ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠢᠷᠭᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠵᠢᠷᠭᠤᠳᠤᠭᠠᠷ ᠣᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/6
   4 ᠰᠠᠷ᠎ᠠ ᠶᠢᠨ 29 ᠤ ᠡᠳᠦᠷ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠢᠷᠭᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠵᠢᠷᠭᠤᠳᠤᠭᠠᠷ ᠣᠳᠠᠭᠠᠨ ᠤ ᠬᠤᠷᠠᠯ ᠬᠤᠷᠠᠯᠳᠤᠪᠠ᠃    ᠬᠤᠷᠠᠯ ᠠᠴᠠ ︽ᠦᠬᠠᠢ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ 2023 ᠣᠨ ᠤ ᠠᠵᠢᠯ ᠤᠨ ᠮᠡᠳᠡᠭᠦᠯᠦᠯᠲᠡ︾ ︽ᠦᠬᠠᠢ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠤᠰ ᠱᠠᠲᠤᠨ ᠤ 2023 ᠣᠨ ᠤ ᠵᠣᠭᠤᠰ ᠮᠥᠩᠭᠦ ᠡᠳ᠋ ᠪᠣᠳᠠᠰ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠮᠡᠳᠡᠭᠦᠯᠦᠯᠲᠡ︾ ︽ᠦᠬᠠᠢ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠵᠢᠷᠭᠤᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ᠂ ᠪᠠᠶᠢᠩᠭᠤ ᠶᠢᠨ ᠬᠡᠷᠡᠭ ᠡᠷᠬᠢᠯᠡᠭᠴᠢ ᠶᠢᠨ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠪᠠ︔ ︽ᠦᠬᠠᠢ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨᠠᠭᠴᠢᠳ ᠤᠨ ᠵᠥᠪᠯᠡᠯ ᠤᠨ 2023 ᠣᠨ ᠤ ᠬᠢᠨᠠᠯᠲᠠ ᠲᠠᠯᠪᠢᠭᠰᠠᠨ ᠪᠠᠶᠢᠳᠠᠯ ᠤᠨ ᠮᠡᠳᠡᠭᠦᠯᠦᠯᠲᠡ︾ ᠶᠢ ᠨᠡᠶᠢᠲᠡᠯᠡᠪᠡ︔ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠤᠪᠢ ᠨᠡᠮᠡᠷᠢ ᠦᠵᠡᠬᠦᠯᠦᠭᠰᠡᠨ ᠮᠧᠳᠠᠯ︾᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠡᠰᠢᠭᠦᠳ ᠤᠨ ᠤᠳᠤᠨ︾ ᠤ ᠢᠷᠠᠭᠤ ᠠᠯᠳᠠᠷ ᠢ ᠬᠦᠷᠳᠡᠭᠰᠡᠨ ᠠᠵᠤ ᠠᠬᠤᠶᠢᠯᠠᠯ ᠪᠣᠯᠤᠨ ᠬᠤᠪᠢ ᠬᠥᠮᠦᠨ ᠳᠤ ᠱᠠᠩᠨᠠᠯ ᠤᠨ ᠲᠡᠮᠳᠡᠭ ᠵᠢᠴᠢ ᠢᠷᠠᠭᠤ ᠠᠯᠳᠠᠷ ᠤᠨ ᠦᠨᠡᠮᠯᠡᠯ ᠣᠯᠭᠤᠵᠤ᠂ 6 ᠬᠠᠶᠢᠷ᠎ᠠ ᠬᠠᠯᠠᠮᠵᠢ ᠶᠢᠨ ᠨᠢᠭᠡᠴᠡ᠂ ᠠᠵᠤ ᠠᠬᠤᠶᠢᠯᠠᠯ ᠳᠤ ᠲᠠᠯᠠᠷᠬᠠᠯ ᠤᠨ ᠪᠢᠴᠢᠭ ᠣᠯᠭᠤᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠳᠠ ᠶᠢᠨ ᠤᠯᠠᠭᠠᠨ ᠵᠠᠭᠠᠯᠮᠠᠶᠢᠳᠠᠨ ᠤ ᠰᠢᠰᠲ᠋ᠧᠮ ᠤᠨ ᠬᠢᠨ ᠠᠷᠠᠳ ᠤᠯᠠᠨ ᠤ ᠠᠮᠢ ᠨᠠᠰᠤ ᠡᠷᠡᠭᠦᠯ ᠮᠡᠨᠳᠤ ᠶᠢ ᠪᠠᠲᠤᠯᠠᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠵᠡᠷᠭᠡ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠪᠠᠶᠢᠷᠢ ᠲᠣᠭᠲᠠᠭᠠᠯᠲᠠ ᠪᠠᠨ ᠡᠷᠢᠵᠦ᠂ ᠡᠭᠦᠷᠭᠡ ᠲᠠᠭᠠᠭᠠᠴᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号