2024 ᠣᠨ ᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠮᠠᠨ ᠤ ᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2024/5/27
     5 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠪᠣᠯᠤᠨ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ 2024 ᠣᠨ ᠤ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠬᠢᠭᠡᠳ ᠪᠥᠬᠦ ᠣᠷᠣᠨ ᠤ ᠬᠤᠷᠢ ᠶᠢᠰᠦᠳᠦᠭᠡᠷ ᠬᠤᠭᠤᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠦᠬᠠᠶ ᠬᠤᠲᠠ ᠳᠤ ᠡᠬᠢᠯᠡᠪᠡ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠡᠳ᠋ ᠳᠠᠷᠤᠭ᠎ᠠ ᠢᠦᠶ ᠸᠧᠶ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠿᠦᠩ ᠴᠠᠩ ᠫᠢᠩ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠵᠠᠩ ᠶᠢᠩ ᠯᠦ᠂ ᠬᠤᠲᠠ ᠶᠢᠨ ᠱᠠᠲᠤᠨ ᠤ ᠤᠳᠤᠷᠢᠳᠤᠯᠭ᠎ᠠ ᠯᠢ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶ ᠬᠠᠶ ᠿᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠢᠦᠢ ᠸᠧᠢ ᠬᠡᠯᠡᠭᠰᠡᠨ ᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠬᠦ᠂ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠶᠢ ᠰᠣᠯᠢᠯᠴᠠᠬᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠴᠢᠬᠤᠯᠠ ᠲᠠᠪᠴᠠᠩ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠡᠭᠦᠨ ᠢᠶᠠᠷ ᠠᠵᠠ ᠲᠣᠬᠢᠶᠠᠯ ᠪᠣᠯᠭᠠᠵᠤ᠂ ᠣᠯᠠᠨ ᠶᠠᠩᠵᠤ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠶᠡᠭᠡ ᠪᠠᠷ ᠤᠬᠠᠭᠤᠯᠤᠨ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠠᠩ ᠣᠯᠠᠨ ᠠᠵᠢᠯᠯᠠᠭ᠎ᠠ ᠪᠠᠷ ᠠᠷᠠᠳ ᠲᠤ ᠠᠰᠢᠭ ᠬᠦᠷᠲᠡᠭᠡᠵᠦ᠂ ᠪᠥᠬᠦ ᠨᠡᠶᠢᠭᠡᠮ ᠢᠶᠠᠷ ᠢᠶᠠᠨ ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠴᠢᠳᠠᠪᠤᠷᠢᠲᠠᠨ ᠢ ᠬᠦᠨᠳᠦᠳᠬᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠳᠤ ᠵᠣᠷᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠨᠠᠩ ᠥᠷᠭᠡᠨ ᠳᠡᠯᠭᠡᠷ ᠪᠣᠶ ᠪᠣᠯᠭᠠᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠨᠠᠷ ᠰᠠᠶᠢᠲᠠᠶ ᠦᠷᠨᠢᠨ ᠬᠦᠭᠵᠢᠬᠦ ᠠᠯᠬᠤᠴᠠ ᠶᠢ ᠲᠦᠷᠭᠡᠳᠬᠡᠨ᠎ᠡ ᠭᠡᠵᠡᠢ᠃      ᠯᠢ ᠳ᠋ᠦᠩ ᠪᠠᠶᠠᠷ ᠤᠨ ᠦᠭᠡ ᠳᠡᠭᠡᠨ ᠢᠯᠡᠷᠭᠡᠶᠢᠯᠡᠭᠰᠡᠨ ᠨᠢ᠂ ᠲᠣᠰ ᠤᠳᠠᠭᠠᠨ ᠤ ᠠᠵᠢᠯᠯᠠᠭ᠎ᠠ ᠮᠠᠨ ᠤ ᠬᠤᠲᠠ ᠳᠤ ᠶᠠᠪᠤᠭᠳᠠᠭᠰᠠᠨ ᠨᠢ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠳᠤ ᠬᠦᠴᠦᠲᠡᠶ ᠳᠡᠮᠵᠢᠯᠭᠡ ᠦᠵᠡᠭᠦᠯᠵᠦ ᠪᠠᠶᠢᠬᠤ ᠶᠢ ᠭᠦᠢᠴᠡᠳ ᠬᠠᠷᠠᠭᠤᠯᠵᠤ᠂ ᠨᠢᠭᠡ ᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠣᠯᠳᠠᠬᠤᠶ᠎ᠠ ᠪᠡᠷᠬᠡ ᠠᠵᠠ ᠲᠣᠬᠢᠶᠠᠯ ᠪᠣᠯᠤᠨ᠎ᠠ᠃ ᠮᠠᠨ ᠤ ᠬᠤᠲᠠ ᠣᠯᠠᠨ ᠲᠠᠯ᠎ᠠ ᠠᠴᠠ ᠤᠬᠠᠭᠤᠯᠬᠤ᠂ ᠳᠡᠯᠭᠡᠨ ᠦᠵᠡᠭᠦᠯᠬᠦ᠂ ᠳᠡᠯᠭᠡᠷᠡᠭᠦᠯᠬᠦ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠤᠬᠠᠮᠰᠠᠷ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠴᠢᠨᠠᠷ ᠢᠶᠠᠨ ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠬᠦᠴᠦᠨ ᠢᠶᠠᠷ ᠢᠶᠠᠨ ᠲᠠᠪᠴᠠᠩ ᠪᠠᠶᠢᠭᠤᠯᠤᠨ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠦᠨᠡᠨ ᠰᠡᠳᠬᠢᠯ ᠠᠴᠠ ᠪᠠᠨ ᠴᠢᠳᠠᠪᠤᠷᠢᠲᠠᠨ ᠢ ᠴᠤᠭᠯᠠᠭᠤᠯᠤᠨ ᠣᠶᠤᠨ ᠤᠬᠠᠭᠠᠨ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠴᠢᠳᠠᠪᠤᠷᠢᠲᠠᠨ ᠢ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠵᠤ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ ᠭᠡᠵᠡᠢ᠃      ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠲᠤᠭ ᠣᠯᠭᠤᠬᠤ ᠶᠣᠰᠣᠯᠠᠯ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠠᠷᠢᠶ᠎ᠠ ᠢᠯᠡᠳᠬᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ ᠤ ᠭᠤᠣᠯ ᠰᠡᠳᠦᠪᠲᠦ ᠲᠠᠶᠢᠯᠤᠮᠵᠢ ᠬᠢᠭᠰᠡᠨ ᠪᠥᠭᠡᠳ ︽ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠳᠠᠷᠠᠭᠠᠬᠢ ᠨᠥᠬᠦᠪᠥᠷᠢ ᠪᠡᠯᠡ ᠮᠥᠩᠭᠦ︾ ᠣᠯᠤᠭᠰᠠᠨ ᠠᠵᠤ ᠠᠬᠤᠶᠢᠯᠠᠯ ᠳᠤ ᠱᠠᠩᠨᠠᠯ ᠤᠨ ᠮᠧᠳᠠᠯ ᠣᠯᠭᠤᠪᠡ᠃ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠵᠢᠴᠢ ᠠᠵᠤ ᠠᠬᠤᠶᠢᠯᠠᠯ ᠲᠤᠬᠠᠢ ᠶᠢᠨ ᠲᠠᠯᠠᠪᠠᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠪᠠᠨ ᠳᠡᠯᠭᠡᠨ ᠦᠵᠡᠭᠦᠯᠪᠡ᠃      ᠡᠨᠡ ᠵᠢᠯ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠨᠢ ︽ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠪᠥᠬᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ︾ ᠪᠠᠷ ᠭᠤᠤᠯ ᠰᠡᠳᠦᠪ ᠪᠣᠯᠭᠠᠵᠤ᠂ 5 ᠰᠠᠷ᠎ᠠ ᠶᠢᠨ 25 ᠤ ᠡᠳᠦᠷ ᠠᠴᠠ 6 ᠰᠠᠷ᠎ᠠ ᠶᠢᠨ 1 ᠤ ᠡᠳᠦᠷ ᠪᠣᠯᠲᠠᠯ᠎ᠠ᠂ ᠪᠥᠬᠦ ᠣᠷᠣᠨ ᠤ ᠬᠡᠪᠴᠢᠶᠡᠨ ᠳᠤ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠷᠠᠭ᠂ ᠣᠶ ᠰᠢᠭᠤᠶ ᠡᠪᠡᠰᠦ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠷᠠᠭ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠷᠠᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠷᠠᠭ ᠵᠡᠷᠭᠡ ᠣᠯᠠᠨ ᠵᠦᠢᠯ ᠤᠨ ᠠᠵᠢᠯᠯᠠᠭ᠎ᠠ ᠶᠢ ᠵᠡᠷᠭᠡ ᠪᠠᠷ ᠦᠷᠨᠢᠬᠦᠯᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号