ᠠᠯᠠᠱᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠬᠤᠶᠠᠷ ᠭᠠᠵᠠᠷ ᠤᠨ ᠠᠵᠤ ᠦᠢᠯᠡᠰ ᠢ ᠬᠠᠮᠵᠢᠯᠴᠠᠨ ᠬᠦᠭᠵᠢᠬᠦᠯᠬᠦ ᠪᠠᠶᠢᠳᠠᠯ ᠤᠨ ᠲᠤᠬᠠᠢ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/5/30
     5 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠠᠯᠠᠱᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠢᠷᠡᠵᠦ᠂ ᠠᠯᠠᠱᠠ ᠦᠬᠠᠢ ᠬᠤᠶᠠᠷ ᠭᠠᠵᠠᠷ ᠤᠨ ᠠᠵᠤ ᠦᠢᠯᠡᠰ ᠢ ᠬᠠᠮᠵᠢᠯᠴᠠᠨ ᠬᠦᠭᠵᠢᠬᠦᠯᠬᠦ ᠪᠠᠶᠢᠳᠠᠯ ᠤᠨ ᠲᠤᠬᠠᠢ ᠪᠠᠶᠢᠴᠠᠭᠠᠨ ᠰᠣᠳᠣᠯᠣᠯᠳᠠ ᠬᠢᠪᠡ᠃ ᠠᠯᠠᠱᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠪᠦᠯᠬᠦᠮ ᠳᠠᠭᠠᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠪᠠᠷ᠎ᠠ ᠪᠣᠯᠪᠠ᠃ ᠠᠯᠠᠱᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠧ ᠮᠢᠩ᠂ ᠬᠠᠰᠪᠠᠭᠠᠨ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠦ᠋ ᠲᠢᠩ ᠯᠢᠨ᠂ ᠯᠢᠶᠠᠩ ᠱᠣ᠋ ᠫᠢᠩ ᠬᠠᠮᠲᠤ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠦ ᠯᠢ ᠮᠢᠩ ᠨᠠᠷ ᠤᠷᠢᠳ ᠬᠤᠵᠢᠳ ᠦᠬᠠᠢ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ᠂ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ᠂ ᠬᠠᠳᠤᠨ ᠭᠤᠣᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠲᠠ ᠶᠢᠨ ᠬᠦᠢᠰᠦ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠯ ᠤᠨ ᠭᠡᠰᠢᠭᠦᠨ ᠤ ᠭᠡᠷ ᠵᠡᠷᠭᠡ ᠭᠠᠵᠠᠷ ᠲᠤ ᠬᠦᠷᠴᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃      ᠶᠠᠷᠢᠯᠴᠠᠨ ᠰᠣᠯᠢᠯᠴᠠᠬᠤ ᠵᠢᠴᠢ ᠬᠡᠯᠡᠯᠴᠡᠭᠡᠷ ᠲᠣᠭᠲᠠᠬᠤ ᠶᠣᠰᠣᠯᠠᠯ ᠳᠡᠭᠡᠷ᠎ᠡ᠂ ᠯᠦ ᠯᠢ ᠮᠢᠩ ᠪᠣᠯᠤᠨ ᠸᠠᠩ ᠸᠧᠨ ᠵᠢᠶᠧ ᠲᠣᠰ ᠲᠣᠰ ᠬᠤᠶᠠᠷ ᠭᠠᠵᠠᠷ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠪᠠᠶᠢᠳᠠᠯ ᠢᠶᠠᠨ ᠲᠠᠨᠢᠯᠴᠠᠭᠤᠯᠵᠤ᠂ ᠳᠠᠷᠠᠭ᠎ᠠ ᠨᠢ ᠬᠤᠶᠠᠷ ᠲᠠᠯ᠎ᠠ ᠪᠠᠷ ᠢᠶᠠᠨ ︽ᠤᠯᠤᠰ ᠲᠥᠷᠥ ᠶᠢᠨ ᠵᠥᠪᠯᠡᠯᠭᠡᠨ ᠤ ᠠᠯᠠᠱᠠ ᠠᠶᠢᠮᠠᠭ ᠤᠨ ᠬᠤᠷᠢᠶ᠎ᠠ  ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠬᠤᠷᠢᠶ᠎ᠠ ᠶᠢᠨ ᠣᠷᠣᠨ ᠪᠦᠰᠡ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠤ  ᠬᠠᠮᠲᠤᠷᠠᠨ ᠪᠠᠶᠢᠴᠠᠭᠠᠨ ᠰᠤᠳᠤᠯᠵᠤ ᠵᠥᠪᠳᠡᠯᠴᠡᠬᠦ ᠶᠢ ᠴᠢᠩᠭᠠᠳᠬᠠᠬᠤ ᠬᠡᠯᠡᠯᠴᠡᠭᠡᠷ︾ ᠲᠤ ᠭᠠᠷ ᠤᠨ ᠥᠰᠥᠭ ᠵᠢᠷᠤᠪᠠ᠃      ᠸᠠᠩ ᠸᠧᠨ ᠵᠢᠶᠧ ᠢᠯᠡᠷᠭᠡᠶᠢᠯᠡᠭᠰᠡᠨ ᠨᠢ᠂ ᠲᠣᠰ ᠤᠳᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠭᠰᠠᠨ ᠶᠠᠪᠤᠳᠠᠯ ᠪᠣᠯ ᠠᠯᠠᠱᠠ᠂ ᠦᠬᠠᠶ ᠬᠤᠶᠠᠷ ᠭᠠᠵᠠᠷ ᠤᠨ ᠬᠢᠨ ᠭᠠᠷ ᠬᠤᠯᠪᠣᠨ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠰᠢᠨ᠎ᠡ ᠦᠢᠯᠡᠳᠦᠯᠭᠡ ᠮᠥᠨ᠂ ᠤᠯᠤᠰ ᠲᠥᠷᠥ ᠶᠢᠨ ᠵᠥᠪᠯᠡᠯᠭᠡᠨ ᠤ ᠬᠦᠴᠦᠨ ᠢᠶᠠᠷ ᠬᠤᠶᠠᠷ ᠭᠠᠵᠠᠷ ᠤᠨ ᠬᠥᠭᠵᠢᠯᠲᠡ ᠶᠢ ᠠᠬᠢᠭᠤᠯᠬᠤ ᠰᠢᠨ᠎ᠡ ᠰᠦᠪᠡᠭᠴᠢᠯᠡᠯᠲᠡ ᠮᠥᠨ᠂ ᠠᠶᠢᠮᠠᠭ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠣᠯᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠬᠤ ᠰᠢᠨ᠎ᠡ ᠠᠷᠭ᠎ᠠ ᠬᠡᠮᠵᠢᠶ᠎ᠡ ᠮᠥᠨ᠂ ᠬᠤᠶᠠᠷ ᠭᠠᠵᠠᠷ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠬᠤ ᠶᠢ ᠠᠬᠢᠭᠤᠯᠬᠤ᠂ ᠣᠷᠣᠨ ᠪᠦᠰᠡ ᠶᠢᠨ ᠬᠠᠮᠵᠢᠯᠴᠠᠭᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠣᠯᠠᠨ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠨᠢ ᠯᠠᠪᠲᠠᠶ ᠶᠤᠮ᠃ ᠵᠠᠯᠭᠠᠭᠠᠳ᠂ ᠬᠠᠮᠲᠤᠷᠠᠨ ᠪᠠᠶᠢᠴᠠᠭᠠᠨ ᠰᠤᠳᠤᠯᠵᠤ ᠵᠥᠪᠳᠡᠯᠴᠡᠬᠦ ᠶᠢ ᠬᠤᠶᠢᠰᠢᠳᠠ ᠶᠢᠨ ᠬᠤᠶᠠᠷ ᠭᠠᠵᠠᠷ ᠤᠨ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠨᠢᠭᠡᠨ ᠴᠢᠬᠤᠯᠠ ᠠᠭᠤᠯᠭ᠎ᠠ ᠪᠣᠯᠭᠠᠵᠤ᠂ ᠳᠠᠪᠠᠭᠤᠯᠢᠭ ᠢᠶᠠᠨ ᠤᠯᠠᠮ ᠨᠢᠭᠡ ᠠᠯᠬᠤᠮ ᠨᠡᠶᠢᠳᠭᠡᠵᠦ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠬᠠᠮᠲᠤᠷᠠᠨ ᠪᠠᠶᠢᠴᠠᠭᠠᠨ ᠰᠤᠳᠤᠯᠵᠤ ᠵᠥᠪᠳᠡᠯᠴᠡᠬᠦ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ ᠠᠶᠢᠮᠠᠭ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ ᠰᠢᠯᠢᠳᠡᠭ ᠵᠢᠱᠢᠶ᠎ᠡ ᠶᠢ ᠴᠢᠷᠮᠠᠶᠢᠨ ᠪᠣᠶ ᠪᠣᠯᠭᠠᠵᠤ᠂ ᠬᠦᠴᠦ ᠪᠠᠨ ᠬᠠᠮᠲᠤᠳᠬᠠᠨ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号