ᠼᠦᠢ ᠵᠢᠩ ᠶᠢᠩ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/5/24
     5 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠳᠡᠳ᠋ ᠳᠠᠷᠤᠭ᠎ᠠ ᠵᠠᠩ ᠮᠢᠩ ᠮᠢᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃

     ᠼᠦᠢ ᠵᠢᠩ ᠶᠢᠩ ᠨᠡᠷ ᠤᠷᠢᠳ ᠬᠤᠵᠢᠳ ᠬᠤᠳᠠ ᠶᠢᠨ ᠠᠶᠠᠨᠴᠢᠳ ᠤᠨ ᠲᠡᠭᠡᠭᠡᠪᠦᠷᠢ ᠶᠢᠨ ᠬᠦᠢᠰᠦ

ᠦᠷᠳᠡᠭᠡ᠂ ᠠᠯᠳᠠᠨ ᠰᠢᠷᠭᠠᠯ ᠡᠯᠡᠰᠦᠨ ᠲᠤᠬᠤᠢ ᠶᠢᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ

ᠣᠷᠣᠨ ᠳᠤ ᠬᠦᠷᠴᠦ᠂ ︽ᠳᠤᠮᠳᠠᠳᠤ ᠤᠯᠤᠰ ᠤᠨ ᠡᠯᠡᠰᠦᠨ ᠴᠦᠯ ᠤᠨ ᠬᠡᠭᠡᠷ᠎ᠡ ᠪᠠᠭᠤᠳᠠᠯᠯᠠᠬᠤ ᠭᠠᠵᠠᠷ︾ ᠤᠨ ᠲᠦᠷᠦᠯ

ᠵᠦᠢᠯ ᠤᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ ᠡᠵᠡᠩᠨᠡᠯᠲᠡ ᠵᠢᠴᠢ ᠦᠵᠡᠮᠵᠢ ᠶᠢᠨ ᠣᠷᠣᠨ ᠤ

ᠡᠵᠡᠩᠨᠡᠯᠲᠡ ᠶᠢᠨ ᠬᠡᠯᠪᠡᠷᠢ ᠶᠢᠨ ᠪᠠᠶᠢᠷᠢᠰᠢᠭᠤᠯᠤᠯᠲᠠ᠂ ᠲᠦᠷᠦᠯ ᠲᠡᠮᠳᠡᠭ ᠤᠨ ᠴᠣᠭᠴᠠᠯᠠᠯᠲᠠ᠂ ᠢᠷᠡᠭᠡᠳᠦᠢ ᠶᠢᠨ

ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃

     ᠼᠦᠢ ᠵᠢᠩ ᠶᠢᠩ ᠬᠡᠯᠡᠭᠰᠡᠨ ᠨᠢ᠂ ᠦᠬᠠᠢ ᠶᠢᠨ ᠭᠠᠵᠠᠷ ᠵᠦᠢ ᠶᠢᠨ ᠪᠠᠶᠢᠷᠢᠰᠢᠯ ᠳᠠᠪᠠᠭᠤᠯᠢᠭ᠂ ᠵᠢᠭᠤᠯᠴᠢᠯᠠᠯ ᠤᠨ

ᠡᠬᠢ ᠪᠠᠶᠠᠯᠢᠭ ᠡᠯᠪᠡᠭ ᠪᠠᠶᠢᠵᠤ᠂ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠳᠤ ᠤᠯᠠᠨ ᠠᠴᠠ ᠣᠨᠴᠠᠭᠠᠢ

ᠳᠠᠪᠠᠭᠤᠯᠢᠭ ᠲᠠᠢ ᠶᠤᠮ᠃ ᠰᠢ ᠶᠢᠨ ᠫᠢᠩ ᠶᠡᠷᠦᠩᠬᠡᠶ ᠱᠦᠵᠢ ᠶᠢᠨ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ

ᠪᠠ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠵᠢᠭᠤᠯᠴᠢᠯᠠᠯ ᠤᠨ ᠡᠬᠢ

ᠪᠠᠶᠠᠯᠢᠭ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠰᠣᠶᠣᠯ ᠤᠨ ᠥᠪ ᠪᠠ ᠠᠮᠢ ᠠᠬᠤᠶ ᠶᠢᠨ ᠡᠬᠢ

ᠪᠠᠶᠠᠯᠢᠭ ᠢ ᠬᠠᠮᠠᠭᠠᠯᠠᠨ ᠠᠰᠢᠭᠯᠠᠬᠤ ᠪᠠᠨ ᠴᠢᠩᠭᠠᠳᠬᠠᠨ᠂ ᠡᠵᠡᠩᠨᠡᠨ ᠪᠣᠷᠣᠯᠠᠭᠤᠯᠬᠤ ᠤᠬᠠᠭᠤᠯᠭ᠎ᠠ

ᠲᠠᠨᠢᠯᠴᠠᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ︽ᠡᠯᠡᠰᠦ ᠮᠠᠩᠬᠠᠨ ᠳᠤ ᠮᠤᠷᠢᠯᠠᠨ ᠳᠠᠯᠠᠢ ᠦᠵᠡᠨᠡᠮ·

ᠳᠤᠮᠳᠠᠳᠤ ᠤᠯᠤᠰ ᠤᠨ ᠦᠬᠠᠶ︾ ᠶᠢᠨ ᠨᠡᠷ᠎ᠡ ᠶᠢᠨ ᠬᠠᠭᠤᠳᠠᠰᠤ ᠶᠢ ᠤᠯᠠᠮ ᠨᠢᠭᠡ ᠠᠯᠬᠤᠮ ᠴᠤᠤᠷᠢᠶᠠᠲᠤᠭᠤᠯᠵᠤ᠂

ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠡᠨᠡᠬᠦ ᠶᠠᠪᠤᠳᠠᠯ ᠢ ︽ᠠᠮᠢᠳᠤᠯᠢᠭ︾ ᠪᠣᠯᠭᠠᠨ ᠬᠢᠬᠦ ᠬᠡᠷᠡᠭᠲᠡᠶ᠃ ᠮᠠᠨ ᠤ

ᠬᠤᠲᠠ ᠶᠢᠨ ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ᠂ ︽ᠳᠤᠮᠳᠠᠳᠤ ᠤᠯᠤᠰ ᠤᠨ ᠡᠯᠡᠰᠦᠨ ᠴᠦᠯ ᠤᠨ ᠬᠡᠭᠡᠷ᠎ᠡ

ᠪᠠᠭᠤᠳᠠᠯᠯᠠᠬᠤ ᠭᠠᠵᠠᠷ︾ ᠢ ᠥᠨᠳᠥᠷ ᠡᠬᠢᠯᠡᠯᠲᠡ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠲᠥᠯᠥᠪᠯᠡᠵᠦ᠂ ᠠᠵᠢᠯ

ᠲᠥᠷᠥᠯ ᠤᠨ ᠨᠠᠷᠠᠲᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠡᠯᠪᠢᠨ ᠵᠠᠰᠠᠵᠤ ᠥᠭᠡᠷᠡᠴᠢᠯᠡᠨ ᠤᠭᠰᠠᠷᠠᠬᠤ᠂

ᠥᠷᠭᠡᠳᠬᠡᠨ ᠪᠣᠯᠪᠠᠰᠤᠷᠠᠭᠤᠯᠬᠤ᠂ ᠬᠤᠨᠤᠭ ᠬᠤᠭᠤᠯᠠ ᠵᠡᠷᠭᠡ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠡᠯᠡᠰᠦᠨ

ᠴᠦᠯ ᠤᠨ ᠬᠡᠭᠡᠷ᠎ᠡ ᠶᠢᠨ ᠪᠥᠬᠦ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠤᠳᠠᠯᠳᠤᠭᠠᠨ ᠤ ᠶᠡᠷᠦᠩᠬᠡᠶᠢᠯᠡᠭᠰᠡᠨ

ᠴᠣᠭᠴᠠ ᠶᠢ ᠪᠠᠶᠢᠭᠤᠯᠬᠤ ᠬᠡᠷᠡᠭᠲᠡᠶ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠣᠯᠤᠨ

ᠬᠤᠳᠠ ᠶᠢᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠬᠥᠳᠡᠭᠡ ᠠᠵᠤ ᠠᠬᠤᠢ

ᠰᠣᠶᠣᠯ ᠵᠢᠭᠤᠯᠴᠢᠯᠠᠯ ᠢ ᠠᠭᠤᠰᠤᠯᠴᠠᠭᠤᠯᠣᠭᠰᠠᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠲᠠᠢ ᠨᠢᠭᠲᠠ

ᠤᠶᠠᠯᠳᠤᠭᠤᠯᠵᠤ᠂ ︽ᠢᠳᠡᠬᠦ᠂ ᠬᠤᠨᠣᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠴᠡᠩᠭᠡᠯᠳᠦᠬᠦ︾ ᠡᠯ᠎ᠡ

ᠭᠤᠭᠴᠤᠭ᠎ᠠ ᠶᠢᠨ ᠲᠣᠭᠤᠷᠢᠨ ᠳᠤ᠂ ᠵᠤᠭᠠᠴᠠᠭᠰᠠᠳ ᠤᠨ ᠬᠡᠷᠡᠭᠯᠡᠭᠡᠨ ᠤ ᠬᠡᠷᠡᠭᠴᠡᠭᠡ ᠶᠢ ᠣᠨᠣᠪᠴᠢᠲᠠᠢ ᠣᠯᠵᠤ᠂

ᠵᠤᠭᠠᠴᠠᠭᠰᠠᠳ ᠤᠨ ᠬᠡᠷᠡᠭᠯᠡᠭᠡᠨ ᠤ ᠣᠶᠢᠯᠠᠭᠠᠯᠲᠠ ᠶᠢ ᠨᠢ ᠰᠢᠯᠢᠳᠡᠭᠵᠢᠭᠦᠯᠵᠦ᠂ ᠵᠢᠭᠤᠯᠴᠢᠯᠠᠯ ᠤᠨ ᠬᠠᠩᠭᠠᠯᠭ᠎ᠠ ᠶᠢᠨ

ᠲᠦᠪᠰᠢᠨ ᠪᠣᠯᠤᠨ ᠦᠢᠯᠡᠴᠢᠯᠡᠭᠡᠨ ᠤ ᠶᠠᠰᠤ ᠴᠢᠨᠠᠷ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠤᠯᠪᠣᠭᠳᠠᠯ

ᠪᠦᠬᠦᠢ ᠵᠢᠭᠤᠯᠴᠢᠯᠠᠯ ᠤᠨ ᠠᠵᠤ ᠠᠬᠤᠶᠢᠯᠠᠯ ᠠᠵᠠ ᠲᠣᠬᠢᠶᠠᠯ ᠢ ᠡᠵᠡᠮᠳᠡᠵᠦ᠂ ᠠᠰᠢᠭᠲᠠᠢ ᠪᠠᠶᠢᠳᠠᠯ ᠢ ᠠᠮᠵᠢᠨ

ᠤᠷᠤᠭᠰᠢᠯᠠᠵᠤ᠂ ᠦᠢᠯᠡᠳᠬᠦᠨ ᠤ ᠵᠢᠷᠤᠭ ᠲᠥᠯᠥᠪᠯᠡᠭᠡ ᠶᠢᠨ ᠰᠢᠨ᠎ᠡ ᠶᠢ ᠡᠭᠦᠳᠴᠦ᠂ ᠦᠵᠡᠮᠵᠢ ᠶᠢᠨ ᠣᠷᠣᠨ ᠤ

ᠦᠢᠯᠡᠴᠢᠯᠡᠭᠡᠨ ᠤ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯᠡᠰᠦᠨ ᠴᠦᠯ ᠤᠨ ᠤᠨᠴᠠᠯᠢᠬᠳᠤ

ᠵᠢᠭᠤᠯᠴᠢᠯᠠᠯ ᠤᠨ ᠠᠯᠲᠠᠨ ᠦᠰᠦᠭᠲᠦ ᠫᠠᠶᠢᠰᠠ ᠶᠢ ᠲᠠᠰᠤᠷᠠᠯᠳᠠ ᠦᠭᠡᠢ ᠭᠢᠯᠠᠯᠵᠠᠭᠤᠯᠵᠤ᠂ ᠨᠡᠩ ᠤᠯᠠᠨ

ᠵᠢᠭᠤᠯᠴᠢᠯᠠᠭᠰᠠᠳ ᠢ ᠢᠷᠡᠬᠦ ᠳᠤᠷᠠᠲᠠᠢ᠂ ᠦᠯᠡᠳᠡᠭᠡᠵᠦ ᠳᠡᠶᠢᠯᠬᠦ᠂ ᠰᠠᠶᠢᠲᠤᠷ ᠣᠶᠢᠯᠠᠭᠠᠭᠤᠯᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号