ᠼᠦᠢ ᠵᠢᠩ ᠶᠢᠩ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/5/24
     5 ᠰᠠᠷ᠎ᠠ ᠶᠢᠨ 23 ᠤ ᠡᠳᠦᠷ᠂ ᠰᠢ ᠶᠢᠨ ᠫᠢᠩ ᠶᠡᠷᠦᠩᠬᠡᠢ ᠱᠦᠵᠢ ᠶᠢᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ ᠬᠡᠷᠡᠭᠳᠡᠢ︾ ᠬᠡᠭᠦ ᠴᠢᠬᠤᠯᠠ ᠵᠢᠭᠠᠪᠤᠷᠢ ᠭᠠᠷᠭᠠᠭᠰᠠᠨ 4 ᠵᠢᠯ ᠤᠨ ᠤᠢ ᠶᠢᠨ ᠲᠠᠰᠢᠷᠠᠮ ᠢᠶᠠᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠤᠬᠤᠢ ᠲᠣᠭᠤᠷᠢᠭ ᠲᠤ ᠬᠦᠷᠴᠦ᠂ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ ᠣᠷᠣᠯᠴᠠᠪᠠ᠃

     ᠼᠦᠢ ᠵᠢᠩ ᠶᠢᠩ ᠨᠡᠷ ᠤᠷᠢᠳ ᠬᠤᠵᠢᠳ ᠸᠠᠨ ᠴᠢ ᠵᠢᠩ ᠬᠤᠸᠠ ᠨᠡᠭᠦᠷᠡᠰᠦᠨ ᠠᠭᠤᠷᠬᠠᠢ᠂ ᠬᠠᠶᠢᠷᠤᠪ ᠤᠨ

ᠲᠤᠬᠤᠢ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢ ᠰᠢᠩᠭᠡᠭᠡᠬᠦ ᠲᠠᠯᠠᠪᠠᠢ᠂ ᠤᠰᠤ ᠲᠠᠲᠠᠵᠤ ᠡᠨᠧᠷᠭᠢ

ᠬᠠᠳᠠᠭᠠᠯᠠᠬᠤ ᠴᠠᠬᠢᠯᠭᠠᠨ ᠦᠷᠳᠡᠭᠡ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠲᠣᠭᠤᠰᠣ ᠰᠢᠷᠣᠢ ᠶᠢ ᠬᠠᠮᠢᠶᠠᠷᠤᠨ ᠡᠵᠡᠮᠳᠡᠭᠰᠡᠨ᠂

ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠣᠶᠢᠯᠠᠭᠠᠪᠠ᠃

     ᠼᠦᠢ ᠵᠢᠩ ᠶᠢᠩ ᠬᠡᠯᠡᠭᠰᠡᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ

ᠭᠦᠨᠵᠡᠭᠡᠢ ᠲᠤᠤᠱᠯᠠᠭᠤᠯᠵᠤ᠂ ︽ᠬᠦᠭᠡ ᠠᠭᠤᠯᠠ ᠬᠥᠬᠡᠮᠳᠦᠭ ᠤᠰᠤ ᠪᠣᠯ ᠲᠠᠷᠣᠢ ᠠᠯᠳᠠ ᠮᠥᠩᠭᠦᠨ ᠠᠭᠤᠯᠠ ᠮᠥᠨ︾

ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ᠂ ᠣᠳᠣᠬᠠᠨ ᠤ ᠪᠠ ᠠᠯᠤᠰ

ᠬᠡᠳᠤ᠂ ᠬᠥᠭᠵᠢᠯᠲᠡ ᠪᠣᠯᠤᠨ ᠠᠮᠤᠷ ᠲᠦᠪᠰᠢᠨ ᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ

ᠰᠢᠢᠳᠪᠦᠷᠢᠯᠡᠵᠦ᠂ ︽ᠳᠤᠯᠤᠭ᠎ᠠ ᠶᠢ ᠵᠠᠰᠠᠬᠤ︾ ᠠᠷᠭ᠎ᠠ ᠬᠡᠮᠵᠢᠶ᠎ᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂

ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ

ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠩ ᠶᠡᠭᠡ ᠡᠷᠴᠢᠮ ᠢᠶᠠᠷ ᠠᠮᠢ ᠠᠬᠤᠢ ᠣᠷᠴᠢᠨ ᠲᠣᠭᠤᠷᠢᠨ ᠤ

ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠵᠤ᠂ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠤ

ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ

ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ

ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠥᠪ ᠤᠨ ᠪᠠ ᠥᠪᠡᠷᠲᠡᠭᠡᠨ

ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ

ᠰᠠᠨᠠᠯ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ

ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠤᠨ ᠰᠡᠷᠡᠮᠵᠢ ᠶᠢᠨ ᠹᠢᠯᠢᠮ ᠳᠤ

ᠵᠢᠭᠠᠵᠤ ᠭᠠᠷᠭᠠᠭᠰᠠᠨ ᠠᠰᠠᠭᠤᠳᠠᠯ ᠢ ᠴᠢᠩᠭ᠎ᠠ ᠠᠩᠬᠠᠷᠴᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂

ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ ᠠᠭᠤᠷᠬᠠᠶ ᠶᠢ ᠵᠠᠰᠠᠬᠤ᠂ ᠲᠣᠭᠤᠰᠣ ᠶᠢ ᠵᠠᠰᠠᠬᠤ ᠵᠡᠷᠭᠡ ᠠᠵᠢᠯ

 ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠱᠠᠭᠠᠷᠳᠠᠯᠭ᠎ᠠ ᠶᠣᠰᠣᠭᠠᠷ᠂ ᠴᠠᠭ ᠬᠤᠭᠤᠴᠠᠭ᠎ᠠ᠂ ᠪᠠᠷᠢᠮᠵᠢᠶ᠎ᠠ ᠶᠣᠰᠣᠭᠠᠷ

ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠬᠤᠭ ᠨᠣᠪᠰᠢ ᠶᠢ ᠵᠢᠷᠤᠮᠵᠢᠭᠤᠯᠤᠨ

ᠬᠠᠮᠢᠶᠠᠷᠬᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠷᠢᠯᠭ᠎ᠠ ᠶᠢᠨ ᠬᠤᠭ ᠨᠣᠪᠰᠢ

ᠭᠠᠷᠬᠤ ᠠᠴᠠ ᠠᠪᠤᠭᠠᠳ ᠰᠢᠩᠭᠡᠭᠡᠬᠦ ᠬᠦᠷᠲᠡᠯᠡᠬᠢ ᠪᠥᠬᠦ ᠶᠠᠪᠤᠴᠠ ᠶᠢᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ

ᠠᠩᠬᠠᠷᠴᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠂ ᠪᠠᠷᠢᠯᠭ᠎ᠠ ᠶᠢᠨ ᠬᠤᠭ ᠨᠣᠪᠰᠢ ᠶᠢ

ᠬᠠᠤᠯᠢ ᠲᠣᠭᠲᠠᠭᠠᠯ ᠠᠴᠠ ᠵᠥᠷᠢᠴᠡᠨ ᠴᠢᠳᠬᠤᠬᠤ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠶ᠃ ︽ᠭᠤᠷᠪᠠ ᠶᠢ

ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠶᠢ ᠪᠠᠷᠢᠮᠲᠠᠯᠠᠵᠤ᠂ ᠨᠠᠮ ᠵᠠᠰᠠᠭ ᠤᠨ ᠤᠳᠤᠷᠢᠳᠬᠤ ᠬᠠᠷᠢᠭᠤᠴᠠᠯᠭ᠎ᠠ᠂

ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ

ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ

ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ

ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号