ᠲᠠᠩ ᠢ ᠬᠤᠲᠠ ᠶᠢᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/28
     5 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠠᠵᠢᠯ ᠤᠨ ᠲᠤᠬᠠᠢ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠤᠭᠳᠠᠯ ᠪᠥᠬᠦᠶ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠭᠤᠷᠪᠠᠨ ᠲᠣᠭᠤᠷᠢᠭ ᠵᠢᠴᠢ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠡᠯ᠎ᠡ ᠲᠦᠷᠦᠭᠦᠯᠡᠨ ᠬᠢᠬᠦ ᠨᠢᠭᠡᠴᠡ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠤᠰᠬᠠᠶ ᠬᠠᠷᠠᠯᠲᠠ ᠪᠣᠯᠭᠠᠵᠤ ᠬᠢᠨᠠᠨ ᠰᠢᠯᠭᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠡᠮ ᠰᠣᠭᠤᠭ ᠤᠨ ᠰᠢᠯᠲᠠᠭᠠᠨ ᠢᠶᠠᠨ ᠵᠠᠳᠠᠯᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠳᠤᠷᠠᠳᠪᠠ᠃ ᠲᠠᠩ ᠢ ᠬᠡᠯᠡᠭᠰᠡᠨ ᠨᠢ᠂ ᠲᠠᠪᠤᠨ ᠶᠡᠭᠡ ᠡᠭᠦᠷᠭᠡ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠲᠠᠪᠤᠨ ᠶᠡᠭᠡ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠪᠣᠯ ᠪᠢᠳᠡᠨ ᠤ ᠡᠷᠬᠡᠪᠰᠢ ᠡᠭᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠃ ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠲᠠᠯ᠎ᠠ ᠪᠠᠷ ᠵᠠᠳᠠᠯᠵᠤ᠂ ᠵᠦᠷᠢᠶ᠎ᠡ ᠪᠠᠨ ᠭᠦᠨᠵᠡᠭᠡᠢ ᠡᠷᠭᠢᠴᠡᠭᠦᠯᠦᠨ ᠪᠣᠳᠣᠯᠬᠢᠯᠠᠵᠤ᠂ ᠢᠯᠠᠩᠭᠤᠶ᠎ᠠ ᠠᠵᠢᠯ ᠤᠨ ᠳᠤᠮᠳᠠ ᠠᠬᠢᠭᠤᠯᠬᠤ ᠨᠢ ᠤᠳᠠᠭᠠᠨ᠂ ᠠᠳᠬᠤᠬᠤ ᠨᠢ ᠪᠣᠳᠠᠲᠠᠢ ᠪᠤᠰᠣ᠂ ᠡᠷᠴᠢ ᠵᠣᠷᠢᠭ ᠬᠦᠷᠦᠯᠴᠡᠬᠦ ᠦᠭᠡᠢ᠂ ᠠᠷᠭ᠎ᠠ ᠬᠡᠮᠵᠢᠶ᠎ᠡ ᠨᠢ ᠬᠦᠴᠦᠨ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠬᠠᠨᠳᠤᠯᠭᠠᠲᠤ ᠴᠢᠨᠠᠷᠲᠠᠢ ᠪᠠᠷ ᠠᠷᠭ᠎ᠠ ᠬᠡᠮᠵᠢᠶ᠎ᠡ ᠰᠦᠪᠡᠭᠴᠢᠯᠡᠵᠦ᠂ ᠠᠵᠢᠯ ᠢᠶᠠᠨ ᠰᠠᠶᠢᠵᠢᠷᠠᠭᠤᠯᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠠᠰᠤ ᠴᠢᠨᠠᠷ ᠦᠷ᠎ᠡ ᠪᠦᠲᠦᠮᠵᠢ ᠪᠠᠨ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠭᠡᠵᠡᠢ᠃      ᠲᠠᠩ ᠢ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃ ᠨᠢᠭᠡ ᠳᠤ᠂ ᠭᠦᠨᠵᠡᠭᠡᠢ ᠲᠤᠩᠭᠠᠨ ᠪᠣᠳᠣᠯᠬᠢᠯᠠᠵᠤ᠂ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠬᠡᠷᠡᠭᠲᠡᠢ᠃ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠶᠢᠨ ᠪᠣᠳᠠᠲᠠᠶ ᠢᠯᠡᠷᠡᠯ ᠪᠣᠯᠭᠠᠵᠤ᠂ ᠲᠠᠨᠢᠯᠲᠠ᠂ ᠣᠪᠣᠷ᠂ ᠰᠤᠷᠲᠠᠯ᠂ ᠪᠠᠶᠢᠳᠠᠯ ᠵᠢᠴᠢ ᠠᠵᠢᠯ ᠤᠨ ᠲᠠᠯ᠎ᠠ ᠶᠢᠨ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠭᠦᠨᠵᠡᠭᠡᠶ ᠡᠷᠭᠢᠴᠡᠭᠦᠯᠦᠨ ᠪᠣᠳᠣᠯᠬᠢᠯᠠᠵᠤ᠂ ᠬᠠᠷᠠᠯᠲᠠ ᠪᠠᠨ ᠲᠣᠭᠲᠠᠭᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠳᠡᠢ᠃ ᠬᠤᠶᠠᠷ ᠲᠤ᠂ ᠭᠤᠣᠯᠳᠠᠯᠭ᠎ᠠ ᠶᠢ ᠠᠳᠬᠤᠵᠤ᠂ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ᠃ ᠬᠢᠨᠠᠨ ᠰᠢᠯᠭᠠᠬᠤ ᠬᠦᠢᠴᠡᠳᠭᠡᠯ ᠲᠤᠭ᠎ᠠ ᠶᠢ ᠭᠦᠨᠵᠡᠭᠡᠶ ᠰᠤᠳᠤᠯᠤᠨ ᠵᠠᠳᠠᠯᠵᠤ᠂ ᠭᠤᠤᠯ ᠰᠢᠪᠲᠤᠯᠤᠯᠲᠠ ᠶᠢᠨ ᠴᠢᠭ᠂ ᠬᠦᠴᠦᠯᠡᠬᠦ‍ ᠴᠢᠭ ᠢᠶᠠᠨ ᠦᠨᠡᠨ ᠬᠦ ᠣᠨᠣᠪᠴᠢᠲᠠᠶ ᠡᠷᠢᠨ ᠣᠯᠵᠤ᠂ ᠳᠥᠷᠪᠡᠨ ᠵᠦᠢᠯ ᠤᠨ ᠠᠵᠤ ᠠᠬᠤᠶ ᠶᠢᠨ ᠬᠦᠢᠴᠡᠳᠬᠡᠯ ᠲᠤᠭ᠎ᠠ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠦᠬᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠵᠡᠷᠭᠡ ᠳᠤᠲᠠᠭᠤᠳᠠᠯ ᠤᠨ ᠬᠦᠢᠴᠡᠳᠬᠡᠯ ᠲᠤᠭ᠎ᠠ ᠶᠢ ᠲᠣᠪᠤᠶᠢᠮ᠎ᠠ ᠰᠠᠶᠢᠲᠤᠷ ᠠᠳᠬᠤᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠵᠡᠷᠭᠡ ᠳᠠᠪᠠᠭᠤᠯᠢᠭ ᠬᠦᠢᠴᠡᠳᠭᠡᠯ ᠲᠤᠭ᠎ᠠ ᠶᠢ ᠦᠷᠭᠦᠯᠵᠢᠯᠡᠨ ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠵᠡᠷᠭᠡ ᠬᠤᠷᠢᠭ᠎ᠠ ᠱᠤᠭᠤᠮ ᠤᠨ ᠬᠦᠢᠴᠡᠳᠭᠡᠯ ᠲᠤᠭ᠎ᠠ ᠶᠢ ᠪᠠᠲᠤ ᠰᠠᠬᠢᠬᠤ ᠬᠡᠷᠡᠭᠳᠡᠢ᠃ ᠭᠤᠷᠪᠠ ᠳᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠬᠠᠷᠢᠴᠠᠭᠤᠯᠤᠨ ᠳᠠᠩᠰᠠ ᠲᠤᠰᠢᠶᠠᠬᠤ ᠬᠡᠷᠡᠭᠲᠡᠢ᠃ ᠦᠷ᠎ᠡ ᠠᠰᠢᠭ ᠤᠨ ᠤᠬᠠᠮᠰᠠᠷ ᠢᠶᠠᠨ ᠴᠢᠩᠭᠠᠳᠬᠠᠵᠤ᠂ ᠡᠷᠲᠡ ᠲᠣᠬᠢᠷᠠᠭᠤᠯᠵᠤ᠂ ᠡᠷᠲᠡ ᠪᠠᠶᠢᠷᠢᠯᠠᠭᠤᠯᠵᠤ᠂ ᠡᠷᠲᠡ ᠬᠥᠳᠡᠯᠦᠯᠴᠡᠵᠦ᠂ ᠡᠷᠲᠡ ᠨᠠᠶᠢᠳᠠᠪᠤᠷᠢᠵᠢᠭᠤᠯᠵᠤ᠂ ᠲᠣᠬᠢᠷᠠᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ᠃ ᠨᠠᠷᠢᠨ ᠲᠠᠩᠰᠠᠵᠢᠭᠤᠯᠤᠨ᠂ ᠲᠦᠷᠦᠯ ᠵᠦᠢᠯᠵᠢᠭᠦᠯᠦᠨ ᠠᠵᠢᠯ ᠢᠶᠠᠨ ᠠᠬᠢᠭᠤᠯᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠠᠶᠢᠵᠠᠮ ᠤᠨ ᠡᠷᠴᠢᠮ ᠢ ᠪᠠᠲᠤᠯᠠᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠲᠦᠷᠪᠡ ᠳᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠬᠡᠷᠡᠭᠲᠡᠢ᠃ ᠡᠯ᠎ᠡ ᠲᠣᠭᠤᠷᠢᠭ ᠤᠨ ᠬᠢᠨ ᠬᠠᠷᠢᠭᠤᠴᠠᠯᠭ᠎ᠠ ᠡᠷᠡᠰ ᠡᠭᠦᠷᠭᠡᠯᠡᠵᠦ᠂ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠵᠤ᠂ ᠲᠦᠷᠦᠭᠦᠯᠡᠨ ᠬᠢᠵᠦ᠂ ᠳᠠᠷᠤᠯᠲᠠ ᠶᠢ ᠪᠦᠲᠦᠮᠵᠢᠲᠡᠢ ᠳᠠᠮᠵᠢᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠠᠩᠰᠠ ᠮᠡᠳᠡᠭᠦᠯᠵᠦ ᠳᠠᠩᠰᠠ ᠲᠤᠰᠢᠶᠠᠬᠤ ᠬᠡᠷᠡᠭᠲᠡᠢ᠃ ᠬᠤᠲᠠ ᠲᠣᠭᠤᠷᠢᠭ ᠤᠨ ᠬᠤᠯᠪᠣᠭᠠᠯᠠᠨ ᠬᠥᠳᠡᠯᠦᠯᠴᠡᠵᠦ ᠠᠬᠢᠭᠤᠯᠬᠤ ᠶᠢ ᠴᠢᠩᠭᠠᠳᠬᠠᠵᠤ᠂ ᠡᠯ᠎ᠡ ᠲᠦᠷᠦᠭᠦᠯᠡᠬᠦ ᠰᠠᠯᠠᠭ᠎ᠠ ᠮᠥᠴᠢᠷ᠂ ᠬᠠᠷᠢᠭᠤᠴᠠᠯᠭᠠᠲᠤ ᠨᠢᠭᠡᠴᠡ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠯᠡᠬᠦ᠂ ᠵᠣᠬᠢᠴᠠᠭᠤᠯᠬᠤ᠂ ᠵᠢᠯᠣᠭᠤᠳᠬᠤ᠂ ᠱᠠᠯᠠᠪᠳᠠᠭᠤᠯᠬᠤ᠂ ᠬᠠᠮᠵᠢᠯᠴᠠᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ ᠠᠬᠢᠭᠤᠯᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号