ᠪᠥᠬᠦ ᠬᠤᠲᠠ ᠶᠢᠨ ᠰᠦᠯᠵᠢᠶᠡᠨ ᠤ ᠠᠮᠤᠷ ᠲᠦᠪᠰᠢᠨ ᠤ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/5/29
     5 ᠰᠠᠷ᠎ᠠ ᠶᠢᠨ 27 ᠤ ᠡᠳᠦᠷ᠂ ᠪᠥᠬᠦ ᠬᠤᠲᠠ ᠶᠢᠨ ᠰᠦᠯᠵᠢᠶᠡᠨ ᠤ ᠠᠮᠤᠷ ᠲᠦᠪᠰᠢᠨ ᠤ ᠤᠷ᠎ᠠ ᠴᠢᠳᠠᠪᠤᠷᠢ ᠶᠢ  ᠨᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠦᠬᠠᠶ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠲᠤ ᠬᠢᠴᠢᠶᠡᠯ ᠡᠬᠢᠯᠡᠪᠡ᠃      ᠲᠣᠰ ᠤᠳᠠᠭᠠᠨ ᠤ ᠪᠣᠯᠪᠠᠰᠤᠷᠠᠯ ᠨᠢ 4 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 8 ᠲᠦᠷᠦᠯ ᠤᠨ ᠬᠢᠴᠢᠶᠡᠯ ᠢ ᠪᠠᠭᠲᠠᠭᠠᠵᠤ᠂ ᠭᠤᠤᠯᠳᠠᠭᠤ ᠰᠦᠯᠵᠢᠶᠡᠨ ᠤ ᠠᠮᠤᠷ ᠲᠦᠪᠰᠢᠨ ᠤ ᠳᠠᠭᠠᠷᠢᠯᠲᠠ ᠶᠢ ᠰᠡᠷᠭᠡᠶᠢᠯᠡᠬᠦ ᠮᠡᠳᠡᠯᠭᠡ ᠶᠢᠨ ᠰᠢᠰᠲ᠋ᠧᠮ᠂ ᠳᠠᠭᠠᠷᠢᠯᠲᠠ ᠶᠢ ᠰᠡᠷᠭᠡᠶᠢᠯᠡᠬᠦ ᠪᠣᠳᠠᠲᠤ ᠳᠠᠶᠢᠨ ᠤ ᠤᠷᠤᠯᠳᠤᠭᠠᠨ ᠤ ᠰᠠᠭᠤᠷᠢ᠂ ᠨᠢᠭᠤᠴᠠ ᠲᠡᠮᠳᠡᠭ ᠤᠨ ᠤᠬᠠᠭᠠᠨ᠂ ᠬᠡᠷᠡᠭ ᠤᠨ ᠵᠢᠱᠢᠶ᠎ᠡ ᠶᠢ ᠵᠠᠳᠠᠯᠬᠤ ᠪᠠ ᠰᠢᠢᠳᠪᠦᠷᠢᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠪᠠ᠃ ᠮᠠᠨ ᠤ ᠬᠤᠲᠠ ᠶᠢᠨ ᠡᠯ᠎ᠡ ᠭᠤᠤᠯᠳᠠᠯᠭ᠎ᠠ ᠲᠠᠢ ᠰᠠᠯᠠᠭ᠎ᠠ ᠮᠥᠴᠢᠷ ᠨᠢᠭᠡᠴᠡ ᠪᠣᠯᠤᠨ ᠠᠵᠤ ᠠᠬᠤᠶᠢᠯᠠᠯ ᠤᠨ 120 ᠭᠠᠷᠤᠶ ᠲᠤᠤᠷ ᠰᠦᠯᠵᠢᠶ᠎ᠡ ᠪᠣᠯᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠭᠴᠢ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃      ᠲᠣᠰ ᠤᠳᠠᠭᠠᠨ ᠤ ᠪᠣᠯᠪᠠᠰᠤᠷᠠᠯ ᠤᠨ ᠵᠣᠷᠢᠯᠭ᠎ᠠ ᠨᠢ ᠮᠠᠨ ᠤ ᠬᠤᠲᠠ ᠶᠢᠨ ᠰᠦᠯᠵᠢᠶᠡᠨ ᠤ ᠠᠮᠤᠷ ᠲᠦᠪᠰᠢᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠰᠦᠯᠵᠢᠶᠡᠨ ᠤ ᠠᠮᠤᠷ ᠲᠦᠪᠰᠢᠨ ᠤ ᠮᠡᠷᠭᠡᠵᠢᠯ ᠤᠨ ᠴᠢᠳᠠᠪᠤᠷᠢᠲᠠᠨ ᠢ ᠢᠯᠡᠷᠡᠭᠦᠯᠦᠨ ᠬᠥᠮᠦᠵᠢᠭᠦᠯᠵᠦ᠂ ᠪᠣᠯᠪᠠᠰᠤᠷᠠᠯ ᠳᠤ ᠣᠷᠣᠯᠴᠠᠭᠰᠠᠳ ᠤᠨ ᠰᠦᠯᠵᠢᠶᠡᠨ ᠤ ᠠᠮᠤᠷ ᠲᠦᠪᠰᠢᠨ ᠤ ᠳᠠᠭᠠᠷᠢᠯᠲᠠ ᠶᠢ ᠰᠡᠷᠭᠡᠶᠢᠯᠡᠬᠦ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠰᠦᠯᠵᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠨᠠᠩ ᠰᠠᠶᠢᠲᠤᠷ ᠰᠡᠷᠭᠡᠶᠢᠯᠡᠨ ᠠᠷᠢᠯᠭᠠᠵᠤ᠂ ᠪᠥᠬᠦ ᠬᠤᠲᠠ ᠶᠢᠨ ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠪᠠᠬᠢᠵᠢᠭᠦᠯᠬᠦ ᠶᠢᠨ ᠲᠥᠯᠥᠭᠡ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号