ᠼᠦᠢ ᠵᠢᠩ ᠶᠢᠩ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/5/6
     4 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠤᠳᠠ ᠲᠣᠭᠤᠷᠢᠭ᠂ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ ᠣᠷᠣᠯᠴᠠᠪᠠ᠃      ᠼᠦᠢ ᠵᠢᠩ ᠶᠢᠩ ᠨᠡᠷ ᠤᠷᠢᠳ ᠬᠤᠵᠢᠳ ᠤᠳᠠ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠬᠤᠳᠠ ᠶᠢᠨ ᠤᠶᠤᠨ ᠤ ᠡᠷᠡᠭᠦᠯ ᠬᠠᠮᠠᠭᠠᠯᠠᠯ ᠤᠨ ᠲᠥᠪ᠂ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠬᠠᠶᠢᠷᠤᠪ ᠤᠨ ᠲᠤᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠡᠮᠨᠡᠯᠭᠡ ᠶᠢᠨ ᠬᠤᠷᠢᠶᠠᠨ ᠤ ᠣᠨᠣᠰᠢᠯᠠᠨ ᠡᠮᠨᠡᠬᠦ ᠦᠢᠯᠡᠴᠢᠯᠡᠭᠡᠨ ᠤ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠳᠦᠷ ᠲᠤᠳᠤᠮ ᠤᠨ ᠡᠮᠴᠢᠯᠡᠭᠡ ᠬᠢᠬᠦ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠲᠠ᠂ ᠡᠮᠴᠢᠯᠡᠭᠡᠨ ᠤ ᠲᠥᠬᠦᠭᠡᠷᠦᠮᠵᠢ ᠶᠢᠨ ᠲᠤᠬᠢᠷᠠᠭᠤᠯᠤᠯᠳᠠ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠠᠵᠢᠯᠯᠠᠭᠠᠨ ᠵᠢᠴᠢ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠱᠠᠳᠤ ᠬᠤᠪᠢᠶᠠᠨ ᠣᠨᠣᠰᠢᠯᠠᠨ ᠡᠮᠨᠡᠬᠦ᠂ ᠦᠨᠳᠦᠰᠦᠨ ᠱᠠᠲᠤᠨ ᠤ ᠡᠮ ᠡᠮᠨᠡᠯᠭᠡ ᠶᠢᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃      ᠼᠦᠢ ᠵᠢᠩ ᠶᠢᠩ ᠬᠡᠯᠡᠭᠰᠡᠨ ᠨᠢ᠂ ᠠᠷᠠᠳ ᠤᠯᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠡᠷᠡᠭᠴᠡᠭᠡ ᠶᠢ ᠤᠨᠢᠨ ᠳᠡᠭᠡᠷ᠎ᠡ ᠨᠢ ᠡᠵᠡᠮᠳᠡᠵᠦ᠂ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠮᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ︽1+ N︾ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠬᠤᠯᠪᠣᠭᠠᠯᠠᠨ ᠬᠥᠳᠡᠯᠦᠯᠴᠡᠬᠦ︾ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠤ ᠬᠤᠷᠰᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠴᠢᠳᠠᠪᠤᠷᠢᠲᠠᠨ ᠤ ᠡᠩᠨᠡᠭᠡ᠂ ᠤᠨᠴᠠᠯᠢᠬᠳᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠳᠡᠭᠡᠳᠦ ᠲᠡᠰ ᠳᠠᠪᠬᠤᠷᠭ᠎ᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠣᠨᠣᠰᠢᠯᠠᠨ ᠡᠮᠨᠡᠬᠦ ᠮᠡᠷᠭᠡᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠢ ᠲᠦᠷᠭᠡᠳᠬᠡᠨ ᠠᠬᠢᠭᠤᠯᠵᠤ᠂ ᠬᠠᠷᠢᠭᠤᠴᠠᠯᠭ᠎ᠠ᠂ ᠬᠠᠮᠢᠶᠠᠷᠤᠯᠲᠠ᠂ ᠦᠢᠯᠡᠴᠢᠯᠡᠭᠡ᠂ ᠠᠰᠢᠭ ᠲᠤᠰᠠ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ᠶᠢ ᠪᠠᠶᠢᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号