ᠳᠥᠷᠪᠡᠳᠦᠭᠡᠷ ᠬᠤᠭᠤᠴᠠᠭᠠᠨ ᠤ ᠵᠠᠯᠠᠭᠤᠴᠤᠳ ᠤᠨ ᠰᠤᠶᠤᠯ ᠤᠨ ᠨᠠᠶᠢᠷ ᠢ ᠡᠷᠬᠢᠯᠡᠪᠡ
ᠨᠡᠶᠢᠲᠡᠯᠡᠭᠰᠡᠨ ᠴᠠᠭ᠄
2024/5/6
     4 ᠰᠠᠷ᠎ᠠ ᠶᠢᠨ 30 ᠤ ᠡᠳᠦᠷ ᠤᠨ ᠣᠷᠣᠶ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠪᠯᠡᠯ ᠤᠨ ᠬᠤᠷᠢᠶ᠎ᠠ ᠠᠴᠠ ᠬᠠᠮᠲᠤ ᠪᠠᠷ ᠡᠷᠭᠢᠯᠡᠭᠰᠡᠨ ︽ᠨᠠᠮ ᠤᠨ ᠠᠴᠢ ᠶᠢ ᠬᠠᠷᠢᠭᠤᠯᠵᠤ  ᠨᠠᠮ ᠤᠨ ᠦᠭᠡ ᠶᠢ ᠰᠣᠨᠣᠰᠴᠤ  ᠨᠠᠮ ᠢᠶᠠᠨ ᠡᠭᠦᠷᠢᠳᠡ ᠲᠠᠭᠠᠶ᠎ᠠ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠶ᠎ᠠ ︽ᠮᠠᠨᠳᠤᠬᠰᠠᠨ ᠲᠦᠷᠦ ᠪᠠᠳᠠᠷᠠᠩᠭᠤᠶ ᠦᠶ᠎ᠡ· ᠵᠢᠳᠬᠦᠯ ᠴᠢᠷᠮᠠᠶᠢᠯᠭ᠎ᠠ ᠲᠠᠢ ᠵᠠᠯᠠᠭᠤᠴᠣᠳ︾ ᠵᠢᠴᠢ ︽ᠦᠨᠡᠨᠴᠢ ᠢᠲᠡᠭᠡᠮᠵᠶ ᠶᠢ ᠪᠠᠲᠤ ᠴᠡᠭᠡᠵᠢᠯᠡᠵᠦ· ᠵᠠᠯᠠᠭᠤ ᠨᠠᠰᠣᠨ ᠳᠠᠭᠠᠨ ᠦᠢᠯᠡᠳᠦᠯᠭᠡᠵᠢᠬᠦᠯᠦᠶ᠎ᠡ︾ ᠭᠡᠬᠦ ᠳᠥᠷᠪᠡᠳᠦᠭᠡᠷ ᠬᠤᠭᠤᠴᠠᠭᠠᠨ ᠤ ᠵᠠᠯᠠᠭᠤᠴᠤᠳ ᠤᠨ ᠰᠣᠶᠣᠯ ᠤᠨ ᠨᠠᠶᠢᠷ ᠦᠬᠠᠶ ᠶᠢᠨ ᠵᠠᠯᠠᠭᠤᠴᠤᠳ ᠪᠠᠭᠠᠴᠤᠳ ᠤᠨ ᠪᠦᠲᠦᠭᠡᠯᠴᠢ ᠰᠡᠳᠬᠢᠮᠵᠢ ᠶᠢᠨ ᠬᠦᠷᠢᠶᠡᠯᠡᠩ ᠳᠤ ᠶᠠᠪᠤᠭᠳᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠣᠷᠭᠢᠯᠤᠮ᠎ᠠ ᠬᠠᠯᠠᠭᠤᠨ ᠡᠷᠡᠮᠡᠬᠡᠶᠢᠯᠡᠨ ᠤᠷᠤᠭᠰᠢᠯᠠᠭᠰᠠᠨ ︽ᠬᠡᠩᠬᠡᠷᠭᠡᠨ ᠪᠦᠵᠢᠭ︾᠂ ᠳᠤᠮᠳᠠᠳᠤ ᠤᠯᠤᠰ ᠤᠨ ᠮᠠᠶ᠋ᠢᠭ ᠤᠨ ᠭᠤᠸ᠎ᠠ ᠰᠠᠶᠢᠬᠠᠨ ᠢ ᠢᠯᠡᠷᠡᠭᠦᠯᠦᠭᠰᠡᠨ ︽ᠳᠤᠮᠳᠠᠳᠤ ᠶᠢᠨ ᠬᠤᠪᠴᠠᠰᠤᠨ ᠤ ᠦᠵᠡᠭᠦᠯᠦᠯᠭᠡ︾᠂ ᠵᠠᠯᠠᠭᠤᠴᠤᠳ ᠤᠨ ᠡᠭᠦᠷᠭᠡ ᠬᠠᠷᠢᠭᠤᠴᠠᠯᠭ᠎ᠠ ᠪᠠᠨ ᠢᠯᠡᠷᠡᠬᠦᠯᠦᠭᠰᠡᠨ ︽ᠳᠤᠮᠳᠠᠳᠤ  ᠳᠤ ᠪᠢ ᠪᠠᠶᠢᠨ᠎ᠠ︾ ᠵᠡᠷᠭᠡ ᠶᠢ ᠤᠷᠢᠳ ᠬᠤᠵᠢᠳ ᠲᠣᠭᠯᠠᠵᠤ᠂ ᠪᠦᠬᠦ ᠤᠯᠤᠰ ᠤᠨ ᠲᠡᠷᠢᠭᠦᠨ ᠤ ᠠᠵᠢᠯᠳᠠᠨ᠂ ᠥᠪᠡᠷᠲᠡᠭᠡᠨ ᠵᠠᠰᠠᠬᠤ ᠣᠷᠣᠨ ᠤ ᠶᠣᠰᠣ ᠰᠤᠷᠲᠠᠬᠤᠨ ᠤ ᠵᠢᠱᠢᠶᠡᠴᠢ ᠱᠢ ᠵᠢᠶᠠᠨ ᠴᠢᠶᠠᠩ ᠵᠠᠯᠠᠭᠤ ᠨᠠᠰᠤᠨ ᠤ ᠡᠷᠴᠢ ᠵᠣᠷᠢᠭ ᠢᠶᠠᠨ ᠬᠥᠪᠴᠢᠯᠡᠭᠰᠡᠨ ᠦᠯᠢᠭᠡᠷ ᠢᠶᠠᠨ ᠬᠤᠪᠢᠶᠠᠯᠴᠠᠵᠤ᠂ ᠭᠤᠶᠢᠳᠠ ᠰᠠᠶᠢᠬᠠᠨ ᠲᠣᠭᠯᠠᠯᠲᠠ ᠨᠢ ᠦᠬᠠᠢ ᠶᠢᠨ ᠵᠠᠯᠠᠭᠤᠴᠤᠳ ᠤᠨ ᠢᠳᠡᠪᠬᠢᠲᠡᠢ ᠥᠭᠡᠳᠡᠯᠡᠨ ᠲᠠᠪᠰᠢᠬᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃      ᠳᠠᠷᠠᠭ᠎ᠠ ᠨᠢ᠂ ᠥᠪᠡᠷᠮᠢᠴᠡ ᠣᠨᠴᠠᠯᠢᠭ ᠲᠠᠢ ᠰᠣᠯᠣᠩᠭᠠᠨ ᠬᠦᠶᠦᠯᠳᠡ ᠶᠢᠨ ᠠᠵᠢᠯᠯᠠᠭ᠎ᠠ ᠬᠦᠷ ᠬᠥᠭᠵᠢᠶᠡᠨ ᠲᠠᠢ ᠶᠠᠪᠤᠭᠳᠠᠪᠠ᠃ 300 ᠭᠠᠷᠣᠢ ᠣᠷᠣᠯᠴᠠᠭᠴᠢ ᠦᠬᠠᠢ ᠬᠤᠳᠠ ᠶᠢᠨ ᠵᠠᠯᠠᠭᠤᠴᠤᠳ ᠪᠠᠭᠠᠴᠤᠳ ᠤᠨ ᠠᠮᠢ ᠠᠬᠤᠢ ᠶᠢᠨ ᠬᠦᠷᠢᠶᠡᠯᠡᠩ ᠢ ᠲᠣᠭᠤᠷᠢᠨ 4 ᠺᠢᠯᠤᠮᠧᠲᠷ ᠬᠦᠶᠦᠵᠦ᠂ ᠤᠷᠤᠯᠳᠤᠭᠠᠨ ᠤ ᠵᠠᠮ ᠳᠡᠭᠡᠷ᠎ᠡ ᠪᠦᠬᠦ ᠰᠡᠳᠬᠢᠯ ᠪᠦᠬᠦ ᠵᠣᠷᠢᠭ ᠢᠶᠠᠨ ᠢᠯᠡᠷᠡᠭᠦᠯᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠵᠠᠯᠠᠭᠤ ᠨᠠᠰᠤᠨ ᠤ ᠥᠩᠭᠡ ᠪᠤᠳᠤᠭ ᠢ ᠦᠬᠠᠢ ᠶᠢᠨ ᠣᠭᠲᠠᠷᠭᠤᠢ ᠳᠤ ᠳᠡᠯᠭᠡᠷᠡᠭᠦᠯᠪᠡ᠃      ᠳᠥᠷᠪᠡᠳᠦᠭᠡᠷ ᠬᠤᠭᠤᠴᠠᠭᠠᠨ ᠤ ᠵᠠᠯᠠᠭᠤᠴᠤᠳ ᠤᠨ ᠰᠣᠶᠣᠯ ᠤᠨ ᠨᠠᠶᠢᠷ ᠤᠨ ᠰᠢᠷᠢᠰ ᠠᠵᠢᠯᠯᠠᠭ᠎ᠠ ᠨᠢ 5 ᠰᠠᠷ᠎ᠠ ᠶᠢᠨ 4 ᠤ ᠡᠳᠦᠷ ᠪᠣᠯᠲᠠᠯ᠎ᠠ ᠦᠷᠭᠦᠯᠵᠢᠯᠡᠵᠦ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ᠤᠯᠠᠮᠵᠢᠯᠠᠯᠲᠤ ᠴᠡᠴᠡᠭ ᠬᠠᠳᠬᠤᠬᠤ᠂ ᠪᠤᠳᠤᠭᠯᠠᠬᠤ᠂ ᠬᠥᠭᠵᠢᠮ ᠤᠨ ᠲᠣᠭᠯᠠᠯᠲᠠ ᠶᠢᠨ ᠴᠤᠭᠯᠠᠭᠠᠨ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠥᠷᠭᠡᠨ ᠤᠯᠠᠨ ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢ ᠵᠣᠷᠢᠭᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠮᠢᠳᠤᠯᠢᠭ ᠦᠢᠯᠡᠳᠦᠯᠭᠡ ᠶᠢᠨ ᠳᠤᠮᠳᠠ ᠵᠠᠯᠠᠭᠤ ᠨᠠᠰᠤᠨ ᠤ ᠬᠦᠴᠦ ᠬᠥᠯᠥᠰᠥ ᠪᠠᠨ ᠤᠷᠤᠰᠬᠠᠵᠤ᠂ ᠵᠠᠯᠠᠭᠤ ᠨᠠᠰᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠵᠠᠯᠠᠭᠤ ᠨᠠᠰᠤ ᠪᠠᠨ ᠰᠢᠨ᠎ᠡ ᠠᠶᠠᠨ ᠵᠠᠮ ᠳᠤ ᠨᠡᠩ ᠭᠤᠶᠢᠳᠠ ᠰᠠᠶᠢᠬᠠᠨ ᠢᠶᠠᠷ ᠰᠠᠴᠣᠷᠠᠭᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号