ᠼᠦᠢ ᠵᠢᠩ ᠶᠢᠩ ᠪᠦᠯᠬᠦᠮ ᠳᠠᠭᠠᠭᠤᠯᠤᠨ ᠵᠢᠶᠠᠩᠰᠤ᠂ ᠱᠠᠩᠬᠠᠢ᠂ ᠬᠥᠬᠡᠨᠠᠭᠤᠷ ᠲᠤ ᠬᠦᠷᠴᠦ ᠭᠤᠣᠯᠳᠠᠯᠭ᠎ᠠ ᠲᠠᠢ ᠲᠦᠷᠦᠯ ᠵᠦᠢᠯ ᠤᠨ ᠲᠤᠬᠠᠢ ᠵᠣᠯᠭᠠᠭᠤᠯᠤᠨ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/5/27
     5 ᠰᠠᠷ᠎ᠠ ᠶᠢᠨ 24 ᠤ ᠡᠳᠦᠷ ᠠᠴᠠ 26 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠪᠦᠯᠬᠦᠮ ᠳᠠᠭᠠᠭᠤᠯᠤᠨ ᠵᠢᠶᠠᠩᠰᠦ᠂ ᠱᠠᠩᠬᠠᠶ᠂ ᠬᠥᠬᠡᠨᠠᠭᠤᠷ ᠲᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠲᠤᠬᠠᠢ ᠵᠣᠯᠭᠠᠭᠤᠯᠤᠨ ᠰᠢᠨᠵᠢᠯᠡᠨ ᠪᠠᠶᠢᠴᠠᠭᠠᠵᠤ᠂ ᠪᠠᠯᠠ ᠣᠷᠣᠭᠤᠯᠵᠤ ᠬᠠᠮᠲᠤᠷᠠᠯᠴᠠᠬᠤ ᠤᠴᠢᠷ ᠶᠠᠪᠤᠳᠠᠯ ᠤᠨ ᠲᠤᠬᠠᠢ ᠵᠥᠪᠳᠡᠯᠴᠡᠪᠡ᠃

     ᠼᠦᠢ ᠵᠢᠩ ᠶᠢᠩ ᠨᠡᠷ ᠤᠷᠢᠳ ᠬᠤᠵᠢᠳ ᠵᠢᠶᠠᠩᠰᠦ ᠶᠢᠨ ᠨᠠᠨ ᠲᠦᠩ ᠤᠨ ᠬᠠᠢ ᠰᠢᠩ ᠡᠯᠧᠺᠲᠷᠤᠨ

ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠱᠠᠩᠬᠠᠢ ᠶᠢᠨ ᠱᠠᠨ ᠶᠣᠣ ᠰᠢᠨ᠎ᠡ ᠡᠨᠧᠷᠭᠢ ᠶᠢᠨ

ᠬᠦᠭᠵᠢᠬᠦᠯᠦᠯᠳᠡ ᠶᠢᠨ ᠬᠢᠵᠠᠭᠠᠷᠲᠤ ᠺᠣᠮᠫᠠᠨᠢ᠂ ᠬᠥᠬᠡᠨᠠᠭᠤᠷ ᠤᠨ ᠯᠢᠦᠢ ᠼᠤᠤ ᠳ᠋ᠢ ᠰᠢᠨ᠎ᠡ ᠡᠨᠧᠷᠭᠢ ᠶᠢᠨ ᠰᠢᠨᠵᠢᠯᠡᠬᠦ

ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂

ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ᠂ ᠰᠢᠨᠵᠢᠯᠡᠬᠦ

ᠤᠬᠠᠭᠠᠨ ᠤ ᠰᠤᠳᠤᠯᠭᠠᠨ ᠤ ᠦᠷ᠎ᠡ ᠪᠦᠲᠦᠭᠡᠯ᠂ ᠦᠢᠯᠡᠳᠬᠦᠨ ᠤ ᠬᠡᠷᠡᠭᠯᠡᠯᠲᠡ ᠵᠡᠷᠭᠡ ᠪᠠᠶᠢᠳᠠᠯ ᠢ ᠨᠢ ᠨᠠᠷᠢᠨ

ᠣᠶᠢᠯᠠᠭᠠᠬᠤ ᠶᠢᠨ ᠬᠠᠮᠲᠤ ᠲᠦᠷᠦᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠬᠤ ᠲᠤᠬᠠᠢ ᠠᠵᠤ ᠠᠬᠤᠶᠢᠯᠠᠯ ᠤᠨ

ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃

     ᠶᠠᠷᠢᠯᠴᠠᠬᠤ ᠬᠤᠷᠠᠯ ᠳᠡᠭᠡᠷ᠎ᠡ᠂ ᠼᠦᠢ ᠵᠢᠩ ᠶᠢᠩ ᠦᠬᠠᠢ ᠬᠤᠳᠠ ᠶᠢᠨ ᠪᠠᠶᠢᠳᠠᠯ ᠪᠣᠯᠤᠨ ᠠᠵᠤ ᠦᠢᠯᠡᠰ ᠤᠨ

ᠬᠥᠭᠵᠢᠯᠲᠡ ᠶᠢᠨ ᠪᠠᠶᠢᠳᠠᠯ ᠢᠶᠠᠨ ᠨᠠᠷᠢᠨ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠤᠢᠢᠷ᠎ᠠ ᠶᠢᠨ ᠵᠢᠯ ᠠᠴᠠ ᠨᠠᠰᠢ᠂

ᠦᠬᠠᠢ ᠬᠤᠳᠠ ᠶᠢᠨ ᠬᠢᠨ ᠰᠠᠨᠠᠭᠠᠴᠢᠯᠠᠭ᠎ᠠ ᠠᠴᠠ ᠪᠠᠨ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ

ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠵᠦ᠂

︽ᠨᠡᠬᠦᠷᠡᠰᠦ ᠬᠡᠤᠷᠡᠰᠦ ᠶᠢᠨ ᠰᠠᠭᠤᠷᠢ ᠪᠠᠨ ᠪᠠᠬᠢᠵᠢᠭᠦᠯᠬᠦ᠂ ᠬᠢᠮᠢ ᠶᠢᠨ ᠠᠵᠤ ᠦᠢᠯᠡᠳᠪᠦᠷᠢ ᠶᠠᠰᠣ ᠴᠢᠨᠠᠷ ᠢᠶᠠᠨ

ᠳᠡᠭᠡᠭᠰᠢᠯᠡᠭᠦᠯᠬᠦ᠂ ᠪᠠᠶᠢᠯᠳᠣᠬᠤ ᠪᠤᠲᠤᠯᠭ᠎ᠠ ᠶᠢᠨ ᠴᠢᠨᠠᠷᠳᠠᠢ ᠰᠢᠨ᠎ᠡ ᠶᠢ ᠡᠭᠦᠳᠬᠦ᠂ ᠲᠣᠨᠤᠭ ᠲᠥᠬᠦᠭᠡᠷᠦᠮᠵᠢ ᠦᠢᠯᠡᠳᠬᠦ

ᠬᠡᠪᠴᠢᠶ᠎ᠡ ᠪᠠᠨ ᠥᠷᠭᠡᠳᠬᠡᠬᠦ᠂ ᠣᠯᠠᠮᠵᠢᠯᠠᠯᠲᠤ ᠣᠷᠠᠨ ᠲᠠᠷᠬᠠᠯᠠᠯ ᠢᠶᠠᠨ ᠰᠢᠯᠢᠳᠡᠭᠵᠢᠭᠦᠯᠬᠦ︾ ᠠᠵᠤ ᠦᠢᠯᠡᠰ ᠤᠨ

ᠬᠥᠭᠵᠢᠯᠲᠡ ᠶᠢᠨ ᠰᠡᠳᠬᠢᠴᠡ ᠶᠣᠰᠣᠭᠠᠷ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ᠂

ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠠᠬᠢᠭᠤᠯᠵᠤ᠂ ᠰᠠᠯᠭᠢ ᠬᠡᠷᠡᠯ

ᠤᠰᠤᠲᠥ᠋ᠷᠥᠭᠴᠢ ᠶᠢ ᠨᠥᠭᠡᠴᠡᠯᠡᠨ ᠬᠡᠷᠡᠭᠯᠡᠬᠦ ᠶᠢ ᠨᠢᠭᠡ ᠴᠤᠬᠴᠠᠵᠢᠭᠤᠯᠤᠬᠰᠠᠨ ᠰᠢᠨ᠎ᠡ ᠡᠨᠧᠷᠭᠢ ᠶᠢᠨ ᠪᠦᠬᠦ ᠠᠵᠤ

ᠦᠢᠯᠡᠰ ᠤᠨ ᠪᠦᠯᠦᠭᠵᠢᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠪᠡᠯᠡ ᠣᠷᠣᠭᠤᠯᠵᠤ ᠦᠢᠯᠡᠰ ᠪᠤᠰᠬᠠᠬᠤ ᠳᠤ

ᠶᠠᠭ ᠴᠠᠭ ᠲᠠᠭᠠᠨ ᠲᠤᠬᠢᠷᠠᠵᠤ ᠪᠠᠶᠢᠨ᠎ᠠ᠃ ᠠᠵᠤ ᠠᠬᠤᠶᠢᠯᠠᠯ ᠤᠨ ᠬᠢᠨ ᠪᠡᠯᠡ ᠣᠷᠣᠭᠤᠯᠤᠯᠲᠠ ᠶᠢᠨ ᠢᠲᠡᠭᠡᠯ

ᠵᠣᠷᠢᠭ ᠢᠶᠠᠨ ᠪᠠᠲᠤᠳᠬᠠᠵᠤ᠂ ᠵᠠᠬ᠎ᠠ ᠳᠡᠯᠭᠡᠭᠦᠷ ᠤᠨ ᠲᠡᠷᠢᠭᠦᠨ ᠤ ᠠᠵᠠ ᠲᠣᠬᠢᠶᠠᠯ ᠢ ᠠᠮᠵᠢᠵᠤ᠂ ᠲᠤᠰ ᠪᠡᠶ᠎ᠡ ᠶᠢᠨ

ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠨᠡᠶᠢᠯᠡᠯᠲᠡ ᠶᠢᠨ ᠴᠢᠭ ᠢ ᠣᠨᠣᠪᠴᠢᠲᠠᠢ ᠣᠯᠵᠤ᠂

ᠰᠠᠯᠬᠢ ᠭᠡᠷᠡᠯ ᠢ ᠨᠦᠬᠡᠴᠡᠯᠡᠨ ᠴᠠᠬᠢᠯᠭᠠᠨ ᠭᠠᠷᠭᠠᠵᠤ ᠤᠰᠤᠲᠥ᠋ᠷᠥᠭᠴᠢ ᠦᠢᠯᠡᠳᠬᠦ᠂ ᠡᠯᠧᠺᠲᠷᠤᠨ ᠡᠨᠧᠷᠭᠢ

ᠬᠠᠳᠠᠭᠠᠯᠠᠬᠤ ᠮᠠᠲ᠋ᠧᠷᠢᠶᠠᠯ᠂ ᠳᠤᠮᠳᠠᠳᠤ ᠤᠯᠤᠰ ᠤᠨ ᠲᠤᠷᠰᠢᠯᠲᠠ ᠶᠢᠨ ᠰᠠᠭᠤᠷᠢᠨ ᠭᠠᠵᠠᠷ ᠤᠨ ᠪᠦᠳᠦᠭᠡᠨ

ᠪᠠᠶᠢᠭᠤᠯᠤᠯᠲᠠ ᠵᠡᠷᠭᠡ ᠲᠠᠯ᠎ᠠ ᠪᠠᠷ ᠦᠬᠠᠢ ᠯᠤᠭ᠎ᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ

ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠭᠠᠷ ᠬᠤᠯᠪᠣᠨ

ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠳᠠᠯᠳᠤᠭ᠎ᠠ

ᠡᠵᠡᠩᠨᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ᠂

ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠠᠮᠤᠭ ᠤᠨ ᠰᠢᠯᠢᠳᠡᠭ ᠦᠢᠯᠡᠴᠢᠯᠡᠭᠡ᠂ ᠬᠠᠮᠤᠭ ᠤᠨ ᠴᠢᠩᠭ᠎ᠠ

ᠪᠠᠲᠤᠯᠠᠭ᠎ᠠ ᠬᠠᠩᠭᠠᠵᠤ᠂ ᠠᠵᠤ ᠠᠬᠤᠶᠢᠯᠠᠯᠲᠠᠨ ᠢ ᠦᠬᠠᠢ ᠳᠤ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ

ᠦᠢᠯᠡᠰ ᠪᠤᠰᠬᠠᠵᠤ᠂ ᠤᠷᠤᠭᠰᠢᠲᠠᠢ ᠬᠥᠭᠵᠢᠭᠦᠯᠦᠨ᠎ᠡ ᠭᠡᠵᠡᠢ᠃

     ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠭᠡᠶᠢᠯᠡᠭᠰᠡᠨ ᠨᠢ᠂ ᠦᠬᠠᠢ ᠪᠣᠯ ᠪᠡᠯᠡ ᠣᠷᠣᠭᠤᠯᠵᠤ

ᠦᠢᠯᠡᠰ ᠪᠤᠰᠬᠠᠬᠤ ᠬᠠᠯᠠᠭᠤᠨ ᠬᠥᠷᠥᠰᠥ ᠪᠣᠯᠤᠨ᠎ᠠ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠠᠵᠤ ᠦᠢᠯᠡᠰ ᠤᠨ

ᠬᠡᠯᠬᠢᠶ᠎ᠡ ᠶᠢᠨ ᠢᠵᠢ ᠪᠦᠷᠢᠨ ᠭᠦᠢᠴᠡᠳ᠂ ᠬᠥᠭᠵᠢᠯᠲᠡ ᠶᠢᠨ ᠬᠥᠳᠡᠯᠭᠡᠬᠦ ᠡᠨᠧᠷᠭᠢ ᠴᠢᠩᠭ᠎ᠠ᠂ ᠬᠤᠳᠠᠯᠳᠤᠭ᠎ᠠ ᠡᠵᠡᠩᠨᠡᠬᠦ

ᠣᠷᠴᠢᠨ ᠲᠣᠭᠤᠷᠢᠨ ᠲᠡᠷᠢᠭᠦᠨ ᠵᠡᠷᠭᠡ ᠶᠢᠨ ᠲᠠᠪᠠᠭᠤᠯᠢᠭ ᠲᠠᠢ ᠪᠠᠶᠢᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ

ᠴᠢᠨᠠᠭᠰᠢᠳᠠ ᠴᠢᠩᠭᠠᠷᠠᠭᠤᠯᠵᠤ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠳᠡᠭᠡᠭᠰᠢᠯᠡᠭᠦᠯᠵᠦ᠂ ᠲᠦᠷᠦᠯ ᠵᠦᠢᠯ ᠤᠨ

ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠣᠷᠣᠨ ᠨᠤᠲᠤᠭ ᠤᠨ ᠠᠵᠤ

ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠬᠡᠵᠡᠢ᠃

     ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠼᠦᠢ ᠵᠢᠩ ᠶᠢᠩ ᠪᠠᠰᠠ ᠱᠠᠩᠬᠠᠶ ᠶᠢᠨ ᠥᠪᠥᠷ ᠮᠣᠩᠭᠤᠯ ᠤᠨ

ᠬᠤᠳᠠᠯᠳᠤᠭᠠᠴᠢᠳ ᠤᠨ ᠡᠪᠯᠡᠯ ᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠵᠤ᠂ ᠥᠪᠡᠷᠲᠡᠭᠡᠨ ᠵᠠᠰᠠᠬᠤ ᠣᠷᠣᠨ ᠤ

ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠯᠢ ᡁᠢ ᠭᠠᠩ ᠲᠠᠢ

ᠶᠠᠷᠢᠯᠴᠠᠪᠠ᠃ ᠲᠡᠷᠡ ᠬᠡᠯᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ

ᠭᠠᠵᠠᠷ ᠪᠣᠯᠤᠨ ᠱᠠᠩᠬᠠᠢ ᠳᠤ ᠰᠠᠭᠤᠭ᠎ᠠ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ

ᠥᠩᠭᠡᠷᠡᠭᠰᠡᠨ ᠲᠠᠢ ᠪᠠᠨ ᠠᠳᠠᠯᠢ ᠪᠠᠷ ᠦᠬᠠᠢ ᠶᠢᠨ ᠬᠥᠭᠵᠢᠯᠲᠡ ᠶᠢ ᠠᠩᠬᠠᠷᠤᠨ ᠳᠡᠮᠵᠢᠵᠦ᠂ ᠬᠥᠮᠦᠨ ᠤ ᠡᠭᠢ ᠪᠠᠶᠠᠯᠢᠭ

ᠥᠷᠭᠡᠨ᠂ ᠮᠡᠳᠡᠭᠡ ᠵᠠᠩᠭᠢ ᠶᠢᠨ ᠰᠣᠨᠣᠷ ᠰᠠᠶᠢᠨ᠂ ᠡᠬᠢ ᠪᠠᠶᠠᠯᠢᠭ ᠤᠯᠠᠨ ᠵᠡᠷᠭᠡ ᠳᠠᠪᠠᠭᠤᠯᠢᠭ ᠢᠶᠠᠨ ᠭᠦᠢᠴᠡᠳ

ᠪᠠᠳᠠᠷᠠᠭᠤᠯᠵᠤ᠂ ᠦᠬᠠᠢ ᠶᠢ ᠶᠡᠬᠡᠪᠡᠷ ᠤᠬᠠᠭᠤᠯᠵᠤ᠂ ᠦᠬᠠᠢ ᠶᠢ ᠲᠠᠨᠢᠯᠴᠠᠭᠤᠯᠵᠤ᠂ ᠦᠬᠠᠢ ᠶᠢᠨ ᠬᠥᠭᠵᠢᠯᠲᠡ ᠳᠤ

ᠬᠥᠭᠦᠷᠭᠡ ᠬᠤᠯᠪᠣᠭᠠᠰᠤ ᠪᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠨᠡᠩ ᠤᠯᠠᠨ

ᠰᠢᠯᠢᠳᠡᠭ ᠠᠵᠤ ᠠᠬᠤᠶᠢᠯᠠᠯ᠂ ᠴᠢᠬᠤᠯᠠ ᠶᠡᠭᠡ ᠲᠦᠷᠦᠯ ᠵᠦᠢᠯ ᠢ ᠦᠬᠠᠢ ᠳᠤ ᠨᠤᠲᠤᠭᠰᠢᠭᠤᠯᠵᠤ᠂ ᠦᠬᠠᠢ ᠶᠢᠨ

ᠳᠠᠪᠠᠭᠤᠯᠢᠭ ᠠᠵᠤ ᠦᠢᠯᠡᠰ ᠤᠨ ᠪᠦᠯᠦᠭᠵᠢᠯ ᠤᠨ ᠲᠥᠪᠯᠡᠷᠡᠨ ᠬᠥᠭᠵᠢᠬᠦ ᠳᠤ ᠬᠦᠴᠦᠨ ᠨᠡᠮᠡᠷᠢᠯᠡᠬᠦ ᠶᠢ ᠬᠦᠰᠡᠵᠦ

ᠪᠠᠶᠢᠨ᠎ᠠ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号