯ ᠳᠠᠬᠢᠨ ᠳᠠᠪᠲᠠᠨ ᠭᠠᠷᠬᠤ ᠶᠢ ᠡᠷᠡᠰ

ᠬᠤᠷᠢᠭᠯᠠᠬᠤ ᠬᠡᠷᠡᠭᠲᠡᠶ᠃ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠪᠠᠷᠢᠮᠵᠢᠶ᠎ᠠ ᠪᠠᠨ ᠳᠡᠭᠡᠭᠰᠢᠯᠡᠭᠦᠯᠵᠦ᠂

ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ

ᠪᠠᠷᠢᠮᠵᠢᠶ᠎ᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠥᠪᠡᠰᠦᠪᠡᠨ ᠨᠤᠴᠤᠬᠤ ᠴᠢᠭ ᠢ ᠵᠠᠰᠠᠬᠤ᠂ ᠠᠭᠤᠷᠬᠠᠢ ᠶᠢᠨ ᠠᠮᠢ

ᠠᠬᠤᠢ ᠶᠢ ᠰᠡᠷᠭᠦᠭᠡᠬᠦ ᠵᠡᠷᠭᠡ ᠠᠵᠢᠯ ᠢᠶᠠᠨ ᠰᠠᠶᠢᠲᠤᠷ ᠬᠢᠬᠦ ᠶᠢ ᠱᠠᠯᠠᠪᠳᠠᠭᠤᠯᠵᠤ᠂ ᠵᠠᠰᠠᠯᠲᠠ ᠶᠢᠨ ᠦᠷ᠎ᠡ

ᠪᠦᠲᠦᠮᠵᠢ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠡᠢ᠃

     ᠲᠠᠩ ᠢ ᠪᠠᠰᠠ ᠨᠡᠭᠦᠷᠡᠰᠦᠨ ᠤ ᠪᠠᠶᠢᠴᠠᠭᠠᠯᠲᠠ ᠶᠢᠨ ᠦᠷᠳᠡᠭᠡ ᠳᠤ ᠬᠦᠷᠴᠦ ᠵᠠᠮ ᠤᠨ ᠲᠣᠭᠤᠰᠣᠨ ᠤ

ᠵᠠᠰᠠᠯᠲᠠ ᠵᠡᠷᠭᠡ ᠪᠠᠶᠢᠳᠠᠯ ᠢ ᠨᠢ ᠪᠠᠶᠢᠴᠠᠭᠠᠨ ᠦᠵᠡᠪᠡ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号