2024 ᠣᠨ ᠤ ᠦᠬᠠᠶ ᠬᠤᠲᠠ ᠶᠢᠨ ᠵᠢᠷᠭᠤᠳᠤᠭᠠᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠮᠠᠰᠢᠨ ᠬᠥᠮᠦᠨ ᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/5/28
     5 ᠰᠠᠷ᠎ᠠ ᠶᠢᠨ 25 ᠤ ᠡᠳᠦᠷ᠂ ᠦᠬᠠᠢ ᠬᠤᠲᠠ ᠶᠢᠨ ᠵᠢᠷᠭᠤᠳᠤᠭᠠᠷ ᠬᠤᠭᠤᠴᠠᠭᠠᠨ ᠤ ᠵᠠᠯᠠᠭᠤᠴᠤᠳ ᠪᠠᠭᠠᠴᠤᠳ ᠤᠨ ᠮᠠᠰᠢᠨ ᠬᠥᠮᠦᠨ ᠤ ᠤᠷᠤᠯᠳᠤᠭᠠᠨ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠵᠤ᠂ ᠪᠦᠬᠦ ᠬᠤᠲᠠ ᠶᠢᠨ 1600 ᠭᠠᠷᠤᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠤᠷᠤᠯᠳᠤᠭᠠᠨ ᠳᠤ ᠣᠷᠣᠯᠴᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠤ ᠵᠦᠢᠯ ᠳᠤ ᠮᠠᠰᠢᠨ ᠬᠥᠮᠦᠨ ᠤ ᠪᠦᠲᠦᠭᠡᠯᠴᠢ ᠰᠡᠳᠬᠢᠮᠵᠢ ᠶᠢᠨ ᠤᠷᠤᠯᠳᠤᠭᠠᠨ᠂ 3D ᠳᠠᠷᠤᠮᠠᠯᠯᠠᠬᠤ ᠪᠦᠲᠦᠭᠡᠯᠴᠢ ᠲᠥᠰᠦᠪᠯᠡᠯ ᠤᠨ ᠵᠢᠷᠤᠭ ᠲᠥᠯᠥᠪᠯᠡᠭᠡ ᠵᠢᠴᠢ ᠪᠦᠲᠦᠭᠡᠯ ᠤᠨ ᠦᠵᠡᠭᠦᠯᠭᠡ ᠶᠢᠨ ᠤᠷᠤᠯᠳᠤᠭᠠᠨ᠂ ᠮᠠᠰᠢᠨ ᠬᠥᠮᠦᠨ ᠤ ᠲᠣᠭᠤᠷᠢᠨ ᠴᠠᠭᠳᠠᠬᠤ ᠱᠤᠭᠤᠮ ᠤᠨ ᠥᠷᠢᠰᠦᠯᠳᠦᠬᠦ ᠣᠷᠣᠯᠳᠣᠭᠠᠨ᠂ ᠮᠠᠰᠢᠨ ᠬᠥᠮᠦᠨ ᠤ ᠤᠷᠤᠯᠳᠤᠭᠠᠨ ᠤ ᠲᠠᠪᠴᠠᠩ ᠤᠨ ᠡᠰᠡᠷᠭᠦᠴᠡᠯᠳᠦᠬᠦ ᠤᠷᠤᠯᠳᠤᠭᠠᠨ᠂ ᠵᠢᠯᠣᠭᠤᠴᠢ ᠥᠬᠡᠶ ᠨᠢᠰᠬᠡᠯ ᠤᠨ ᠡᠵᠡᠮᠰᠢᠯ ᠨᠢᠰᠦᠯᠲᠡ ᠶᠢᠨ ᠤᠷᠤᠯᠳᠤᠭᠠᠨ ᠵᠡᠷᠭᠡ 12 ᠲᠥᠷᠥᠯ ᠵᠦᠢᠯ ᠢ ᠪᠠᠭᠲᠠᠭᠠᠵᠤ᠂ ᠪᠠᠭ᠎ᠠ ᠰᠤᠷᠭᠠᠭᠤᠯᠢ ᠶᠢᠨ ᠳᠤᠭᠤᠶᠢᠯᠠᠩ ᠪᠠ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠬᠤᠪᠢᠶᠠᠵᠤ᠂ 2 ᠡᠳᠦᠷ ᠤᠨ ᠬᠤᠭᠤᠴᠠᠭ᠎ᠠ ᠲᠠᠢ ᠶᠠᠪᠤᠭᠳᠠᠪᠡ᠃      ᠵᠠᠯᠠᠭᠤᠴᠤᠳ ᠪᠠᠭᠠᠴᠤᠳ ᠤᠨ ᠮᠠᠰᠢᠨ ᠬᠥᠮᠦᠨ ᠤ ᠤᠷᠤᠯᠳᠤᠭᠠᠨ ᠪᠣᠯ ᠨᠢᠭᠡ ᠵᠦᠢᠯ ᠤᠨ ᠭᠠᠷ ᠪᠠ ᠲᠠᠷᠢᠬᠢ ᠬᠥᠳᠡᠯᠭᠡᠬᠦ᠂ ᠤᠷ᠎ᠠ ᠴᠢᠳᠠᠪᠤᠷᠢ ᠶᠢ ᠨᠢ ᠬᠥᠮᠦᠵᠢᠭᠦᠯᠬᠦ᠂ ᠰᠦᠪᠡᠭᠴᠢᠯᠡᠯᠳᠡ ᠶᠢᠨ ᠴᠢᠨᠠᠷᠲᠠᠢ ᠰᠤᠷᠤᠯᠴᠠᠯᠭ᠎ᠠ ᠶᠢ ᠨᠢᠭᠡ ᠴᠤᠭᠴᠠᠵᠢᠭᠤᠯᠤᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠠᠵᠢᠯᠯᠠᠭ᠎ᠠ ᠪᠣᠯᠤᠨ᠎ᠠ᠃ ᠡᠨᠡᠬᠦ ᠤᠷᠤᠯᠳᠤᠭᠠᠨ ᠢ ᠡᠷᠬᠢᠯᠡᠭᠰᠡᠨ ᠨᠢ ᠥᠷᠭᠡᠨ ᠣᠯᠠᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠺᠣᠮᠫᠢᠦ᠋ᠲ᠋ᠧᠷ ᠤᠨ ᠫᠷᠤᠭ᠍ᠷᠠᠮ ᠨᠠᠶᠢᠷᠠᠭᠤᠯᠬᠤ᠂ ᠢᠨᠵᠧᠨᠧᠷᠢᠩ ᠤᠨ ᠵᠢᠷᠤᠭ ᠲᠥᠯᠥᠪᠯᠡᠭᠡ᠂ ᠵᠢᠯᠣᠭᠤᠴᠢ ᠦᠭᠡᠢ ᠨᠢᠰᠬᠡᠯ ᠤᠨ ᠬᠡᠷᠡᠭᠯᠡᠯᠲᠡ᠂ ᠮᠧᠬᠠᠨᠢᠭ ᠤᠭᠰᠠᠷᠠᠬᠤ ᠵᠡᠷᠭᠡ ᠮᠡᠳᠡᠯᠭᠡ ᠶᠢ ᠰᠤᠷᠤᠯᠴᠠᠭᠤᠯᠬᠤ ᠶᠢᠨ ᠬᠠᠮᠲᠤ ᠡᠳᠦᠷ ᠲᠤᠲᠤᠮ ᠤᠨ ᠠᠵᠢᠭᠯᠠᠯᠲᠠ ᠪᠠ ᠲᠤᠷᠰᠢᠯᠭ᠎ᠠ ᠬᠤᠷᠠᠮᠳᠤᠭᠤᠯᠬᠤ ᠶᠢ ᠤᠶᠠᠯᠳᠣᠭᠤᠯᠣᠨ᠂ ᠠᠰᠠᠭᠤᠳᠠᠯ ᠢ ᠰᠢᠢᠳᠪᠦᠷᠢᠯᠡᠬᠦ ᠲᠥᠰᠦᠯ ᠢ ᠡᠷᠢᠯᠬᠢᠯᠡᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠤᠷ᠎ᠠ ᠰᠣᠨᠢᠷᠬᠠᠯ ᠢ ᠬᠥᠭᠵᠢᠭᠡᠵᠦ᠂ ᠵᠠᠯᠠᠭᠤᠴᠤᠳ ᠪᠠᠭᠠᠴᠤᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠭᠠᠷ ᠬᠥᠳᠡᠯᠦᠨ ᠦᠢᠯᠡᠳᠦᠯᠭᠡᠵᠢᠭᠦᠯᠬᠦ ᠴᠢᠳᠠᠪᠤᠷᠢ ᠶᠢ ᠨᠢ ᠬᠥᠮᠦᠵᠢᠭᠦᠯᠬᠦ ᠶᠢᠨ ᠲᠥᠯᠥᠭᠡ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号