2024 ᠳᠤᠮᠳᠠᠳᠤ ᠤᠯᠤᠰ·ᠦᠬᠠᠶ ᠶᠢᠨ ᠳᠣᠯᠣᠳᠤᠭᠠᠷ ᠬᠤᠭᠤᠴᠠᠭᠠᠨ ᠤ ᠮᠣᠷᠢᠨ ᠵᠢᠩ ᠤᠨ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠮᠠᠰᠢᠨ ᠲᠡᠷᠭᠡᠨ ᠤ ᠬᠡᠷ ᠤᠨ ᠭᠠᠳᠠᠨᠠᠬᠢ ᠬᠡᠭᠡᠷ᠎ᠡ ᠪᠠᠭᠤᠳᠠᠯᠯᠠᠬᠤ ᠶᠡᠭᠡ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2024/5/6
     5 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ 2024 ᠳᠤᠮᠳᠠᠳᠤ ᠤᠯᠤᠰ· ᠦᠬᠠᠶ ᠶᠢᠨ ᠳᠣᠯᠣᠳᠤᠭᠠᠷ ᠬᠤᠭᠤᠴᠠᠭᠠᠨ ᠤ ᠮᠣᠷᠢᠨ ᠵᠢᠩ ᠤᠨ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠮᠠᠰᠢᠨ ᠲᠡᠷᠭᠡᠨ ᠤ ᠭᠡᠷ ᠤᠨ ᠭᠠᠳᠠᠨᠠᠬᠢ ᠬᠡᠭᠡᠷ᠎ᠡ ᠪᠠᠭᠤᠳᠠᠯᠯᠠᠬᠤ ᠶᠡᠭᠡ ᠬᠤᠷᠠᠯ ᠶᠠᠪᠤᠭᠳᠠᠪᠠ᠃      ᠠᠵᠢᠯᠯᠠᠭ᠎ᠠ ᠶᠢᠨ ᠬᠤᠭᠤᠴᠠᠭᠠᠨ ᠳᠤ᠂ ︽ᠮᠣᠷᠢᠨ ᠵᠢᠩ ᠤᠨ ᠶᠡᠭᠡ ᠬᠤᠷᠠᠯ︾ ︽ᠡᠯᠡᠰᠦᠨ ᠴᠦᠯ ᠳᠤ ᠬᠡᠭᠡᠷᠡᠯᠡᠨ ᠠᠶᠠᠯᠬᠤ︾ ︽ᠡᠯᠡᠰᠦᠨ ᠴᠥᠯ ᠳᠤ ᠮᠤᠷᠢᠯᠠᠵᠤ ᠲᠡᠯᠡᠶ ᠶᠢ ᠦᠵᠡᠬᠦ︾ ᠨᠢ ᠮᠠᠨ ᠤ ᠬᠤᠲᠠ ᠶᠢᠨ ᠬᠠᠮᠤᠭ ᠤᠨ ᠬᠠᠯᠠᠭᠤᠨ ᠰᠡᠳᠦᠪ ᠪᠣᠯᠵᠣ᠂ ᠬᠡᠭᠡᠷᠡᠯᠡᠬᠦ ᠮᠠᠰᠢᠨ ᠲᠡᠷᠭᠡ ᠪ᠊ ᠡᠯᠡᠰᠦᠨ ᠴᠦᠯ ᠳᠤ ᠠᠶᠠᠯᠠᠬᠤ ᠠᠭᠤᠷ ᠠᠮᠢᠰᠬᠤᠯ ᠨᠢ ︽ᠡᠯᠡᠰᠦᠨ ᠴᠦᠯ ᠤᠨ ᠬᠠᠯᠠᠭᠤᠨ︾ ᠢ ᠳᠠᠶᠢᠴᠢᠯᠠᠨ ᠳᠤᠯᠠᠭᠠᠨ ᠤ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠪᠡ᠃ ᠲᠤᠰ ᠬᠤᠭᠤᠴᠠᠭᠠᠨ ᠤ ᠠᠳᠤᠭᠤᠨ ᠵᠢᠩ ᠤᠨ ᠶᠡᠭᠡ ᠬᠤᠷᠠᠯ 3 ᠡᠳᠦᠷ ᠶᠠᠪᠤᠭᠳᠠᠵᠤ᠂ ᠪᠦᠬᠦ ᠤᠯᠤᠰ ᠤᠨ ᠡᠯ᠎ᠡ ᠭᠠᠵᠠᠷ ᠤᠨ ᠬᠢᠨ ᠤ 2000 ᠭᠠᠷᠤᠢ ᠬᠡᠭᠡᠷᠡᠯᠡᠬᠦ ᠲᠡᠷᠭᠡ᠂ 10000 ᠭᠠᠷᠤᠢ ᠬᠡᠭᠡᠷᠡᠯᠡᠬᠦ ᠳᠤᠷ᠎ᠠ ᠪᠠᠭ᠋ᠠᠳᠠᠨ ᠣᠷᠣᠯᠴᠠᠵᠠᠢ᠃ ᠲᠦᠮᠡᠨ ᠠᠭᠲᠠ ᠲᠣᠭᠤᠷᠢᠨ ᠵᠤᠭᠠᠴᠠᠬᠤ᠂ ᠡᠯᠡᠰᠦᠨ ᠴᠦᠯ ᠤᠨ ᠤᠷᠤᠯᠳᠤᠭᠠᠨ᠂ ᠲᠡᠷᠭᠡᠨ ᠦᠵᠡᠭᠦᠯᠦᠯᠭᠡ᠂ ᠮᠠᠰᠢᠨ ᠲᠡᠷᠭᠡᠨ ᠤ ᠭᠡᠷ ᠤᠨ ᠭᠠᠳᠠᠨᠠᠬᠢ ᠬᠡᠭᠡᠷ᠎ᠡ ᠪᠠᠭᠤᠳᠠᠯᠯᠠᠬᠤ ᠶᠡᠭᠡ ᠬᠤᠷᠠᠯ᠂ ᠡᠯᠧᠺᠲᠷᠣᠨ ᠬᠦᠭᠵᠢᠮ ᠤᠨ ᠪᠠᠶᠠᠷ ᠵᠡᠷᠭᠡ 10 ᠭᠠᠷᠤᠢ ᠵᠦᠢᠯ ᠤᠨ ᠭᠤᠶᠢᠳᠠ ᠰᠠᠶᠢᠬᠠᠨ ᠠᠵᠢᠯᠯᠠᠭ᠎ᠠ ᠡᠭᠡᠯᠵᠢᠯᠡᠨ ᠶᠠᠪᠤᠭᠳᠠᠵᠤ᠂ ᠬᠤᠲᠠ ᠶᠢᠨ ᠠᠷᠠᠳ ᠲᠤ ᠤᠶᠢᠷ᠎ᠠ ᠵᠠᠢ ᠠᠴᠠ ᠬᠡᠭᠡᠷᠡᠯᠡᠬᠦ ᠰᠣᠶᠣᠯ ᠢ ᠤᠶᠢᠯᠠᠭᠠᠭᠤᠯᠵᠤ᠂ ᠨᠡᠩ ᠣᠯᠠᠨ ᠭᠠᠳᠠᠷ ᠣᠷᠣᠨ ᠤ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠠᠭᠤᠯᠠᠨ ᠭᠠᠵᠠᠷ᠂ ᠣᠰᠣ᠂ ᠡᠯᠡᠰᠦ᠂ ᠬᠤᠲᠠ ᠶᠢᠨ ᠥᠪᠡᠷᠮᠢᠴᠡ ᠲᠠᠲᠠᠬᠤ ᠬᠦᠴᠦᠨ ᠢ ᠤᠶᠢᠯᠠᠭᠠᠪᠠ᠃ ᠮᠠᠨ ᠤ ᠬᠤᠲᠠ ᠥᠪᠡᠷ ᠢᠶᠠᠨ ᠲᠡᠷᠭᠡ ᠵᠢᠯᠣᠭᠤᠳᠤᠨ ᠵᠢᠭᠤᠯᠴᠢᠯᠠᠬᠤ᠂ ᠰᠡᠯᠡᠭᠦᠴᠡᠨ ᠲᠡᠭᠦᠬᠦ᠂ ᠬᠥᠳᠡᠭᠡ ᠲᠣᠰᠬᠤᠨ ᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠣᠯᠠᠨ ᠵᠦᠢᠯ ᠤᠨ ᠵᠢᠭᠤᠯᠴᠢᠯᠠᠯ ᠤᠨ ᠵᠠᠮ ᠱᠤᠭᠤᠮ ᠢ ᠵᠡᠷᠭᠡᠪᠡᠷ ᠭᠠᠷᠭᠠᠵᠤ᠂ ᠲᠡᠭᠦᠬᠦ ᠪᠠᠶᠠᠷ᠂ ᠤᠷᠠᠨ ᠰᠠᠶᠢᠬᠠᠨ ᠤ ᠲᠣᠭᠯᠠᠯᠲᠠ᠂ ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠠᠵᠢᠯᠯᠠᠭᠠᠨ ᠤ ᠣᠷᠣᠨ ᠵᠠᠶ ᠶᠢ ᠭᠦᠢᠴᠡᠳ ᠤᠷᠲᠤᠳᠬᠠᠵᠤ᠂ ᠵᠤᠭᠠᠴᠠᠭᠰᠠᠳ ᠤᠨ ᠵᠤᠭᠠᠴᠠᠨ ᠨᠠᠭᠠᠳᠬᠤ ᠣᠶᠢᠯᠠᠭᠠᠯᠲᠠ ᠶᠢ ᠨᠢ ᠳᠡᠭᠡᠭᠰᠢᠯᠡᠭᠦᠯᠵᠦ᠂ ᠪᠦᠬᠦ ᠤᠯᠤᠰ ᠤᠨ ᠡᠯ᠎ᠡ ᠭᠠᠵᠠᠷ ᠤᠨ ᠬᠡᠭᠡᠷᠡᠯᠡᠨ ᠠᠶᠠᠯᠠᠬᠤ ᠪᠠᠭ᠋ᠠᠲᠠᠶ ᠬᠥᠮᠦᠰ ᠪᠠ ᠵᠤᠭᠠᠴᠠᠭᠰᠠᠳ ᠤᠨ ᠰᠠᠶᠢᠨ ᠦᠨᠡᠯᠡᠯᠲᠡ ᠶᠢ ᠲᠠᠰᠤᠷᠠᠯᠲᠠ ᠦᠭᠡᠢ ᠣᠯᠪᠠ᠃      ᠮᠣᠷᠢᠨ ᠵᠢᠩ ᠤᠨ ᠶᠡᠭᠡ ᠬᠤᠷᠠᠯ ᠪᠣᠯ ᠳᠤᠮᠳᠠᠳᠤ ᠤᠯᠤᠰ ᠤᠨ ᠭᠡᠭᠡᠷᠡᠯᠡᠬᠦ ᠰᠣᠶᠣᠯ ᠤᠨ ᠲᠡᠷᠢᠭᠦᠨ ᠳᠡᠰ ᠤᠨ IP ᠪᠣᠯᠤᠨ᠎ᠠ᠂ ᠪᠦᠬᠦ ᠤᠯᠤᠰ ᠤᠨ ᠡᠯ᠎ᠡ ᠮᠣᠵᠢ ᠬᠤᠲᠠ ᠣᠷᠣᠨ ᠤ 300 ᠭᠠᠷᠤᠢ JEEP ᠶᠢᠨ ᠠᠳᠤᠭᠤᠴᠢᠨ ᠨᠡᠷᠡᠮᠵᠢᠲᠤ ᠲᠡᠷᠭᠡᠨ ᠬᠡᠯᠪᠡᠷᠢ ᠶᠢᠨ ᠺᠯᠦ᠋ᠪ ᠢᠶᠠᠷ ᠪᠦᠷᠢᠯᠳᠦᠵᠦ᠂ ᠠᠩᠬᠠᠳᠤᠭᠠᠷ ᠬᠤᠭᠤᠴᠠᠭ᠎ᠠ ᠨᠢ 2015 ᠣᠨ ᠳᠤ ᠶᠠᠪᠤᠭᠳᠠᠵᠤ᠂ ᠤᠯᠤᠰ ᠤᠨ ᠳᠣᠲᠣᠭᠠᠳᠤ ᠶᠢᠨ ᠬᠡᠭᠡᠷᠡᠯᠡᠬᠦ ᠬᠦᠷᠢᠶᠡᠨ ᠤ ᠬᠠᠮᠤᠭ ᠤᠨ ᠢᠳᠡᠪᠬᠢ ᠬᠦᠴᠦᠨ ᠲᠠᠢ JEEP ᠮᠠᠰᠢᠨ ᠲᠡᠷᠭᠡᠨ ᠤ ᠬᠠᠮᠲᠤᠯᠢᠭ ᠤᠨ ᠵᠣᠬᠢᠶᠠᠨ ᠪᠠᠢᠭᠤᠯᠤᠯᠲᠠ ᠶᠢᠨ ᠨᠢᠭᠡ ᠨᠢ ᠪᠣᠯᠤᠨ᠎ᠠ᠂ ᠤᠯᠤᠰ ᠤᠨ ᠳᠣᠲᠣᠭᠠᠳᠤ ᠳᠤ ᠮᠠᠰᠢ ᠥᠨᠳᠥᠷ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠲᠠᠢ ᠪᠠᠶᠢᠵᠦ᠂ ᠣᠳᠣᠬᠠᠨ ᠳᠤ ᠨᠢᠭᠡᠨᠳᠡ 20 ᠭᠠᠷᠣᠢ ᠲᠦᠮᠡᠨ ᠬᠡᠰᠢᠬᠦᠨ ᠲᠠᠢ ᠪᠤᠯᠤᠭᠰᠠᠨ ᠪᠠᠶᠢᠨ᠎ᠠ᠃      ᠲᠣᠰ ᠬᠤᠭᠤᠴᠠᠭᠠᠨ ᠤ ᠮᠤᠷᠢᠨ ᠵᠢᠩ ᠤᠨ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠮᠠᠰᠢᠨ ᠲᠡᠷᠭᠡᠨ ᠤ ᠬᠡᠷ ᠤᠨ ᠭᠠᠳᠠᠨᠠᠬᠢ ᠬᠡᠭᠡᠷ᠎ᠡ ᠪᠠᠭᠤᠳᠠᠯᠯᠠᠬᠤ ᠶᠡᠭᠡ ᠬᠤᠷᠠᠯ ᠢ ᠡᠷᠬᠢᠯᠡᠭᠰᠡᠨ ᠨᠢ ᠮᠠᠨ ᠤ ᠬᠤᠲᠠ ᠶᠢᠨ ︽ᠡᠯᠡᠰᠦᠨ ᠴᠥᠯ ᠳᠤ ᠮᠤᠷᠢᠯᠠᠵᠤ ᠲᠡᠯᠡᠶ ᠶᠢ ᠦᠵᠡᠬᠦ︾ ᠵᠢᠭᠤᠯᠴᠢᠯᠠᠯ ᠤᠨ ᠨᠠᠷᠠᠲᠤ ᠲᠡᠮᠳᠡᠭ ᠢ ᠤᠯᠠᠮ ᠨᠢᠭᠡ ᠠᠯᠬᠤᠮ ᠠᠯᠳᠠᠷᠰᠢᠭᠤᠯᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号