ᠲᠠᠩ ᠢ ᠢᠳᠡᠭᠡᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/5/24
     5 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ᠂ ᠢᠳᠡᠭᠡᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠳᠠ ᠶᠢᠨ ᠤᠳᠤᠷᠢᠳᠤᠯᠭ᠎ᠠ ᠭᠤᠤ ᠪᠥᠸᠧ ᠣᠷᠣᠯᠴᠠᠪᠠ᠃

     ᠥᠪᠥᠷ ᠮᠣᠩᠭᠤᠯ ᠤᠨ ᠡᠯᠡᠰᠦᠨ ᠴᠦᠯ ᠤᠨ ᠲᠤᠮᠤᠭ ᠠᠷᠢᠬᠢᠨ ᠤ ᠦᠢᠯᠡᠰ ᠤᠨ ᠬᠢᠵᠠᠭᠠᠷᠲᠤ ᠺᠣᠮᠫᠠᠨᠢ ᠳᠤ᠂

ᠲᠠᠩ ᠢ ᠦᠢᠯᠡᠳᠬᠦᠨ ᠤ ᠦᠵᠡᠭᠦᠯᠦᠯᠭᠡ ᠶᠢᠨ ᠲᠢᠩᠬᠢᠮ᠂ ᠦᠢᠯᠡᠳᠪᠦᠷᠢᠯᠡᠯ ᠤᠨ ᠲᠠᠰᠤᠭ᠂ ᠪᠢᠲᠡᠭᠦᠮᠵᠢᠯᠡᠨ

ᠬᠠᠳᠠᠭᠠᠯᠠᠬᠤ ᠬᠥᠮᠥᠷᠭᠡ ᠳᠤ ᠬᠦᠷᠴᠦ᠂ ᠠᠵᠤ ᠠᠬᠤᠶᠢᠯᠠᠯ ᠤᠨ ᠦᠢᠯᠡᠳᠬᠦᠨ ᠤ ᠲᠦᠷᠦᠯ ᠵᠦᠢᠯ᠂ ᠦᠢᠯᠡᠳᠪᠦᠷᠢᠯᠡᠯ

ᠡᠵᠡᠩᠨᠡᠯᠲᠡ᠂ ᠨᠡᠷᠡᠬᠦ ᠣᠷᠠᠨ ᠲᠠᠷᠬᠠᠯᠠᠯ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠢ ᠰᠣᠨᠣᠰᠬᠤ ᠶᠢᠨ ᠬᠠᠮᠲᠤ ᠠᠵᠤ

ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ ᠬᠡᠯᠡᠭᠰᠡᠨ ᠨᠢ᠂ ᠢᠳᠡᠭᠡᠨ ᠤ

ᠠᠵᠤ ᠦᠢᠯᠡᠳᠪᠦᠷᠢ ᠶᠢ ᠬᠥᠭᠵᠢᠭᠦᠯᠬᠦ ᠨᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ

ᠠᠭᠤᠰᠤᠯᠴᠠᠨ ᠬᠥᠭᠵᠢᠬᠦ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠂ ᠢᠳᠡᠭᠡᠨ ᠤ ᠠᠵᠤ ᠦᠢᠯᠡᠳᠪᠦᠷᠢ ᠶᠢ

ᠪᠦᠬᠦ ᠬᠦᠴᠦᠨ ᠢᠶᠠᠷ ᠢᠶᠠᠨ ᠬᠥᠭᠵᠢᠭᠦᠯᠦᠨ ᠪᠤᠵᠠᠭᠠᠶᠢᠷᠠᠭᠤᠯᠵᠤ᠂ ᠶᠠᠰᠤ ᠴᠢᠨᠠᠷ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂

ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ ᠵᠢᠴᠢ ᠢᠰᠬᠡᠬᠦ᠂ ᠨᠡᠷᠡᠬᠦ ᠵᠡᠷᠭᠡ ᠦᠢᠯᠡᠳᠪᠦᠷᠢᠯᠡᠯ ᠤᠨ ᠣᠷᠠᠨ ᠲᠠᠷᠬᠠᠯᠠᠯ

 ᠢᠶᠠᠨ ᠴᠢᠩᠭ᠎ᠠ ᠡᠵᠡᠮᠳᠡᠵᠦ᠂ ᠨᠠᠷᠢᠨ ᠨᠢᠮᠪᠠᠢ ᠬᠠᠨᠲᠤᠵᠤ᠂ ᠬᠡᠷᠡᠭᠯᠡᠭᠴᠢᠳ ᠲᠤ ᠨᠡᠩ ᠠᠮᠤᠷ ᠲᠦᠪᠰᠢᠨ ᠴᠢᠨᠠᠷ ᠰᠠᠶᠢᠲᠠᠢ

ᠦᠢᠯᠡᠳᠬᠦᠨ ᠢ ᠬᠠᠩᠭᠠᠬᠤ ᠬᠡᠷᠡᠭᠲᠡᠢ᠃ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠬᠦ ᠪᠠ ᠡᠵᠡᠩᠨᠡᠨ ᠪᠣᠷᠣᠯᠠᠭᠤᠯᠬᠤ

ᠲᠥᠰᠦᠪᠯᠡᠯ ᠢᠶᠠᠨ ᠴᠢᠩᠭᠠᠳᠬᠠᠵᠤ᠂ ᠦᠬᠠᠶ ᠶᠢᠨ ᠭᠠᠵᠠᠷ ᠣᠷᠣᠨ ᠤ ᠣᠨᠴᠠᠯᠢᠭ ᠢ ᠳᠣᠪᠤᠶᠢᠯᠭᠠᠵᠤ᠂ ᠲᠣᠰ ᠭᠠᠵᠠᠷ

ᠣᠷᠣᠨ ᠤ ᠦᠢᠯᠡᠳᠬᠦᠨ ᠤ ᠠᠯᠳᠠᠷᠰᠢᠯ ᠪᠠ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢᠶᠠᠨ

ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠦᠢᠯᠡᠳᠬᠦᠨ ᠤ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂

ᠦᠢᠯᠡᠳᠬᠦᠨ ᠤ ᠲᠦᠷᠦᠯ ᠵᠦᠢᠯ ᠢᠶᠠᠨ ᠪᠠᠶᠠᠯᠢᠭᠵᠢᠭᠤᠯᠵᠤ᠂ ᠬᠡᠷᠡᠭᠯᠡᠭᠴᠢᠳ ᠤᠨ ᠬᠠᠮᠲᠤᠯᠢᠭ ᠢ ᠬᠠᠨᠳᠤᠯᠭᠠᠲᠤ

ᠴᠢᠨᠠᠷᠲᠠᠢ ᠪᠠᠷ ᠥᠷᠭᠡᠳᠬᠡᠵᠦ᠂ ᠵᠠᠬ᠎ᠠ ᠳᠡᠯᠭᠡᠭᠦᠷ ᠤᠨ ᠣᠷᠣᠨ ᠵᠠᠢ ᠶᠢ ᠥᠷᠭᠡᠳᠬᠡᠵᠦ᠂ ᠠᠵᠤ ᠦᠢᠯᠡᠰ ᠤᠨ ᠬᠡᠪᠴᠢᠶ᠎ᠡ

ᠪᠣᠯᠤᠨ ᠶᠠᠰᠤ ᠴᠢᠨᠠᠷ ᠦᠷ᠎ᠡ ᠠᠰᠢᠭ ᠤᠨ ᠬᠤᠣᠰ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠭᠡᠵᠡᠢ᠃

     ᠳᠠᠷᠠᠭ᠎ᠠ ᠨᠢ᠂ ᠲᠠᠩ ᠢ ᠦᠬᠠᠢ ᠬᠤᠳᠠ ᠶᠢᠨ ᠮᠧᠩ ᠰᠧ ᠲᠧ ᠢᠳᠡᠭᠡᠨ ᠤ ᠬᠢᠵᠠᠭᠠᠷᠲᠤ ᠺᠣᠮᠫᠠᠨᠢ᠂ ᠦᠬᠠᠢ

ᠬᠤᠳᠠ ᠶᠢᠨ ᠸᠠᠩ ᠵᠢᠢ ᠦ᠋ ᠨᠢᠦ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ᠂ ᠪᠣᠷᠴᠠ᠂ ᠦ᠋ ᠨᠢᠦ ᠭᠤᠸᠠ ᠶᠢᠨ

ᠦᠷ᠎ᠡ ᠦᠢᠯᠡᠳᠪᠦᠷᠢᠯᠡᠬᠦ ᠣᠷᠠᠨ ᠲᠠᠷᠬᠠᠯᠠᠯ ᠤᠨ ᠶᠠᠪᠤᠴᠠ ᠪᠣᠯᠤᠨ ᠠᠵᠤ ᠠᠬᠤᠶᠢᠯᠠᠯ ᠤᠨ ᠦᠢᠯᠡᠳᠪᠦᠷᠢᠯᠡᠯ

ᠡᠵᠡᠩᠨᠡᠯᠲᠡ ᠶᠢᠨ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ  ᠬᠡᠯᠡᠭᠰᠡᠨ ᠨᠢ᠂ ᠣᠷᠣᠨ ᠨᠤᠲᠤᠭ ᠤᠨ ᠣᠨᠴᠠᠯᠢᠭ ᠲᠠᠢ

ᠢᠳᠡᠭᠡᠨ ᠦᠢᠯᠡᠳᠪᠦᠷᠢᠯᠡᠪᠡᠯ᠂ ᠪᠣᠷᠣᠯᠠᠭᠤᠯᠭ᠎ᠠ ᠶᠢᠨ ᠵᠠᠮ ᠢᠶᠠᠨ ᠨᠡᠩ ᠠᠮᠠᠷᠬᠠᠨ ᠨᠡᠭᠡᠭᠡᠵᠦ᠂ ᠵᠠᠬ᠎ᠠ ᠳᠡᠯᠭᠡᠭᠦᠷ ᠢᠶᠠᠨ

ᠥᠷᠭᠡᠳᠬᠡᠵᠦ ᠪᠤᠯᠤᠨ᠎ᠠ᠃ ᠭᠠᠵᠠᠷ ᠣᠷᠣᠨ ᠤ ᠳᠠᠪᠠᠭᠤᠯᠢᠭ ᠪᠠ ᠣᠨᠴᠠᠯᠢᠭ ᠲᠠᠭᠠᠨ ᠰᠠᠭᠤᠷᠢᠯᠠᠨ᠂ ᠬᠡᠷᠡᠭᠯᠡᠭᠡᠨ ᠤ

ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠵᠤ᠂ ᠦᠢᠯᠡᠳᠬᠦᠨ ᠢᠶᠠᠨ ᠰᠠᠨᠠᠭᠠᠴᠢᠯᠠᠭ᠎ᠠ ᠠᠴᠠ ᠪᠠᠨ

ᠰᠠᠶᠢᠵᠢᠷᠠᠭᠤᠯᠵᠤ᠂ ᠦᠨᠦᠷ ᠠᠮᠲᠠ ᠪᠠᠨ ᠪᠠᠶᠠᠯᠢᠭᠵᠢᠭᠤᠯᠤᠨ᠂ ᠣᠯᠠᠨ ᠤ ᠦᠨᠡᠯᠡᠯᠳᠡ ᠶᠢ ᠤᠯᠵᠤ᠂ ᠦᠢᠯᠡᠳᠬᠦᠨ ᠤ

ᠲᠣᠰ ᠭᠠᠵᠠᠷ ᠤᠨ ᠬᠤᠪᠢᠷᠠᠯᠲᠠ ᠶᠢᠨ ᠨᠣᠷᠮ᠎ᠠ ᠪᠠ ᠨᠡᠮᠡᠯᠲᠡ ᠥᠷᠲᠡᠭ ᠢᠶᠠᠨ ᠳᠡᠭᠡᠭᠰᠢᠯᠡᠭᠦᠯᠬᠦ ᠬᠡᠷᠡᠭᠲᠡᠶ᠃

ᠬᠡᠷᠡᠭᠯᠡᠭᠴᠢᠳ ᠲᠤ ᠳᠥᠭᠦᠮ ᠦᠵᠡᠭᠦᠯᠬᠦ ᠲᠠᠯ᠎ᠠ ᠠᠴᠠ ᠡᠭᠦᠰᠴᠦ᠂ ᠦᠢᠯᠡᠳᠭᠦᠨ ᠤ ᠪᠣᠭᠤᠳᠠᠯ ᠪᠠᠭᠯᠠᠭ᠎ᠠ᠂ ᠬᠡᠪ

ᠪᠠᠷᠢᠮᠵᠢᠶ᠎ᠠ ᠶᠢᠨ ᠵᠢᠷᠤᠭ ᠲᠥᠯᠥᠪᠯᠡᠭᠡ ᠪᠠᠨ ᠰᠢᠯᠢᠳᠡᠭᠵᠢᠭᠦᠯᠦᠨ᠂ ᠣᠯᠠᠨ ᠡᠰᠢᠵᠢᠭᠰᠡᠨ ᠬᠡᠷᠡᠭᠯᠡᠭᠡᠨ ᠤ ᠬᠡᠷᠡᠭᠴᠡᠭᠡ ᠶᠢ

ᠦᠨᠡᠨ ᠬᠦ ᠬᠠᠩᠭᠠᠬᠤ ᠬᠡᠷᠡᠭᠲᠡᠶ᠃ ᠤᠳᠤ ᠦᠶ᠎ᠡ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ

ᠣᠶᠢᠯᠠᠭᠠᠭᠳᠠᠬᠤᠨ ᠢᠶᠠᠷ ᠦᠢᠯᠡᠳᠪᠦᠷᠢ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠦᠢᠯᠡᠳᠬᠦᠨ ᠤ

ᠦᠢᠯᠡᠳᠪᠦᠷᠢᠯᠡᠯ᠂ ᠡᠵᠡᠩᠨᠡᠨ ᠪᠣᠷᠣᠯᠠᠭᠤᠯᠬᠤ ᠲᠠᠨᠢᠯᠴᠠᠭᠤᠯᠭ᠎ᠠ ᠪᠠᠨ ᠲᠥᠯᠥᠪᠵᠢᠭᠦᠯᠵᠦ᠂ ᠪᠣᠷᠣᠯᠠᠭᠤᠯᠭ᠎ᠠ ᠶᠢᠨ ᠠᠷᠭ᠎ᠠ

ᠵᠠᠮ ᠤᠨ ᠲᠣᠣᠷ ᠢ ᠪᠠᠶᠢᠭᠤᠯᠬᠤ᠂ ᠦᠢᠯᠡᠳᠬᠦᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠲᠠᠯ᠎ᠠ ᠪᠠᠷ ᠢᠯᠡᠭᠦᠬᠡᠨ ᠬᠦᠴᠦ

ᠣᠷᠣᠭᠤᠯᠵᠤ᠂ ᠲᠦᠷᠦᠯ ᠲᠡᠮᠳᠡᠭ ᠢᠶᠠᠨ ᠲᠠᠰᠤᠷᠠᠯᠲᠠ ᠦᠭᠡᠢ ᠬᠦᠴᠦᠷᠬᠡᠭᠵᠢᠭᠦᠯᠵᠦ᠂ ᠬᠡᠪᠴᠢᠶ᠎ᠡ ᠪᠠᠨ

ᠪᠤᠵᠠᠭᠠᠶᠢᠷᠠᠭᠤᠯᠵᠤ᠂ ᠠᠵᠤ ᠠᠬᠤᠶᠢᠯᠠᠯ ᠤᠨ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠵᠤ᠂ ᠠᠵᠤ

ᠠᠬᠤᠶᠢᠯᠠᠯ ᠤᠨ ᠦᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠨ ᠬᠢᠨ ᠢᠳᠡᠭᠡᠨ ᠤ ᠠᠵᠤ ᠦᠢᠯᠡᠳᠪᠦᠷᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂

ᠬᠢᠨᠠᠮᠠᠭᠠᠶ ᠰᠤᠳᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ ᠶᠢ ᠴᠢᠬᠤᠯᠠᠴᠢᠯᠠᠨ᠂

ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠢᠳᠡᠪᠬᠢᠲᠡᠶ ᠪᠠᠷ

ᠬᠠᠪᠰᠤᠷᠤᠨ ᠳᠡᠯᠭᠡᠨ ᠪᠣᠷᠣᠯᠠᠭᠤᠯᠬᠤ ᠲᠠᠪᠴᠠᠩ ᠪᠠᠶᠢᠭᠤᠯᠵᠤ᠂ ᠣᠷᠣᠨ ᠨᠤᠲᠤᠭ ᠤᠨ ᠣᠨᠴᠠᠯᠢᠭᠲᠤ ᠢᠳᠡᠭᠡᠨ ᠤ

ᠵᠦᠢᠯ ᠢ ᠵᠠᠬ᠎ᠠ ᠳᠡᠯᠭᠡᠭᠦᠷ ᠲᠡᠰᠢ ᠨᠠᠩ ᠣᠯᠠᠨ ᠲᠦᠯᠬᠢᠨ ᠠᠬᠢᠭᠤᠯᠵᠤ᠂ ᠢᠳᠡᠭᠡᠨ ᠤ ᠠᠵᠤ ᠦᠢᠯᠡᠳᠪᠦᠷᠢ ᠶᠢ

ᠲᠦᠷᠭᠡᠪᠴᠢᠯᠡᠨ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠶ ᠭᠡᠵᠡᠢ᠃

     ᠲᠠᠩ ᠢ ᠪᠠᠰᠠ ᠦᠬᠠᠢ ᠬᠤᠳᠠ ᠶᠢᠨ ᠶᠢᠨ ᠱᠧᠩ ᠨᠡᠷᠡᠵᠦ ᠦᠢᠯᠡᠳᠬᠦ ᠬᠢᠵᠠᠭᠠᠷᠲᠤ ᠺᠣᠮᠫᠠᠨᠢ ᠳᠤ ᠪᠠᠶᠢᠴᠠᠭᠠᠨ

ᠰᠤᠳᠤᠯᠤᠯᠲᠠ ᠬᠢᠪᠡ᠃ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠪᠠᠶᠢᠭᠠᠯᠢ ᠶᠢᠨ ᠰᠢᠲᠠᠮᠠᠬᠠᠶ ᠬᠡᠢ ᠶᠢᠨ ᠬᠠᠩᠭᠠᠯᠭ᠎ᠠ

ᠳᠤᠲᠠᠭᠳᠠᠵᠤ ᠪᠠᠶᠢᠭ᠎ᠠ ᠠᠰᠠᠭᠤᠳᠠᠯ ᠢ ᠣᠶᠢᠯᠠᠭᠠᠭᠰᠠᠨ ᠤ ᠳᠠᠷᠠᠭ᠎ᠠ᠂ ᠲᠡᠷᠡ ᠳᠠᠷᠤᠶ ᠲᠦᠷᠭᠡᠨ ᠬᠤᠯᠪᠣᠭᠳᠠᠯ ᠪᠦᠬᠦᠢ

ᠰᠠᠯᠠᠭ᠎ᠠ ᠮᠥᠴᠢᠷ ᠢ ᠱᠠᠯᠠᠪᠳᠠᠨ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ

ᠬᠦᠴᠢᠷᠳᠡᠯ ᠢ ᠨᠢ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号