5 ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ | ᠭᠤᠤᠯᠳᠠᠯᠭᠠᠲᠤ ᠳᠤᠭᠤᠶᠢᠯᠠᠩ ᠤᠨ 2024 ᠣᠨ ᠤ 6 ᠳ᠋ᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ | ᠬᠤᠷᠠᠯ ᠬᠤᠷᠠᠯᠳᠤᠵᠦ᠂ ᠬᠤᠷᠠᠯ ᠳᠤ ᠣᠷᠣᠯᠴᠠᠭᠰᠠᠳ ︽ᠲᠡᠮᠦᠷ ᠰᠢᠭ ᠰᠠᠬᠢᠯᠭ᠎ᠠ ᠪᠠᠲᠤ ᠪᠠᠷ ᠠᠶᠠᠨ ᠢᠶᠠᠨ ᠬᠠᠮᠠᠭᠠᠯᠠᠶ᠎ᠠ︾ | ᠭᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤ ᠪᠠᠷ ᠰᠣᠨᠢᠷᠬᠠᠪᠠ᠃ ᠬᠤᠲᠠ ᠶᠢᠨ ᠨᠠᠮ ᠤᠨ ᠬᠤᠷᠢᠶᠠᠨ ᠤ | ᠱᠦᠵᠢ ᠲᠠᠩ ᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠡ᠃ | ᠲᠠᠩ ᠢ ᠬᠡᠯᠡᠭᠰᠡᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ | ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ | ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠦᠬᠦ ᠬᠤᠳᠠ ᠶᠢᠨ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ | ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠬᠠᠮᠰᠠᠷ ᠠᠴᠠ ᠪᠠᠨ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢᠶᠠᠷ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠵᠠᠯᠠᠷᠠᠭᠤᠯᠵᠤ᠂ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠤᠯᠤᠰ ᠲᠦᠷᠦ ᠶᠢᠨ ᠤᠬᠠᠮᠰᠠᠷ᠂ | ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ᠃ ᠬᠡᠷᠡᠭ ᠢᠶᠠᠷ ᠰᠡᠷᠡᠮᠵᠢ ᠥᠭᠬᠦ᠂ ᠬᠡᠷᠡᠭ ᠢᠶᠠᠷ ᠴᠡᠭᠡᠷᠯᠡᠯ ᠪᠣᠯᠭᠠᠬᠤ᠂ ᠬᠡᠷᠡᠭ ᠢᠶᠠᠷ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠳᠡᠷᠭᠡᠳᠡᠬᠢ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ | ᠵᠠᠳᠠᠯᠵᠤ᠂ ᠥᠪᠡᠷ ᠢ ᠪᠠᠨ ᠲᠤᠩᠭᠠᠨ ᠥᠪᠡᠷ ᠢ ᠪᠠᠨ ᠱᠠᠭᠠᠷᠳᠠᠬᠤ ᠶᠢ ᠢᠮᠠᠭᠲᠠ ᠪᠡᠶᠡᠯᠡᠭᠦᠯᠵᠦ᠂ ᠲᠦᠷᠢᠮ ᠲᠣᠭᠲᠠᠭᠠᠯ ᠢ | ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ ᠨᠠᠮ ᠤᠨ ᠤᠯᠤᠰ | ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ | ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠲᠠᠢ | ᠨᠠᠷᠢᠨ ᠬᠢᠨᠠᠮᠠᠭᠠᠢ ᠬᠠᠷᠭᠤᠭᠤᠯᠵᠤ᠂ ᠥᠪᠡᠷ ᠤᠨ ᠪᠡᠶ᠎ᠡ ᠶᠢᠨ ᠳᠤᠲᠠᠭᠤᠳᠠᠯ ᠢᠶᠠᠨ ᠪᠠᠶᠢᠩᠭᠤ ᠪᠠᠶᠢᠴᠠᠭᠠᠨ ᠦᠵᠡᠵᠦ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠨᠠᠮ ᠤᠨ ᠰᠠᠬᠢᠯᠭ᠎ᠠ | ᠪᠠᠲᠤ ᠶᠢ ᠰᠤᠷᠤᠯᠴᠠᠬᠤ ᠶᠠᠪᠤᠴᠠ ᠶᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ | ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ᠂ ᠵᠥᠷᠢᠴᠡᠯ ᠤᠨ ᠠᠰᠠᠭᠤᠳᠠᠯ ᠢ ᠰᠢᠢᠳᠪᠦᠷᠢᠯᠡᠬᠦ᠂ ᠠᠵᠢᠯ ᠦᠢᠯᠡᠰ ᠤᠨ | ᠬᠥᠭᠵᠢᠯᠲᠡ ᠶᠢ ᠠᠬᠢᠭᠤᠯᠬᠤ ᠶᠠᠪᠤᠴᠠ ᠪᠣᠯᠭᠠᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ | ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠭᠤᠤᠯᠳᠠᠯᠭᠠᠲᠤ ᠳᠤᠭᠤᠶᠢᠯᠠᠩ ᠤᠨ ᠪᠦᠷᠢᠯᠳᠦᠬᠦᠨ ︽ᠵᠠᠩᠭᠢᠯᠠᠭ᠎ᠠ ᠶᠢᠨ | ᠴᠥᠭᠡᠨ ᠲᠣᠭᠠᠲᠠᠨ︾ ᠪᠣᠯᠤᠭᠰᠠᠨ ᠤ ᠬᠤᠪᠢ ᠳᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠥᠷᠥ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠲᠣᠰ ᠲᠣᠰ ᠤᠨ | ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶᠠᠨ ᠤ ᠪᠠᠨ ᠴᠢᠩᠭ᠎ᠠ ᠬᠠᠮᠢᠶᠠᠷᠬᠤ ᠬᠡᠷᠡᠭᠲᠡᠶ᠃ ᠡᠯ᠎ᠡ ᠱᠠᠲᠤᠨ ᠤ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠢ ᠬᠠᠮᠢᠶᠠᠷᠴᠤ ᠨᠠᠮ ᠢ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠨᠠᠮ ᠤᠨ ᠬᠤᠷᠢᠶᠠᠨ ᠤ ︵ᠨᠠᠮ ᠤᠨ ᠤᠳᠤᠷᠢᠳᠬᠤ | ᠳᠤᠭᠤᠶᠢᠯᠠᠩ︶ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠰᠤᠳᠤᠯᠤᠨ ᠰᠦᠪᠡᠭᠴᠢᠯᠡᠵᠦ᠂ | ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠱᠠᠳᠤ ᠱᠠᠳᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠰᠠᠶᠢᠨ | ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠪᠠᠨ ᠴᠢᠩᠭᠠᠳᠬᠠᠵᠤ᠂ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠤᠳᠤᠷᠢᠳᠬᠤ ᠺᠠᠳ᠋ᠷᠴᠣᠳ ᠤᠨ ᠤᠯᠤᠰ ᠲᠦᠷᠦ ᠶᠢᠨ | ᠡᠭᠦᠷᠭᠡᠯᠡᠯ ᠢᠶᠠᠨ ᠴᠢᠩᠭᠠᠳᠬᠠᠬᠤ ᠶᠢ ᠪᠦᠲᠦᠮᠵᠢᠲᠡᠢ ᠱᠠᠯᠠᠪᠳᠠᠭᠤᠯᠵᠤ᠂ ᠰᠤᠷᠲᠠᠯ ᠴᠢᠬᠡᠴᠢ ᠣᠪᠣᠷ ᠲᠥᠪ ᠰᠠᠶᠢᠨ | ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠡᠢ᠃ |