ᠡᠨᠡ ᠵᠢᠯ ᠠᠴᠠ ᠨᠠᠰᠢ᠂ ᠮᠠᠨ ᠤ ᠬᠤᠲᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ | ᠲᠤᠤᠱᠯᠠᠭᠤᠯᠵᠤ᠂ ᠲᠥᠬᠦᠭᠡᠷᠦᠮᠵᠢ ᠪᠠᠨ ᠰᠢᠨᠡᠴᠢᠯᠡᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠪᠠᠨ | ᠤᠷᠲᠤᠳᠬᠠᠬᠤ ᠶᠢ ᠲᠦᠷᠭᠡᠳᠬᠡᠵᠦ᠂ ᠠᠵᠤ ᠦᠢᠯᠡᠰ ᠤᠨ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢᠶᠠᠨ ᠴᠢᠩᠭᠠᠳᠬᠠᠵᠤ᠂ ᠭᠠᠵᠠᠷ ᠣᠷᠣᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠠᠬᠢᠭᠤᠯᠪᠠ᠃ 1 ᠠᠴᠠ 4 ᠰᠠᠷ᠎ᠠ ᠪᠣᠯᠲᠠᠯ᠎ᠠ᠂ ᠪᠥᠬᠦ | ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 10.6% ᠪᠠᠷ ᠨᠡᠮᠡᠭᠳᠡᠪᠡ᠃ | ᠣᠶᠢᠷ᠎ᠠ ᠳᠤ᠂ ᠰᠤᠷᠪᠤᠯᠵᠢᠯᠠᠭᠴᠢ ᠦᠬᠠᠶ ᠶᠢᠨ ᠡᠨᠧᠷᠭᠢ ᠶᠢᠨ ᠺᠣᠮᠫᠠᠨᠢ ᠶᠢᠨ ᠬᠤᠸᠠᠩ ᠪᠠᠶ ᠽᠢ ᠨᠡᠭᠦᠷᠡᠰᠦᠨ | ᠠᠭᠤᠷᠬᠠᠶ ᠶᠢᠨ ᠲᠥᠪᠯᠡᠷᠡᠭᠦᠯᠦᠨ ᠡᠵᠡᠮᠳᠡᠬᠦ ᠲᠥᠪ ᠲᠤ ᠬᠦᠷᠴᠦ᠂ ᠲᠣᠮᠣ ᠳᠡᠯᠭᠡᠴᠡ ᠳᠡᠭᠡᠷ᠎ᠡ ᠠᠴᠠ ᠬᠤᠳᠳᠤᠭ | ᠳᠣᠤᠷᠠᠬᠢ ᠲᠥᠬᠦᠭᠡᠷᠦᠮᠵᠢ ᠶᠢᠨ ᠠᠵᠢᠯᠯᠠᠵᠤ ᠪᠠᠶᠢᠭ᠎ᠠ ᠪᠠᠶᠢᠳᠠᠯ ᠤᠨ ᠬᠦᠢᠴᠡᠳᠭᠡᠯ ᠲᠤᠭ᠎ᠠ ᠶᠢ ᠨᠢ ᠲᠤᠳᠣᠷᠬᠠᠢ ᠣᠯᠵᠣ | ᠦᠵᠡᠭᠰᠡᠨ ᠪᠦᠭᠡᠳ ᠬᠤᠳᠳᠤᠭ ᠲᠤᠤᠷ᠎ᠠ ᠠᠴᠠ ︽ᠬᠠᠷ᠎ᠠ ᠠᠯᠳᠠ︾ ᠶᠢ ᠲᠠᠰᠤᠷᠠᠯᠲᠠ ᠥᠬᠡᠶ ᠵᠥᠭᠡᠭᠡᠪᠦᠷᠢᠯᠡᠵᠦ | ᠪᠠᠶᠢᠬᠤ ᠶᠢ ᠤᠯᠵᠤ ᠬᠠᠷᠠᠪᠠ᠃ ᠨᠢᠭᠡᠨᠲᠡ 60 ᠭᠠᠷᠤᠶ ᠵᠢᠯ ᠮᠠᠯᠲᠠᠭᠰᠠᠨ ᠬᠠᠭᠤᠴᠢᠨ ᠠᠭᠤᠷᠬᠠᠶ ᠶᠢᠨ ᠬᠤᠳᠳᠤᠭ | ᠪᠣᠯᠤᠭᠰᠠᠨ ᠤ ᠬᠤᠪᠢ ᠳᠤ᠂ ᠲᠤᠰ ᠨᠡᠭᠦᠷᠡᠰᠦᠨ ᠠᠭᠤᠷᠬᠠᠶ ᠨᠢ ᠤᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ | ᠥᠷᠨᠢᠭᠦᠯᠬᠦ ᠪᠠᠷ ᠳᠠᠮᠵᠢᠨ᠂ ᠤᠶᠤᠨᠴᠢᠯᠠᠭᠰᠠᠨ ᠨᠢᠮᠭᠡᠨ ᠨᠡᠭᠦᠷᠡᠰᠦᠨ ᠳᠠᠪᠬᠤᠷᠭ᠎ᠠ ᠶᠢᠨ ᠶᠡᠷᠦᠩᠬᠡᠶᠢᠯᠡᠨ ᠮᠠᠯᠲᠠᠬᠤ ᠠᠵᠢᠯ | ᠤᠨ ᠲᠠᠯᠠᠪᠣᠷ᠂ ᠠᠦ᠋ᠲ᠋ᠣᠴᠢᠯᠠᠭᠰᠠᠨ ᠦᠷᠭᠦᠯᠵᠢᠯᠡᠨ ᠮᠠᠯᠲᠠᠬᠤ ᠠᠵᠢᠯ ᠤᠨ ᠲᠠᠯᠠᠪᠤᠷ᠂ ᠣᠶᠤᠨᠴᠢᠯᠠᠭᠰᠠᠨ ᠰᠠᠯᠬᠢ | ᠨᠡᠪᠲᠡᠷᠡᠭᠦᠯᠬᠦ᠂ ᠢᠯᠡ ᠲᠣᠳᠣ ᠭᠠᠵᠠᠷ ᠰᠢᠨᠵᠢᠯᠡᠭᠡᠨ ᠤ ᠪᠠᠲᠤᠯᠠᠭ᠎ᠠ᠂ ᠶᠡᠭᠡ ᠳ᠋ᠠᠶᠢᠲ᠋ᠠ ᠶᠢᠨ ᠲᠠᠪᠴᠠᠩ ᠵᠡᠷᠭᠡ 41 | ᠵᠦᠢᠯ ᠤᠨ ᠤᠶᠤᠨᠴᠢᠯᠠᠭᠰᠠᠨ ᠲᠥᠷᠥᠯ ᠵᠦᠢᠯ ᠢ ᠨᠢᠭᠡᠨᠲᠡ ᠪᠠᠶᠢᠭᠤᠯᠵᠤ᠂ ᠠᠵᠤ ᠠᠬᠤᠶᠢᠯᠠᠯ ᠤᠨ ᠠᠮᠤᠷ ᠲᠣᠭᠲᠠᠭᠤᠨ | ᠠᠶᠤᠯᠭᠦᠶ ᠦᠢᠯᠡᠳᠪᠦᠷᠢᠯᠡᠯ ᠳᠤ ᠨᠠᠶᠢᠳᠠᠪᠤᠷᠢᠲᠠᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠬᠤᠸᠠᠩ ᠪᠠᠢ ᠽᠢ ᠨᠡᠭᠦᠷᠡᠰᠦᠨ | ᠠᠭᠤᠷᠬᠠᠢ ᠶᠢᠨ ᠮᠠᠰᠢᠨ ᠴᠠᠬᠢᠯᠭᠠᠨ ᠤ ᠰᠠᠯᠠᠭᠠᠨ ᠤ ᠳᠠᠷᠤᠭ᠎ᠠ ᠵᠠᠩ ᠮᠢᠩ᠄ ︽ᠠᠭᠤᠷᠬᠠᠢ ᠶᠢᠨ ᠬᠤᠳᠳᠤᠭ ᠤᠨ | ᠲᠣᠨᠣᠭᠯᠠᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ ᠮᠠᠯᠲᠠᠬᠤ ᠣᠷᠠᠨ ᠲᠠᠷᠬᠠᠯᠠᠯ ᠢᠶᠠᠨ ᠰᠢᠯᠢᠳᠡᠭᠵᠢᠭᠦᠯᠬᠦ ᠪᠠᠷ | ᠳᠠᠮᠵᠢᠨ᠂ ᠮᠠᠨ ᠤ ᠡᠭᠡᠯᠵᠢ ᠪᠦᠷᠢ ᠳᠤ 5000 ᠲᠣᠨ ᠣᠷᠴᠢᠮ ᠣᠣᠭᠠᠨ ᠨᠡᠭᠦᠷᠡᠰᠦ ᠦᠢᠯᠡᠳᠪᠦᠷᠢᠯᠡᠵᠦ᠂ | ᠠᠭᠤᠷᠬᠠᠢ ᠶᠢᠨ ᠬᠤᠳᠳᠤᠭ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ | ᠪᠡᠶᠡᠯᠡᠭᠦᠯᠵᠡᠢ︾ ᠭᠡᠵᠦ ᠬᠡᠯᠡᠪᠡ᠃ | ᠪᠦᠬᠦ ᠤᠯᠤᠰ ᠤᠨ ᠦᠢᠯᠡᠳᠪᠦᠷᠢᠯᠡᠬᠦ ᠬᠡᠪᠴᠢᠶ᠎ᠡ ᠪᠠᠷ ᠬᠠᠮᠤᠭ ᠤᠨ ᠶᠡᠭᠡ BDO ᠵᠢᠴᠢ ᠳᠤᠤᠷᠠᠳᠤ | ᠤᠷᠤᠰᠬᠠᠯ ᠤᠨ ᠨᠠᠷᠢᠯᠢᠭ ᠪᠣᠯᠪᠠᠰᠤᠷᠠᠭᠤᠯᠬᠤ ᠪᠦᠲᠦᠭᠡᠭᠳᠡᠬᠦᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ— ᠥᠪᠥᠷ ᠮᠣᠩᠭᠤᠯ ᠤᠨ ᠳ᠋ᠦᠩ ᠵᠢᠩ ᠠᠮᠢᠳᠤ ᠪᠣᠳᠠᠰ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠦᠲᠦᠭᠡᠨ | ᠪᠠᠶᠢᠭᠤᠯᠤᠭᠰᠠᠨ ︽ᠨᠡᠭᠦᠷᠡᠰᠦ— ᠴᠠᠬᠢᠯᠭᠠᠨ— ᠴᠤᠬᠤᠢ ᠶᠢᠨ ᠴᠢᠯᠠᠭᠤ— ᠴᠠᠬᠢᠯᠠᠭᠤᠷ ᠴᠢᠯᠠᠭᠤ— | BDO— ᠵᠠᠳᠠᠷᠠᠵᠤ ᠪᠣᠯᠬᠤ ᠰᠦᠯᠢᠶᠥᠦ— ᠵᠠᠳᠠᠷᠠᠵᠤ ᠪᠣᠯᠬᠤ ᠪᠥᠭᠡᠭᠡᠨᠡᠷᠡᠯ ᠡᠰᠲ᠋ᠧᠷ ᠤᠨ ᠦᠢᠯᠡᠳᠬᠦᠨ︾ ᠤ | ᠠᠵᠤ ᠦᠢᠯᠡᠰ ᠤᠨ ᠬᠡᠯᠬᠢᠶ᠎ᠡ ᠨᠢ ︽ᠲᠦᠬᠦᠭᠡᠢ ᠡᠳ᠋ ᠢ ᠮᠠᠲ᠋ᠧᠷᠢᠶᠠᠯ ᠪᠣᠯᠭᠠᠵᠤ᠂ ᠮᠠᠲ᠋ᠧᠷᠢᠶᠠᠯ ᠢ ᠦᠢᠯᠡᠳᠭᠦᠨ ᠪᠣᠯᠭᠠᠬᠤ︾ | ᠣᠷᠴᠢᠯ ᠠᠵᠤ ᠦᠢᠯᠡᠰ ᠤᠨ ᠵᠠᠭᠪᠤᠷ ᠢ ᠪᠡᠶᠡᠯᠡᠭᠦᠯᠵᠦ ᠪᠣᠯᠤᠨ᠎ᠠ᠃ ᠺᠣᠮᠫᠠᠨᠢ ᠶᠢᠨ ᠡᠯ᠎ᠡ ᠠᠵᠢᠯ ᠤᠨ ᠪᠠᠶᠢᠷᠢ ᠶᠢᠨ | ᠠᠵᠢᠯᠴᠢᠨ ᠱᠠᠯᠠᠪᠳᠠᠨ ᠦᠢᠯᠡᠳᠪᠦᠷᠢᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠡᠭᠯᠡᠭᠴᠢ ᠳᠤ ᠴᠢᠨᠠᠷ | ᠰᠠᠶᠢᠲᠠᠶ ᠦᠢᠯᠡᠳᠬᠦᠨ ᠬᠠᠩᠭᠠᠵᠤ ᠥᠭᠪᠡ᠃ ︽ᠡᠳᠦᠷ ᠪᠦᠷᠢ ᠶᠢᠨ BDO ᠦᠢᠯᠡᠳᠪᠦᠷᠢᠯᠡᠬᠦ ᠴᠢᠳᠠᠪᠤᠷᠢ ᠨᠢ | 1100 ᠲᠣᠨ ᠣᠷᠴᠢᠮ ᠬᠦᠷᠴᠦ᠂ ᠣᠲᠣ ᠪᠣᠯᠲᠠᠯ᠎ᠠ ᠨᠢᠭᠡᠨᠲᠡ 15 ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠶᠢ | ᠪᠡᠶᠡᠯᠡᠭᠦᠯᠵᠦ᠂ ᠦᠢᠯᠡᠳᠬᠦᠨ ᠤ ᠥᠷᠲᠡᠭ ᠢ ᠠᠷᠪᠠᠨ ᠬᠡᠳᠦᠨ ᠳ᠋ᠦᠩᠰᠢᠭᠤᠷ ᠲᠥᠭᠦᠷᠢᠭ ᠡᠭᠦᠳᠴᠦ᠂ ᠤᠯᠤᠰ ᠤᠨ | ᠳᠣᠲᠣᠭᠠᠳᠤ ᠶᠢᠨ ᠵᠣᠴᠢᠨ ᠡᠷᠦᠬᠡ ᠭᠤᠤᠯᠳᠠᠭᠤ ᠢᠷᠭᠠᠶ᠂ ᠵᠢᠶᠠᠩᠰᠦ ᠵᠧᠵᠢᠶᠠᠩ ᠣᠷᠣᠨ ᠢᠶᠠᠷ ᠭᠤᠤᠯ ᠪᠣᠯᠭᠠᠵᠤ᠂ | ᠭᠠᠳᠠᠭᠠᠲᠤ ᠠᠷᠠᠯᠵᠢᠶ᠎ᠠ ᠨᠢ ᠧᠦ᠋ᠷᠣᠫᠠ ᠲᠢᠪ ᠤᠨ ᠤᠯᠤᠰ ᠪᠠ ᠭᠠᠵᠠᠷ ᠣᠷᠣᠨ ᠢᠶᠠᠷ ᠭᠤᠤᠯ ᠪᠣᠯᠭᠠᠵᠤ ᠪᠠᠶᠢᠨ᠎ᠠ︾ | ᠭᠡᠵᠦ ᠺᠣᠮᠫᠠᠨᠢ ᠶᠢᠨ ᠦᠢᠯᠡᠳᠪᠦᠷᠢᠯᠡᠯ ᠤᠨ ᠭᠠᠵᠠᠷ ᠤᠨ ᠵᠠᠬᠢᠷᠤᠯ ᠰᠢᠦᠢ ᠮᠤᠤ ᠬᠡᠯᠡᠪᠡ᠃ | ᠡᠨᠡ ᠵᠢᠯ᠂ ᠮᠠᠨ ᠤ ᠬᠤᠲᠠ ︽ᠠᠷᠪᠠᠨ ᠬᠤᠶᠠᠷ ᠵᠦᠢᠯ ᠤᠨ ᠭᠤᠤᠯᠳᠠᠯᠭ᠎ᠠ ᠲᠠᠢ ᠠᠵᠢᠯ︾ ᠤᠨ ᠲᠣᠭᠤᠷᠢᠨ ᠳᠤ᠂ | ᠬᠦᠴᠦᠨ ᠢᠶᠠᠨ ᠲᠥᠪᠯᠡᠷᠡᠭᠦᠯᠦᠨ ᠪᠥᠬᠦ ᠪᠥᠮᠪᠥᠷᠴᠡᠭ ᠤᠨ ᠬᠠᠮᠤᠭ ᠤᠨ ᠲᠣᠮᠣ BDO ᠶᠢ ᠨᠢᠭᠡ | ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠪᠣᠬᠢᠷᠲᠤᠯ ᠥᠬᠡᠶ ᠡᠨᠧᠷᠭᠢ ᠶᠢ | ᠰᠢᠩᠭᠡᠭᠡᠨ ᠠᠪᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠬᠦᠴᠦᠨ ᠢᠶᠠᠨ | ᠲᠦᠪᠯᠡᠷᠡᠬᠦᠯᠦᠨ ᠪᠤᠭᠤᠮᠳᠠ ᠰᠢᠪᠲᠤᠯᠵᠤ ᠠᠭᠤᠷᠬᠠᠶ ᠶᠢᠨ ᠡᠷᠬᠡ ᠶᠢ ᠨᠡᠶᠢᠳᠭᠡᠬᠦ᠂ ᠬᠡᠦᠷᠰᠢᠭᠦᠯᠬᠦ ᠠᠵᠤ ᠦᠢᠯᠡᠰ ᠢ | ᠨᠡᠶᠢᠳᠭᠡᠵᠦ ᠳᠠᠬᠢᠨ ᠵᠣᠬᠢᠶᠠᠨ ᠪᠠᠶᠢᠭᠤᠯᠬᠤ᠂ ᠨᠡᠭᠦᠷᠡᠰᠦ ᠤᠬᠢᠶᠠᠬᠤ ᠰᠢᠯᠢᠬᠦ ᠪᠣᠯᠪᠠᠰᠤᠷᠠᠭᠤᠯᠬᠤ ᠠᠵᠢᠯ ᠲᠥᠷᠥᠯ ᠢ | ᠨᠢᠭᠡ ᠴᠤᠭᠴᠠᠵᠢᠭᠤᠯᠤᠨ ᠨᠡᠶᠢᠳᠭᠡᠬᠦ ᠵᠡᠷᠭᠡ ᠶᠢ ᠲᠥᠪᠯᠡᠷᠡᠭᠦᠯᠦᠨ ᠠᠬᠢᠭᠤᠯᠵᠤ᠂ ᠮᠠᠨ ᠤ ᠬᠤᠲᠠ ᠶᠢᠨ ᠤᠯᠠᠮᠵᠢᠯᠠᠯᠲᠤ | ᠠᠵᠤ ᠦᠢᠯᠡᠰ ᠤᠨ ᠳᠠᠬᠢᠨ ᠳᠠᠪᠲᠠᠨ ᠲᠠᠰ ᠳᠡᠪᠰᠢᠬᠦ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠢ ᠦᠷᠭᠦᠯᠵᠢᠯᠡᠨ | ᠬᠤᠪᠢᠷᠠᠭᠤᠯᠬᠤ ᠶᠢ ᠠᠬᠢᠭᠤᠯᠪᠠ᠃ | ᠮᠠᠨ ᠤ ᠬᠤᠲᠠ ᠶᠢᠨ ᠡᠯ᠎ᠡ ᠠᠵᠤ ᠠᠬᠤᠶᠢᠯᠠᠯ ᠬᠤᠶᠢᠨ᠎ᠠ ᠬᠤᠶᠢᠨ᠎ᠠ ᠠᠴᠠ ᠪᠠᠨ ᠬᠠᠷᠠᠯᠲᠠ ᠪᠠᠨ ᠲᠣᠭᠲᠠᠭᠠᠵᠤ᠂ | ᠪᠥᠬᠦ ᠬᠦᠴᠦᠨ ᠢᠶᠠᠷ ᠢᠶᠠᠨ ᠴᠢᠷᠮᠠᠶᠢᠨ ᠪᠣᠳᠠᠲᠠᠶ ᠠᠵᠢᠯᠯᠠᠵᠤ᠂ ᠵᠠᠬᠢᠶᠠᠯᠠᠭ᠎ᠠ ᠪᠠᠨ ᠲᠦᠷᠭᠡᠳᠬᠡᠨ᠂ ᠬᠤᠯᠪᠤᠭᠳᠠᠯ ᠪᠥᠬᠦᠶ | ᠰᠠᠯᠠᠭ᠎ᠠ ᠮᠥᠴᠢᠷ ᠨᠢᠭᠡᠴᠡ ᠴᠦ ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠤᠨ᠂ ᠬᠥᠭᠵᠢᠯᠲᠡ ᠶᠢ | ᠠᠬᠢᠭᠤᠯᠬᠤ ᠳᠤ ᠪᠠᠲᠤᠯᠠᠭ᠎ᠠ ᠬᠠᠩᠭᠠᠪᠠ᠃ | 1— 4 ᠰᠠᠷ᠎ᠠ ᠪᠣᠯᠲᠠᠯ᠎ᠠ᠂ ᠭᠤᠷᠪᠠᠨ ᠲᠣᠮᠣ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 13.7% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ | ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 13.5% ᠪᠠᠷ ᠨᠡᠮᠡᠭᠳᠡᠪᠡ᠃ ᠦᠢᠯᠡᠳᠬᠦᠨ ᠤ ᠭᠠᠷᠤᠯᠲᠠ ᠠᠴᠠ ᠦᠵᠡᠪᠡᠯ᠂ | ᠣᠣᠭᠠᠨ ᠨᠡᠭᠦᠷᠡᠰᠦ 1869.89 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.5% ᠪᠠᠷ | ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 76.05 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ15.4% ᠪᠠᠷ ᠨᠡᠮᠡᠭᠳᠡᠪᠡ︔ ᠤᠬᠢᠶᠠᠭᠰᠠᠨ ᠨᠡᠭᠦᠷᠡᠰᠦ 1259.33 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ︔ ᠨᠠᠷᠢᠯᠢᠭ ᠮᠧᠲ᠋ᠢᠯ ᠠᠯᠺᠣᠣᠯ 8.17 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ︔ ᠲᠠᠩ ᠲᠠᠯᠠᠰᠲᠤ | ᠴᠠᠬᠢᠭᠤᠷ 5556.57 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.9% ᠪᠠᠷ ᠨᠡᠮᠡᠭᠳᠡᠪᠡ᠃ |