ᠼᠦᠢ ᠵᠢᠩ ᠶᠢᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠤᠭᠰᠠᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠤᠨ ᠲᠤᠬᠠᠢ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/5/28
     5 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠣᠨ ᠤ ᠪᠦᠯᠬᠦᠮᠳᠡᠯ ᠰᠢᠨ᠎ᠡ ᠲᠣᠰᠬᠤᠨ ᠳᠤ ᠬᠦᠷᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠤᠭᠰᠠᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠤᠨ ᠲᠤᠬᠠᠢ ᠪᠠᠶᠢᠴᠠᠭᠠᠨ ᠰᠣᠳᠣᠯᠣᠯᠳᠠ ᠬᠢᠪᠡ᠃

     ᠪᠦᠯᠬᠦᠮᠳᠡᠯ ᠰᠢᠨ᠎ᠡ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠼᠦᠢ ᠵᠢᠩ

ᠶᠢᠩ ᠲᠣᠰᠬᠤᠨ ᠤ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠨᠳᠦᠰᠦᠨ ᠱᠠᠲᠤᠨ ᠤ ᠨᠠᠮ ᠤᠨ

ᠪᠠᠶᠢᠭᠤᠯᠤᠯᠲᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠦᠨᠳᠦᠰᠦᠨ ᠱᠠᠲᠤᠨ ᠤ ᠳᠠᠷᠤᠭᠠᠰᠤ ᠶᠢ

ᠬᠥᠩᠭᠡᠷᠡᠭᠦᠯᠬᠦ ᠵᠡᠷᠭᠡ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠵᠤ᠂ ᠬᠥᠳᠡᠭᠡ ᠲᠣᠰᠬᠤᠨ ᠤ

ᠵᠠᠰᠠᠯᠲᠠ᠂ ᠨᠥᠬᠦᠪᠥᠷᠢ ᠣᠯᠭᠤᠬᠤ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠢ

ᠨᠠᠷᠢᠨ ᠬᠢᠨᠠᠮᠠᠭᠠᠢ ᠰᠣᠨᠣᠰᠪᠠ᠃ ᠼᠦᠢ ᠵᠢᠩ ᠶᠢᠩ ᠬᠡᠯᠡᠭᠰᠡᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ

ᠬᠥᠮᠦᠵᠢᠯ ᠢ ᠥᠷᠨᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ

ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ

ᠴᠡᠭᠴᠡᠯᠡᠨ ᠵᠠᠰᠠᠬᠤ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ

ᠪᠠᠶᠢᠷᠢᠯᠠᠭᠤᠯᠤᠯᠲᠠ ᠮᠥᠨ᠂ ᠪᠢᠳᠡᠨ ᠤ ᠡᠷᠬᠡᠪᠰᠢ ᠰᠠᠶᠢᠲᠤᠷ ᠠᠳᠬᠤᠬᠤ ᠬᠡᠷᠡᠭᠲᠡᠢ ᠤᠯᠤᠰ ᠲᠦᠷᠦ ᠶᠢᠨ ᠡᠭᠦᠷᠭᠡ ᠮᠥᠨ᠃

ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ

ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠨᠠᠮᠴᠢ ᠴᠢᠨᠠᠷ

ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠴᠢᠳᠠᠪᠤᠷᠢ ᠰᠤᠷᠲᠠᠯ ᠤᠨ

ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ

ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ

ᠬᠤᠪᠢᠷᠠᠭᠤᠯᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ᠃

ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠨᠠᠷ

ᠰᠠᠶᠢᠲᠠᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠨᠠᠮ ᠤᠨ ᠭᠡᠰᠢᠭᠦᠨ

ᠺᠠᠳ᠋ᠷᠴᠤᠳ ᠲᠤ ᠦᠨᠡᠨ ᠬᠦ ᠰᠡᠷᠡᠮᠵᠢ ᠥᠭᠴᠦ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠶᠢ

ᠮᠡᠳᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠭᠡᠯ ᠢᠶᠠᠨ

ᠲᠠᠰᠤᠷᠠᠯᠳᠠ ᠦᠭᠡᠢ ᠪᠠᠬᠢᠵᠢᠭᠦᠯᠦᠨ ᠥᠷᠭᠡᠳᠬᠡᠵᠦ᠂ ᠬᠡᠯᠪᠡᠷᠢᠴᠢ ᠦᠵᠡᠯ ᠢ ᠬᠦᠴᠦᠯᠡᠨ ᠵᠠᠯᠠᠷᠠᠭᠤᠯᠤᠨ ᠵᠠᠰᠠᠵᠤ᠂

ᠺᠠᠳ᠋ᠷᠴᠤᠳ ᠤᠨ ᠲᠠᠷᠣᠭᠠᠰᠣ ᠶᠢ ᠨᠢ ᠬᠦᠡᠭᠭᠡᠷᠡᠭᠦᠯᠦᠨ ᠠᠵᠢᠯ ᠳᠤ ᠣᠷᠣᠯᠴᠠᠭᠤᠯᠵᠤ᠂ ᠨᠡᠩ ᠤᠯᠠᠨ ᠴᠠᠭ ᠪᠠ ᠤᠶᠤᠨ

ᠴᠢᠳᠠᠯ ᠢᠶᠠᠨ ᠠᠵᠢᠯ ᠬᠢᠵᠦ ᠦᠢᠯᠡᠰ ᠪᠤᠰᠬᠠᠬᠤ ᠪᠠ ᠠᠷᠠᠳ ᠲᠦᠮᠡᠨ ᠳᠤ ᠦᠢᠯᠡᠴᠢᠯᠡᠬᠦ ᠳᠤᠮᠳᠠ ᠲᠥᠪᠯᠡᠷᠡᠭᠦᠯᠬᠦ

ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂

ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠭᠦᠨᠵᠡᠭᠡᠢ ᠵᠢᠭᠰᠠᠭᠠᠨ

ᠪᠠᠶᠢᠴᠠᠭᠠᠵᠤ᠂ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ

ᠦᠨᠡᠨᠬᠦ ᠮᠡᠳᠡᠷᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ

ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠠᠮᠢᠳᠤᠷᠠᠯ ᠳᠤ ᠬᠡᠷᠡᠭᠯᠡᠬᠦ ᠤᠰᠤ᠂ ᠬᠤᠭ ᠨᠣᠪᠰᠢ ᠶᠢ ᠴᠡᠪᠡᠷᠯᠡᠨ

ᠲᠡᠭᠡᠭᠡᠪᠦᠷᠢᠯᠡᠬᠦ ᠵᠡᠷᠭᠡ ᠪᠠᠴᠢᠮ ᠬᠦᠴᠢᠷ ᠵᠤᠪᠠᠨᠢᠯ ᠡᠷᠡᠮᠡᠯᠵᠡᠯ ᠤᠨ ᠠᠰᠠᠭᠤᠳᠠᠯ ᠢ ᠨᠢ ᠬᠦᠴᠦᠯᠡᠨ ᠰᠢᠢᠳᠪᠦᠷᠢᠯᠡᠵᠦ᠂

ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠤᠯᠠᠨ ᠲᠦᠮᠡᠨ ᠤ

ᠬᠦᠷᠲᠡᠮᠵᠢ ᠶᠢᠨ ᠲᠦᠷᠦᠭᠳᠡᠯ ᠢ ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号