ᠣᠶᠢᠷ᠎ᠠ ᠳᠤ᠂ ᠪᠥᠬᠦ ᠬᠤᠲᠠ ᠶᠢᠨ 2024 ᠣᠨ ᠤ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ | ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠵᠢᠴᠢ ᠰᠠᠬᠢᠯᠭ᠎ᠠ ᠪᠠᠲᠤ ᠪᠠᠶᠢᠴᠠᠭᠠᠬᠤ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠮᠠᠨ ᠤ ᠬᠤᠲᠠ ᠶᠢᠨ ᠬᠤᠲᠠ ᠶᠢᠨ ᠰᠢᠭᠤᠳ | ᠬᠠᠷᠢᠶ᠎ᠠ ᠪᠠᠶᠢᠭᠤᠯᠤᠯᠭ᠎ᠠ ᠶᠢᠨ 73 ᠨᠠᠮ ᠤᠨ ᠵᠣᠬᠢᠶᠠᠨ ᠪᠠᠶᠢᠭᠤᠯᠤᠯᠲᠠ ᠶᠢᠨ ᠳᠡᠳ᠋ ᠱᠦᠵᠢ᠂ ᠪᠠᠶᠢᠭᠤᠯᠭ᠎ᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠡᠯ᠎ᠡ | ᠨᠠᠮ ᠤᠨ ᠡᠭᠦᠷ ᠤᠨ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ᠂ ᠨᠠᠮ ᠤᠨ ᠭᠡᠰᠢᠭᠦᠨ ᠤ ᠲᠥᠯᠥᠭᠡᠯᠡᠭᠴᠢ 460 ᠭᠠᠷᠤᠶ | ᠬᠥᠮᠦᠨ ᠪᠣᠯᠪᠠᠰᠤᠷᠠᠯ ᠳᠤ ᠣᠷᠣᠯᠴᠠᠪᠡ᠃ | ᠪᠣᠯᠪᠠᠰᠤᠷᠠᠯ ᠤᠨ ᠠᠩᠭᠢ ᠳᠤ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠬᠤᠷᠢᠶ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠤᠷᠢᠵᠤ ᠲᠤᠰᠬᠠᠶ ᠰᠡᠳᠦᠪᠲᠦ ᠵᠢᠯᠣᠭᠤᠳᠣᠯᠭ᠎ᠠ | ᠬᠢᠯᠭᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠶᠡᠷᠦᠩᠬᠡᠶ ᠱᠠᠭᠠᠷᠳᠠᠯᠭ᠎ᠠ ᠪᠠ ᠦᠨᠳᠦᠰᠦᠨ | ᠡᠭᠦᠷᠭᠡ ᠲᠠᠢ ᠨᠢᠭᠲᠠ ᠤᠶᠠᠯᠳᠤᠭᠤᠯᠤᠨ᠂ ︽ᠤᠬᠠᠮᠰᠠᠷ ᠠᠴᠠ ᠪᠠᠨ ᠰᠣᠶᠣᠯ ᠤᠨ ᠰᠢᠮ᠎ᠡ ᠲᠡᠵᠢᠭᠡᠯ ᠭᠥᠷᠳᠡᠵᠦ᠂ ᠲᠥᠪ | ᠭᠤᠤᠯᠴᠢ ᠠᠷᠢᠭᠤᠨ ᠴᠢᠬᠡᠴᠢ ᠪᠠᠶᠢᠬᠤ ᠶᠢ ᠪᠠᠲᠤᠯᠠᠶ᠎ᠠ— ᠳᠤᠮᠳᠠᠳᠤ ᠤᠯᠤᠰ ᠤᠨ ᠤᠯᠠᠮᠵᠢᠯᠠᠯᠲᠤ ᠠᠷᠢᠭᠤᠨ | ᠴᠢᠬᠡᠴᠢ ᠰᠣᠶᠣᠯ ᠤᠨ ᠰᠡᠩᠬᠡᠷᠡᠭᠦᠯᠦᠯ ᠪᠠ ᠯᠠᠪᠯᠠᠯᠲᠠ︾ ︽ᠡᠭᠦᠷᠭᠡ ᠬᠠᠷᠢᠭᠤᠴᠠᠯᠭ᠎ᠠ ᠳᠠᠭᠠᠨ ᠬᠡᠷᠬᠢᠨ ᠰᠠᠭᠤᠷᠢᠯᠠᠵᠤ | ᠬᠢᠨᠠᠯᠲᠠ ᠲᠠᠯᠪᠢᠬᠤ ᠪᠠᠨ ᠴᠢᠩᠭᠠᠳᠬᠠᠵᠤ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠣᠶ︾ ︽ᠰᠢᠨ᠎ᠡ ᠪᠠᠷ | ᠵᠠᠰᠠᠪᠤᠷᠢ ᠣᠷᠣᠭᠤᠯᠤᠭᠰᠠᠨ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ | ᠲᠦᠷᠢᠮ﹀ ᠤᠨ ᠲᠤᠬᠠᠶ ᠤᠶᠢᠯᠠᠭᠠᠯᠳᠠ ᠪᠡ ᠬᠡᠷᠡᠭᠯᠡᠯᠳᠡ︾ ᠬᠡᠬᠦ 3 ᠲᠤᠰᠬᠠᠶ ᠰᠡᠳᠦᠪ ᠤᠨ ᠲᠣᠭᠤᠷᠢᠨ ᠳᠤ ᠨᠠᠷᠢᠨ | ᠨᠢᠮᠪᠠᠶ ᠲᠠᠶᠢᠯᠤᠮᠵᠢ ᠬᠢᠪᠠ᠃ | ᠲᠣᠰ ᠤᠳᠠᠭᠠᠨ ᠤ ᠪᠣᠯᠪᠠᠰᠤᠷᠠᠯ ᠨᠢ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ | ᠪᠠᠶᠢᠴᠠᠭᠠᠬᠤ ᠠᠵᠢᠯ ᠢ ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ ᠪᠠᠶᠢᠭᠤᠯᠤᠯᠲᠠ ᠶᠢ ᠤᠯᠠᠮ ᠨᠢᠭᠡ | ᠠᠯᠬᠤᠮ ᠠᠬᠢᠭᠤᠯᠵᠤ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ | ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ | ᠨᠢ ᠦᠨᠡᠨ ᠬᠦ ᠳᠡᠭᠡᠭᠰᠢᠯᠡᠭᠦᠯᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢᠨ ᠠᠵᠢᠯ ᠳᠤ ᠬᠦᠴᠦᠨ ᠴᠢᠳᠠᠯ ᠢᠶᠠᠨ ᠡᠷᠭᠦᠪᠡ᠃ |