ᠮᠠᠨ ᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢᠶᠠᠷ ᠠᠷᠢᠭᠤᠨ ᠴᠢᠬᠡᠴᠢ ᠶᠢ ᠡᠷᠬᠢᠮᠯᠡᠵᠦ  ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠡᠭᠦᠷᠢᠳᠡ ᠡᠪᠦᠷᠯᠡᠶ᠎ᠡ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/27
     ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠭᠡᠰᠢᠭᠦᠨ ᠤ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠳᠣᠯᠠᠳᠠ᠂ 5 ᠰᠠᠷ᠎ᠠ ᠶᠢᠨ 24 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠤᠨ ᠬᠤᠳᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ᠂ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢᠶᠠᠷ ᠠᠷᠢᠭᠤᠨ ᠴᠢᠬᠡᠴᠢ ᠶᠢ ᠡᠷᠬᠢᠮᠯᠡᠵᠦ  ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠡᠭᠦᠷᠢᠳᠡ ᠡᠪᠦᠷᠯᠡᠶ᠎ᠡ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠹᠧᠩ ᠰᠢᠤᠸᠠᠢ ᠲᠤᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠪᠠᠶ ᠬᠠᠶ ᠿᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠸᠧᠶ ᠠᠶ ᠯᠢᠨ᠂ ᠰᠥᠩ ᠶᠤᠸᠠᠢ ᠰᠢᠶᠠ ᠪᠣᠯᠤᠨ ᠨᠠᠷᠢᠨ ᠪᠢᠴᠢᠭ ᠤᠨ ᠳᠠᠷᠤᠭ᠎ᠠ ᠲᠢᠶᠠᠨ ᠵᠦ ᠶᠦᠨ᠂ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠵᠢᠴᠢ ᠠᠵᠢᠯ ᠠᠴᠠ ᠪᠠᠨ ᠪᠠᠭᠤᠵᠤ ᠠᠮᠠᠷᠠᠭᠰᠠᠨ ᠬᠡᠰᠡᠭ ᠠᠬᠠᠮᠠᠳ ᠺᠠᠳ᠋ᠷ ᠣᠷᠣᠯᠴᠠᠪᠡ᠃      ᠬᠤᠳᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠲᠤ᠂ ᠹᠧᠩ ᠰᠢᠤᠸᠠᠢ ᠲᠤᠤ ᠪᠣᠯᠤᠨ ᠨᠠᠮ ᠤᠨ ᠭᠡᠰᠢᠭᠦᠨ ᠺᠠᠳ᠋ᠷᠴᠤᠳ ᠡᠯ᠎ᠡ ᠦᠵᠡᠭᠦᠯᠦᠯᠭᠡ ᠶᠢᠨ ᠲᠣᠭᠤᠷᠢᠭ ᠢ ᠨᠢᠭᠡᠳ ᠨᠢᠭᠡ ᠪᠠᠷ ᠲᠣᠭᠤᠷᠢᠨ ᠦᠵᠡᠵᠦ᠂ ᠲᠠᠶᠢᠯᠪᠤᠷᠢᠯᠠᠭᠴᠢ ᠶᠢᠨ ᠲᠠᠨᠢᠯᠴᠠᠭᠤᠯᠭ᠎ᠠ ᠶᠢ ᠰᠣᠨᠣᠰᠴᠤ᠂ ᠭᠡᠷᠡᠯ ᠵᠢᠷᠤᠭ ᠤᠨ ᠮᠠᠲ᠋ᠧᠷᠢᠶᠠᠯ᠂ ᠪᠣᠳᠠᠲᠤ ᠪᠣᠳᠠᠰ ᠤᠨ ᠦᠵᠡᠭᠦᠯᠦᠯᠭᠡ ᠵᠡᠷᠭᠡ ᠶᠢ ᠨᠢ ᠨᠠᠷᠢᠨ ᠬᠢᠨᠠᠮᠠᠭᠠᠢ ᠦᠵᠡᠵᠦ᠂ ᠮᠠᠨ ᠤ ᠨᠠᠮ ᠤᠨ ᠡᠯ᠎ᠡ ᠴᠠᠭ ᠦᠶ᠎ᠡ ᠪᠣᠯᠤᠨ ᠱᠠᠳᠤ ᠦᠶ᠎ᠡ ᠳᠤ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠠᠭᠤᠤ ᠶᠡᠭᠡ ᠰᠦᠪᠡᠭᠴᠢᠯᠡᠯᠲᠡ ᠶᠢ ᠥᠷᠨᠢᠭᠦᠯᠵᠦ᠂ ᠪᠦᠬᠦ ᠬᠤᠳᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠤᠨ ᠣᠯᠤᠭᠰᠠᠨ ᠦᠷ᠎ᠡ ᠪᠦᠲᠦᠭᠡᠯ ᠤᠨ ᠲᠤᠬᠠᠢ ᠣᠶᠢᠯᠠᠭᠠᠪᠠ᠃      ᠲᠣᠭᠤᠷᠢᠨ ᠦᠵᠡᠵᠦ ᠳᠠᠭᠤᠰᠤᠭᠰᠠᠨ ᠤ ᠲᠠᠷᠠᠭ᠎ᠠ᠂ ᠪᠦᠬᠦ ᠨᠠᠮ ᠤᠨ ᠭᠡᠰᠢᠭᠦᠳ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠤᠩᠰᠢᠪᠠ᠃ ᠤᠯᠠᠨ ᠢᠶᠠᠷ ᠢᠶᠠᠨ ᠢᠯᠡᠷᠭᠡᠶᠢᠯᠡᠵᠡᠭᠡᠭᠰᠡᠨ ᠨᠢ᠂ ᠡᠨᠡ ᠪᠣᠯ ᠠᠮᠢᠳᠤᠯᠢᠭ ᠤᠯᠤᠰ ᠲᠦᠷᠦ ᠶᠢᠨ ᠬᠢᠴᠢᠶᠡᠯ᠂ ᠦᠵᠡᠯ ᠰᠠᠨᠠᠭᠠᠨ ᠤ ᠬᠢᠴᠢᠶᠡᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠢᠴᠢᠶᠡᠯ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ ᠶᠠᠪᠤᠭᠳᠠᠨ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠠᠵᠢᠯ ᠡᠭᠦᠷᠢᠳᠡ ᠵᠤᠬᠰᠤᠰᠢ ᠦᠭᠡᠢ ᠶᠠᠪᠤᠭᠳᠠᠨ᠎ᠠ᠂ ᠰᠤᠯᠠᠷᠠᠬᠤ ᠰᠠᠨᠠᠭ᠎ᠠ ᠶᠠᠭᠠᠬᠢᠭᠰᠠᠨ ᠴᠤ ᠣᠷᠣᠵᠣ ᠪᠣᠯᠬᠤ ᠦᠭᠡᠢ ᠭᠡᠳᠡᠭ ᠢ ᠨᠡᠩ ᠭᠦᠨᠵᠡᠭᠡᠢ ᠣᠶᠢᠯᠠᠭᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠳᠠ ᠦᠭᠡᠢ ᠴᠢᠩᠭᠠᠳᠬᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠤᠬᠠᠮᠰᠠᠷ ᠠᠴᠠ ᠪᠠᠨ ᠪᠠᠳᠠᠷᠠᠭᠤᠯᠤᠨ ᠦᠢᠯᠡᠳᠦᠯᠭᠡᠵᠢᠭᠦᠯᠵᠦ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠢᠮᠠᠭᠲᠠ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷ ᠤᠨ ᠰᠠᠶᠢᠨ ᠰᠠᠶᠢᠬᠠᠨ ᠲᠦᠷᠢ ᠲᠥᠷᠬᠦ ᠶᠢ ᠪᠤᠯᠭᠠᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号