ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠡᠳᠦᠭᠡ ︽ᠦᠬᠠᠶ ᠬᠤᠲᠠ ᠶᠢᠨ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢᠨ ᠠᠷᠭ᠎ᠠ︾ ᠶᠢ | ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | 2024 ᠣᠨ ᠤ 1 ᠰᠠᠷ᠎ᠠ ᠶᠢᠨ 16 ᠤ ᠡᠳᠦᠷ | | | ᠦᠬᠠᠶ ᠬᠤᠲᠠ ᠶᠢᠨ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ᠂ ᠶᠡᠷᠦᠩᠬᠡᠢ ᠲᠦᠷᠢᠮ | ᠨᠢᠭᠡᠳᠦᠭᠡᠷ ᠵᠦᠢᠯ᠂ ᠲᠥᠰᠦᠪ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠶᠢᠨ ᠲᠥᠯᠥᠭᠡ᠂ ᠲᠥᠰᠦᠪ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠡᠳ᠋ ᠤᠨ ᠵᠠᠰᠠᠭ ᠠᠵᠤ ᠠᠬᠤᠶ ᠶᠢᠨ | ᠰᠠᠬᠢᠯᠭ᠎ᠠ ᠪᠠᠲᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠷ᠎ᠡ ᠠᠰᠢᠭ ᠢ ᠳᠡᠭᠡᠭᠰᠢᠯᠡᠭᠦᠯᠵᠦ᠂ | ᠲᠥᠰᠦᠪ ᠤᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ᠵᠢᠴᠢ ᠲᠡᠭᠦᠨ ᠤ ᠬᠡᠷᠡᠭᠵᠢᠭᠦᠯᠬᠦ ᠳᠦᠷᠢᠮ᠂ ︽ᠲᠥᠰᠦᠪ ᠤᠨ | ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ︹2021︺5 ᠳ᠋ᠤᠭᠠᠷ ᠲᠣᠭᠠᠲᠤ︶ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ | ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2023 ︺ | 18 ᠳ᠋ᠤᠭᠠᠷ ᠲᠣᠭᠠᠲᠤ︶ ︽ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠬᠦ ᠲᠤᠬᠠᠶ ᠦᠬᠠᠶ ᠬᠤᠲᠠ ᠶᠢᠨ ᠰᠠᠨᠠᠯ︾ ︵ᠦᠬᠠᠶ ᠵᠠᠰᠠᠭ ᠲᠠᠷᠬᠠᠭᠠᠭᠰᠠᠨ︹ 2016 ︺ | 53 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠲᠣᠭᠲᠠᠭᠠᠯ ᠢ | ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ᠂ ᠪᠥᠬᠦ ᠬᠤᠲᠠ ᠶᠢᠨ ᠡᠳ᠋ ᠤᠨ ᠵᠠᠰᠠᠭ ᠤᠨ ᠡᠩ ᠤᠨ ᠣᠯᠠᠨ ᠨᠡᠶᠢᠲᠡ ᠶᠢᠨ ᠲᠥᠰᠦᠪ᠂ | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ᠂ ᠤᠯᠤᠰ ᠤᠨ ᠥᠮᠴᠢᠯᠡᠯᠲᠦ ᠬᠥᠷᠥᠩᠭᠡ ᠶᠢᠨ | ᠡᠵᠡᠩᠨᠡᠯᠲᠡ ᠶᠢᠨ ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠢ ᠨᠠᠶᠢᠷᠠᠭᠤᠯᠤᠨ | ᠵᠣᠬᠢᠶᠠᠬᠤ᠂ ᠭᠦᠢᠴᠡᠳᠭᠡᠬᠦ᠂ ᠳᠣᠭᠢᠷᠠᠭᠤᠯᠬᠤ ᠵᠢᠴᠢ ᠲᠥᠰᠦᠪ ᠤᠨ ᠭᠦᠢᠴᠡᠳᠭᠡᠯ ᠪᠠ ᠬᠢᠨᠠᠯᠲᠠ ᠲᠠᠯᠪᠢᠬᠤ ᠳᠤ ᠲᠣᠰ | ᠠᠷᠭ᠎ᠠ ᠶᠢ ᠬᠡᠷᠡᠭᠯᠡᠨ᠎ᠡ᠃ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠳᠡᠭᠡᠳᠦ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠰᠲᠠᠭᠠᠨ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠢ | ᠵᠢᠷᠤᠮᠯᠠᠨ᠎ᠠ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠯᠦᠭᠡ ᠲᠥᠰᠦᠪ ᠤᠨ ᠵᠣᠭᠤᠰ ᠲᠤᠰᠢᠶᠠᠬᠤ ᠪᠠ ᠰᠢᠯᠵᠢᠭᠦᠯᠦᠨ ᠥᠭᠬᠦ | ᠬᠠᠷᠢᠴᠠᠭ᠎ᠠ ᠲᠠᠢ ᠰᠢᠭᠤᠳ ᠡᠭᠦᠰᠦᠭᠰᠡᠨ ᠲᠦᠷᠦ ᠶᠢᠨ ᠪᠠᠶᠢᠭᠤᠯᠭ᠎ᠠ᠂ ᠲᠦᠷᠦ ᠶᠢᠨ ᠨᠠᠮ ᠤᠨ ᠵᠣᠬᠢᠶᠠᠨ ᠪᠠᠶᠢᠭᠤᠯᠤᠯᠲᠠ᠂ | ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠪᠠ ᠪᠤᠰᠤᠳ ᠨᠢᠭᠡᠴᠡ ︵ᠳᠣᠷᠣᠭᠰᠢ ᠡᠯ᠎ᠡ ᠰᠠᠯᠠᠭ᠎ᠠ ᠮᠥᠴᠢᠷ | ᠭᠡᠵᠦ ᠶᠡᠷᠦᠩᠬᠡᠶᠢᠯᠡᠨ ᠨᠡᠷᠡᠶᠢᠳᠦᠨ᠎ᠡ︶ ᠲᠤᠰ ᠠᠷᠭ᠎ᠠ ᠶᠢ ᠵᠢᠷᠤᠮᠯᠠᠬᠤ ᠬᠡᠷᠡᠭᠲᠡᠶ᠃ | ᠭᠤᠷᠪᠠᠳᠤᠭᠠᠷ ᠵᠦᠢᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠳᠤ ᠨᠢᠭᠡᠳᠦᠯᠲᠡᠢ ᠲᠥᠯᠥᠪᠯᠡᠨ | ᠨᠡᠶᠢᠳᠡ ᠳᠤᠨᠢ ᠬᠠᠷᠠᠭᠠᠯᠵᠠᠬᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠴᠢᠳᠠᠯ ᠤᠨ ᠢᠶᠠᠨ ᠬᠢᠷᠢ ᠪᠠᠷ ᠬᠢᠬᠦ᠂ | ᠠᠮᠵᠢᠯᠲᠠ ᠪᠦᠲᠦᠮᠵᠢ ᠶᠢ ᠡᠷᠬᠢᠮᠯᠡᠬᠦ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠢ ᠵᠢᠷᠤᠮᠯᠠᠬᠤ | ᠬᠡᠷᠡᠭᠲᠡᠢ᠃ | ᠳᠥᠷᠪᠡᠳᠦᠭᠡᠷ ᠵᠦᠢᠯ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠲᠥᠰᠦᠪ᠂ ᠤᠯᠤᠰ ᠤᠨ | ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠬᠢᠭᠡᠳ ᠡᠩ ᠤᠨ ᠣᠯᠠᠨ ᠨᠡᠶᠢᠲᠡ ᠶᠢᠨ ᠲᠥᠰᠦᠪ ᠢ | ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠬᠢᠭᠡᠳ ᠪᠤᠰᠤᠳ ᠡᠳ᠋ ᠤᠨ ᠵᠠᠰᠠᠭ ᠤᠨ ᠪᠠᠯᠠ ᠮᠥᠩᠭᠦ᠂ ᠳᠡᠭᠡᠳᠦ ᠱᠠᠲᠤᠨ ᠤ | ᠰᠢᠯᠵᠢᠭᠦᠯᠦᠨ ᠥᠭᠬᠦ ᠪᠠ ᠲᠣᠰ ᠱᠠᠲᠤᠨ ᠤ ᠲᠥᠰᠦᠪ ᠤᠨ ᠪᠠᠯᠠ ᠮᠥᠩᠭᠦ᠂ ᠡᠳ᠋ ᠤᠨ ᠵᠠᠰᠠᠭ ᠤᠨ ᠰᠠᠯᠭᠠᠨ ᠥᠭᠬᠦ | ᠪᠠᠯᠠ ᠮᠥᠩᠭᠦ ᠬᠢᠭᠡᠳ ᠡᠳ᠋ ᠤᠨ ᠵᠠᠰᠠᠭ ᠤᠨ ᠪᠤᠰᠤ ᠰᠠᠯᠭᠠᠨ ᠥᠭᠬᠦ ᠪᠠᠯᠠ ᠮᠥᠩᠭᠦ᠂ ᠠᠳᠠᠯᠢ ᠪᠤᠰᠤ ᠣᠨ ᠤ | ᠬᠤᠭᠤᠷᠣᠨᠳᠣᠬᠢ ᠡᠳ᠋ ᠤᠨ ᠵᠠᠰᠠᠭ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠴᠢᠩᠭᠠᠳᠬᠠᠵᠤ᠂ | ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠪᠠᠶᠢᠷᠢᠯᠠᠭᠤᠯᠤᠭᠰᠠᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠢ᠃ | ᠲᠠᠪᠤᠳᠤᠭᠠᠷ ᠵᠦᠢᠯ᠂ ᠡᠳ᠋ ᠤᠨ ᠵᠠᠰᠠᠭ ᠤᠨ ᠲᠥᠰᠦᠪ ᠲᠤ ᠵᠦᠢᠯᠡᠰ ᠤᠨ ᠬᠥᠮᠥᠷᠭᠡ ᠶᠢᠨ ᠬᠠᠮᠢᠶᠠᠷᠤᠯᠲᠠ ᠶᠢ | ᠬᠡᠷᠡᠭᠵᠢᠭᠦᠯᠵᠦ᠂ ᠵᠦᠢᠯᠡᠰ ᠢ ᠲᠥᠰᠦᠪ ᠤᠨ ᠬᠠᠮᠢᠶᠠᠷᠤᠯᠲᠠ ᠶᠢᠨ ᠦᠨᠳᠦᠰᠦᠨ ᠨᠢᠭᠡᠴᠢ ᠪᠣᠯᠭᠠᠵᠤ᠂ ᠲᠥᠰᠦᠪ ᠤᠨ | ᠵᠠᠷᠤᠯᠭ᠎ᠠ ᠶᠢ ᠪᠦᠬᠦᠨ ᠢ ᠵᠦᠢᠯᠡᠰ ᠤᠨ ᠬᠡᠯᠪᠡᠷᠢ ᠪᠠᠷ ᠲᠥᠰᠦᠪ ᠤᠨ ᠵᠦᠢᠯᠡᠰ ᠤᠨ ᠬᠥᠮᠥᠷᠭᠡ ᠳᠤ ᠣᠷᠣᠭᠤᠯᠤᠨ᠎ᠠ᠃ | ᠣᠨ ᠤ ᠲᠥᠰᠦᠪ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠲᠥᠷᠥᠯ ᠵᠦᠢᠯ ᠢ ᠣᠨ ᠠᠯᠤᠰᠯᠠᠨ ᠬᠡᠷᠡᠭᠵᠢᠭᠦᠯᠦᠭᠰᠡᠨ | ᠪᠠᠶᠢᠪᠠᠯ᠂ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠦᠨᠳᠦᠰᠦᠯᠡᠨ ᠣᠨ ᠬᠤᠪᠢᠶᠠᠨ ᠲᠥᠰᠦᠪ ᠢ | ᠪᠠᠭᠤᠯᠭᠠᠬᠤ ᠬᠡᠷᠡᠭᠲᠡᠶ᠃ ᠵᠦᠢᠯᠡᠰ ᠢ ᠬᠥᠮᠥᠷᠭᠡ ᠳᠤ ᠣᠷᠣᠭᠤᠯᠬᠤ ᠶᠢ ᠬᠢᠨᠠᠨ ᠲᠣᠭᠲᠠᠭᠠᠵᠤ ᠦᠨᠡᠯᠡᠨ ᠵᠢᠱᠢᠬᠦ | ᠲᠣᠭᠲᠠᠴᠠ ᠪᠠ ᠵᠦᠢᠯᠡᠰ ᠤᠨ ᠦᠷᠭᠦᠯᠵᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ᠎ᠠ᠃ ᠡᠯ᠎ᠡ | ᠰᠠᠯᠠᠭ᠎ᠠ ᠮᠥᠴᠢᠷ ᠤᠳ ᠨᠥᠭᠡᠴᠡᠯᠡᠬᠦ ᠲᠥᠷᠥᠯ ᠵᠦᠢᠯ ᠢ ᠤᠷᠢᠳᠴᠢᠯᠠᠨ ᠰᠦᠪᠡᠭᠴᠢᠯᠡᠵᠦ᠂ ᠲᠥᠷᠥᠯ ᠵᠦᠢᠯ ᠢ | ᠭᠤᠶᠤᠴᠢᠯᠠᠨ ᠮᠡᠳᠡᠭᠦᠯᠬᠦ ᠪᠠ ᠬᠢᠨᠠᠨ ᠲᠣᠭᠲᠠᠭᠠᠵᠤ ᠨᠤᠲᠠᠯᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠲᠥᠷᠥᠯ | ᠵᠦᠢᠯ ᠤᠨ ᠬᠥᠮᠥᠷᠭᠡ ᠳᠤ ᠣᠷᠣᠭᠤᠯᠤᠭᠠᠳᠤᠶ ᠲᠥᠷᠥᠯ ᠵᠦᠢᠯ ᠳᠤ ᠴᠥᠮ ᠲᠥᠰᠦᠪ ᠳᠣᠭᠢᠷᠠᠭᠤᠯᠵᠤ ᠪᠣᠯᠬᠤ ᠥᠬᠡᠶ᠃ | ᠵᠢᠷᠭᠤᠳᠤᠭᠠᠷ ᠵᠦᠢᠯ᠂ ᠬᠤᠲᠠ᠂ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ | ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠡᠳ᠋ ᠤᠨ ᠵᠠᠰᠠᠭ ᠤᠨ | ᠲᠥᠰᠦᠪ ᠤᠨ ᠬᠠᠮᠢᠶᠠᠷᠤᠯᠲᠠ ᠶᠢᠨ ᠠᠵᠢᠯ ᠢ ᠪᠣᠳᠠᠲᠠᠢ ᠬᠠᠷᠢᠭᠤᠴᠠᠵᠤ᠂ ᠡᠳ᠋ ᠤᠨ ᠵᠠᠰᠠᠭ ᠤᠨ ᠲᠥᠰᠦᠪ ᠢ | ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ᠂ ᠲᠣᠬᠢᠷᠠᠭᠤᠯᠬᠤ᠂ ᠲᠥᠰᠦᠪ ᠤᠨ ᠭᠦᠢᠴᠡᠳᠬᠡᠯ᠂ ᠢᠯᠡ ᠪᠣᠯᠭᠠᠬᠤ ᠠᠵᠢᠯ ᠢ | ᠵᠣᠬᠢᠶᠠᠨ ᠪᠠᠶᠢᠭᠤᠯᠤᠨ᠎ᠠ᠃ ᠠᠳᠠᠯᠢ ᠱᠠᠲᠤᠨ ᠤ ᠲᠥᠰᠦᠪ ᠤᠨ ᠣᠷᠣᠯᠭ᠎ᠠ ᠶᠢ ᠲᠠᠲᠠᠪᠤᠷᠢᠯᠠᠬᠤ ᠰᠠᠯᠠᠭ᠎ᠠ ᠮᠥᠴᠢᠷ ᠪᠠ | ᠨᠢᠭᠡᠴᠡ ︵ᠳᠣᠷᠣᠭᠰᠢ ᠲᠠᠲᠠᠪᠤᠷᠢᠯᠠᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠶᠢᠨ ᠲᠥᠰᠦᠪ ᠤᠨ ᠣᠷᠣᠯᠭ᠎ᠠ ᠶᠢ | ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢ ᠰᠢᠪᠠᠳᠠᠨ᠎ᠠ᠃ ᠡᠯ᠎ᠡ ᠰᠠᠯᠠᠭ᠎ᠠ ᠮᠥᠴᠢᠷ ᠤᠨ ᠴᠢᠬᠤᠯᠠ ᠶᠡᠭᠡ ᠡᠳ᠋ ᠤᠨ | ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ᠂ ᠲᠥᠰᠦᠪ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠨᠢᠭᠲᠠᠯᠠᠨ | ᠪᠤᠳᠤᠯᠳᠠ ᠶᠢᠨ ᠬᠠᠮᠢᠶᠠᠷᠤᠯᠲᠠ᠂ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠵᠡᠷᠭᠡ | ᠨᠠᠶᠢᠳᠠᠪᠤᠷᠢᠵᠢᠭᠤᠯᠬᠤ ᠶᠠᠪᠤᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ ᠠᠳᠠᠯᠢ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠲᠥᠰᠦᠪ ᠢ ᠭᠦᠢᠴᠡᠳᠬᠡᠭᠰᠡᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ | ᠮᠡᠳᠡᠭᠦᠯᠦᠨ ᠬᠦᠷᠭᠡᠬᠦ ᠶᠢᠨ ᠬᠠᠮᠲᠤ ᠬᠤᠯᠪᠣᠭᠳᠠᠯ ᠪᠦᠬᠦᠢ ᠲᠦᠷᠦ ᠶᠢᠨ ᠪᠣᠳᠤᠯᠭ᠎ᠠ ᠶᠢᠨ ᠰᠠᠨᠠᠭᠤᠯᠤᠮᠵᠢ | ᠳᠡᠪᠰᠢᠭᠦᠯᠦᠨ᠎ᠡ᠃ | ᠡᠯ᠎ᠡ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠡ ᠶᠢᠨ ᠢᠶᠠᠨ ᠲᠥᠰᠦᠪ ᠪᠠ | ᠲᠥᠰᠦᠪ ᠤᠨ ᠭᠦᠢᠴᠡᠳᠭᠡᠯ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠬᠠᠮᠢᠶᠠᠷᠤᠯᠲᠠ᠂ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠢᠴᠢ ᠳᠣᠲᠣᠭᠠᠳᠤ ᠶᠢᠨ ᠡᠵᠡᠮᠳᠡᠬᠦ ᠲᠦᠷᠢᠮ ᠤᠨ | ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ ᠲᠡᠭᠦᠨ ᠤ ᠲᠥᠰᠦᠪ ᠤᠨ ᠪᠦᠷᠢᠨ ᠪᠦᠲᠦᠨ ᠴᠢᠨᠠᠷ᠂ ᠵᠢᠷᠤᠮᠵᠢᠯᠳᠤ | ᠴᠢᠨᠠᠷ᠂ ᠦᠨᠡᠨ ᠪᠣᠳᠠᠲᠤ ᠴᠢᠨᠠᠷ ᠵᠢᠴᠢ ᠬᠡᠷᠡᠭᠵᠢᠭᠦᠯᠦᠭᠰᠡᠨ ᠶᠠᠪᠤᠴᠠ ᠪᠠ ᠦᠷ᠎ᠡ ᠳ᠋ᠦᠩ ᠳᠤ ᠪᠠᠯᠠ ᠮᠥᠩᠭᠦ ᠶᠢᠨ ᠠᠮᠤᠷ | ᠲᠦᠪᠰᠢᠨ ᠢᠶᠠᠷ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠲᠠᠲᠠᠪᠤᠷᠢᠯᠠᠬᠤ ᠰᠠᠯᠠᠭ᠎ᠠ ᠮᠥᠴᠢᠷᠤᠳ ᠲᠥᠰᠦᠪᠤᠨ ᠣᠷᠣᠯᠭᠠᠶᠢ ᠬᠠᠤᠯᠢ ᠲᠣᠭᠲᠠᠭᠠᠯ ᠶᠣᠰᠣᠭᠠᠷ ᠵᠣᠬᠢᠶᠠᠨ | ᠪᠠᠶᠢᠭᠤᠯᠵᠤ᠂ ᠰᠠᠯᠠᠭ᠎ᠠ ᠮᠥᠴᠢᠷᠤᠳᠤᠨ ᠬᠤᠭᠤᠷᠣᠨᠳᠣᠬᠢ ᠭᠠᠶᠢᠯᠢ ︵ᠵᠠᠷᠤᠳᠠᠯ︶ ᠳᠤ ᠬᠤᠯᠪᠣᠭᠳᠠᠬᠤ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ ᠶᠢ ᠴᠢᠩᠭᠠᠳᠬᠠᠨ᠂ ᠲᠥᠰᠦᠪᠤᠨ ᠣᠷᠣᠯᠭ᠎ᠠ ᠶᠢ ᠴᠠᠭ ᠲᠤᠬᠠᠶ ᠳᠤᠨᠢ ᠲᠤᠭ᠎ᠠ ᠶᠣᠰᠣᠭᠠᠷ | ᠤᠯᠤᠰᠤᠨ ᠬᠥᠮᠥᠷᠭᠡ ᠪᠤᠶᠤ ᠡᠳ᠋ᠤᠨ ᠵᠠᠰᠠᠭᠤᠨ ᠲᠤᠰᠬᠠᠶ ᠲᠠᠩᠰᠠᠨ ᠡᠷᠦᠬᠡ ᠳᠤ ᠲᠤᠰᠢᠶᠠᠬᠤ ᠬᠡᠷᠡᠭᠲᠡᠶ᠃ | ᠳᠣᠯᠣᠳᠤᠭᠠᠷ ᠵᠦᠢᠯ᠂ ᠡᠳ᠋ ᠤᠨ ᠵᠠᠰᠠᠭ ᠤᠨ ᠲᠥᠰᠦᠪ ᠲᠤ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ | ᠶᠣᠰᠣᠭᠠᠷ ᠤᠷᠲᠤᠪᠲᠤᠷ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢᠨ ᠬᠠᠮᠢᠶᠠᠷᠤᠯᠲᠠ ᠶᠢ | ᠴᠢᠩᠭᠠᠳᠬᠠᠵᠤ᠂ ᠭᠤᠣᠯ ᠪᠣᠯᠬᠤ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠬᠠᠷᠢᠴᠠᠩᠭᠤᠶ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠵᠤ᠂ ᠵᠢᠯ ᠠᠯᠤᠰᠯᠠᠭᠰᠠᠨ ᠲᠥᠰᠦᠪ ᠤᠨ ᠲᠡᠩᠴᠡᠭᠦᠷᠢ ᠶᠢ ᠪᠡᠶᠡᠯᠡᠭᠦᠯᠦᠨ᠎ᠡ᠃ | ᠬᠤᠶᠠᠳᠤᠭᠠᠷ ᠪᠦᠯᠦᠭ᠂ ᠵᠠᠰᠠᠭ ᠤᠨ ᠣᠷᠳᠣᠨ ᠤ ᠲᠥᠰᠦᠪ | ᠨᠠᠢᠮᠠᠳᠤᠭᠠᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠠᠲᠠᠪᠤᠷᠢᠯᠠᠨ ᠬᠤᠷᠢᠶᠠᠬᠤ ᠰᠠᠯᠠᠭ᠎ᠠ | ᠮᠥᠴᠢᠷ ᠲᠠᠢ ᠬᠠᠮᠲᠤᠷᠠᠨ ᠵᠠᠰᠠᠭ ᠤᠨ ᠣᠷᠳᠣᠨ ᠤ ᠣᠷᠣᠯᠭ᠎ᠠ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠳᠠᠭᠠᠨ᠂ | ᠠᠵᠤ ᠠᠬᠤᠶ ᠶᠢᠨ ᠨᠡᠮᠡᠭᠳᠡᠯ᠂ ᠲᠥᠷᠥ ᠶᠢᠨ ᠪᠤᠳᠤᠯᠭ᠎ᠠ ᠶᠢᠨ ᠲᠤᠬᠢᠷᠠᠭᠤᠯᠤᠯᠳᠠ᠂ ᠳᠡᠭᠡᠳᠦ ᠱᠠᠲᠤᠨ ᠤ ᠵᠠᠰᠠᠭ ᠤᠨ | ᠰᠠᠯᠠᠭ᠎ᠠ ᠮᠥᠴᠢᠷ ᠨᠢ ᠰᠢᠨ᠎ᠡ ᠪᠠᠷ ᠨᠡᠮᠡᠭᠳᠡᠭᠰᠡᠨ ᠥᠷᠢ ᠥᠭᠴᠡᠭᠡ ᠶᠢᠨ ᠬᠢᠵᠠᠭᠠᠷ ᠲᠤᠭ᠎ᠠ ᠶᠢ ᠤᠷᠢᠳᠴᠢᠯᠠᠨ | ᠪᠠᠭᠤᠯᠭᠠᠭᠰᠠᠨ ᠵᠢᠴᠢ ᠳᠡᠭᠡᠷ᠎ᠡ ᠳᠣᠣᠷ᠎ᠠ ᠵᠢᠯ ᠣᠨ ᠬᠠᠷᠢᠴᠠᠭᠤᠯᠵᠤ ᠪᠣᠯᠤᠰᠢ ᠥᠭᠡᠢ ᠬᠦᠴᠦᠨ ᠵᠦᠢᠯ ᠵᠡᠷᠭᠡ | ᠪᠠᠶᠢᠳᠠᠯ ᠢ ᠭᠦᠢᠴᠡᠳ ᠪᠣᠳᠣᠯᠬᠢᠯᠠᠨ ᠵᠦᠢ ᠵᠣᠬᠢᠰᠲᠠᠶ ᠲᠥᠰᠦᠭᠡᠯᠡᠨ ᠪᠤᠳᠤᠬᠤ ᠬᠡᠷᠡᠭᠲᠡᠶ᠃ ᠡᠳ᠋ ᠤᠨ ᠵᠠᠰᠠᠭ ᠤᠨ | ᠣᠷᠣᠯᠭ᠎ᠠ ᠶᠢᠨ ᠬᠡᠪᠴᠢᠶ᠎ᠡ᠂ ᠨᠡᠮᠡᠭᠳᠡᠯ ᠤᠨ ᠬᠡᠮᠵᠢᠶ᠎ᠡ ᠶᠢ ᠬᠢᠨᠠᠨ ᠰᠢᠯᠭᠠᠵᠤ ᠠᠳᠠᠯᠢᠳᠬᠠᠨ ᠦᠨᠡᠯᠡᠬᠦ ᠳᠤ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠠᠲᠠᠪᠤᠷᠢᠯᠠᠬᠤ ᠶᠣᠰᠣᠲᠠᠶ ᠲᠥᠰᠦᠪ ᠤᠨ ᠣᠷᠣᠯᠭ᠎ᠠ ᠶᠢ ᠬᠠᠤᠯᠢ ᠲᠣᠭᠲᠠᠭᠠᠯ ᠶᠣᠰᠣᠭᠠᠷ ᠴᠠᠭ | ᠲᠤᠬᠠᠶ ᠳᠤᠨᠢ ᠭᠦᠢᠴᠡᠳ ᠲᠤᠭ᠎ᠠ ᠪᠠᠷ ᠲᠠᠲᠠᠪᠤᠷᠢᠯᠠᠵᠤ᠂ ᠬᠤᠳᠠᠯ ᠢᠶᠠᠷ ᠬᠤᠷᠢᠶᠠᠵᠤ ᠬᠤᠭᠤᠰᠣᠨ ᠰᠢᠯᠵᠢᠭᠦᠯᠬᠦ ᠶᠢ | ᠴᠢᠩᠭ᠎ᠠ ᠴᠠᠭᠠᠵᠠᠯᠠᠨ᠎ᠠ᠃ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠠᠴᠠ ᠡᠷᠬᠡ | ᠣᠯᠭᠤᠭᠰᠠᠨ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠠᠴᠠ ᠭᠠᠳᠠᠨ᠎ᠠ᠂ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠥᠪᠡᠰᠦᠪᠡᠨ ᠲᠣᠭᠲᠠᠭᠠᠵᠤ ᠪᠣᠯᠬᠤ ᠦᠭᠡᠢ᠂ | ᠨᠢᠭᠡᠳᠦᠯᠲᠡᠶ ᠵᠠᠬ᠎ᠠ ᠳᠡᠯᠭᠡᠭᠦᠷ ᠪᠠ ᠭᠤᠣᠯᠴᠢ ᠥᠷᠢᠰᠥᠯᠳᠦᠭᠡᠨ ᠢ ᠬᠠᠮᠠᠭᠠᠯᠠᠨ᠎ᠠ᠃ ᠭᠠᠶᠢᠯᠢ ᠶᠢᠨ ᠪᠤᠰᠤ ᠣᠷᠣᠯᠭ᠎ᠠ ᠶᠢᠨ | ︽ᠣᠷᠣᠯᠭ᠎ᠠ ᠵᠠᠷᠤᠯᠭ᠎ᠠ ᠶᠢ ᠠᠰ ᠲᠤᠨᠢ ᠪᠠᠶᠢᠯᠭᠠᠬᠤ︾ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ | ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠬᠤ ᠨᠢᠭᠡᠴᠡ ᠶᠢᠨ ᠵᠠᠷᠤᠯᠭ᠎ᠠ ᠯᠤᠭ᠎ᠠ | ᠬᠤᠯᠪᠣᠭᠳᠠᠭᠤᠯᠬᠤ ᠶᠢ ᠴᠢᠩᠭ᠎ᠠ ᠴᠠᠭᠠᠵᠠᠯᠠᠵᠤ᠂ ᠲᠥᠰᠦᠪ ᠤᠨ ᠬᠠᠮᠢᠶᠠᠷᠤᠯᠲᠠ ᠳᠤ ᠣᠷᠣᠭᠤᠯᠤᠭᠰᠠᠨ ᠵᠠᠰᠠᠭ ᠵᠠᠬᠢᠷᠭ᠎ᠠ | ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠯᠲᠠ᠂ ᠲᠣᠷᠭᠠᠵᠤ ᠬᠤᠷᠢᠶᠠᠭᠰᠠᠨ ᠣᠷᠣᠯᠭ᠎ᠠ᠂ ᠲᠤᠰᠬᠠᠶ ᠵᠦᠢᠯ ᠤᠨ | ᠣᠷᠣᠯᠭ᠎ᠠ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠭᠦᠯᠦᠭᠰᠡᠨ ᠣᠷᠣᠯᠭ᠎ᠠ ᠵᠢᠴᠢ | ᠪᠤᠰᠤᠳ ᠣᠷᠣᠯᠭ᠎ᠠ ᠶᠢ ᠲᠠᠲᠠᠪᠤᠷᠢᠯᠠᠬᠤ ᠨᠢᠭᠡᠴᠡ ᠶᠢᠨ ᠵᠠᠷᠤᠯᠭ᠎ᠠ ᠶᠢᠨ ᠲᠤᠬᠢᠷᠠᠭᠤᠯᠤᠯᠳᠠ ᠠᠴᠠ ᠰᠠᠯᠭᠠᠵᠤ᠂ | ᠬᠤᠯᠪᠣᠭᠳᠠᠯ ᠪᠦᠬᠦᠢ ᠬᠦᠷᠢᠶᠡᠨ ᠤ ᠵᠠᠷᠤᠯᠭ᠎ᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠪᠠᠲᠤᠯᠠᠨ᠎ᠠ᠃ | ᠶᠢᠰᠦᠳᠦᠭᠡᠷ ᠵᠦᠢᠯ᠂ ᠵᠠᠰᠠᠭ ᠤᠨ ᠣᠷᠳᠣᠨ ᠤ ᠵᠠᠷᠤᠯᠭ᠎ᠠ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠳᠤ | ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ | ᠦᠬᠠᠶ ᠬᠤᠲᠠ ᠶᠢᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ | ᠬᠠᠷᠠᠭᠠᠯᠵᠠᠵᠤ᠂ ᠭᠤᠤᠯᠳᠠᠯᠭ᠎ᠠ ᠶᠢ ᠳᠣᠪᠤᠶᠢᠯᠭᠠᠬᠤ ᠬᠡᠷᠡᠭᠲᠡᠶ᠃ | ᠡᠩ ᠤᠨ ᠤᠯᠠᠨ ᠨᠡᠶᠢᠲᠡ ᠶᠢᠨ ᠲᠥᠰᠦᠪ ᠲᠤ ︽ᠭᠤᠷᠪᠠ ᠶᠢ ᠪᠠᠲᠤᠯᠠᠬᠤ︾ ᠵᠠᠷᠤᠯᠭ᠎ᠠ ᠶᠢᠨ ᠡᠳ᠋ ᠤᠨ | ᠵᠠᠰᠠᠭ ᠤᠨ ᠵᠠᠷᠤᠯᠭ᠎ᠠ ᠳᠠᠬᠢ ᠲᠡᠷᠢᠭᠦᠯᠡᠬᠦ ᠲᠡᠰ ᠳᠠᠷᠠᠭᠠᠯᠠᠯ ᠢ ᠪᠠᠷᠢᠮᠲᠠᠯᠠᠨ᠂ ︽ᠭᠤᠷᠪᠠ ᠶᠢ ᠪᠠᠲᠤᠯᠠᠬᠤ︾᠂ ᠵᠠᠰᠠᠭ ᠤᠨ | ᠣᠷᠳᠣᠨ ᠤ ᠥᠭᠴᠡᠭᠡ ᠶᠢᠨ ᠡᠭᠡ ᠬᠦᠦ ᠶᠢ ᠪᠤᠴᠠᠭᠠᠬᠤ ᠵᠠᠷᠤᠯᠭ᠎ᠠ ᠶᠢ ᠤᠷᠢᠳ ᠢᠶᠠᠷ ᠲᠣᠬᠢᠷᠠᠭᠤᠯᠤᠭᠰᠠᠨ ᠤ ᠲᠠᠷᠠᠭ᠎ᠠ᠂ | ︽ᠬᠦᠨᠳᠦ ᠬᠦᠡᠭᠭᠡᠨ ᠠᠯᠭᠤᠷ ᠪᠠᠴᠢᠮ︾ ᠪᠠᠶᠢᠬᠤ ᠵᠠᠷᠴᠢᠮ ᠶᠣᠰᠣᠭᠠᠷ᠂ ᠡᠳ᠋ ᠤᠨ ᠬᠦᠴᠦᠨ ᠤ ᠪᠠᠶᠢᠳᠠᠯ ᠢᠶᠠᠨ ᠦᠵᠡᠵᠦ | ᠪᠠᠶᠢᠭᠠᠳ ᠪᠤᠰᠤᠳ ᠭᠤᠣᠯᠳᠠᠯᠭ᠎ᠠ ᠲᠠᠢ ᠵᠠᠷᠤᠯᠭ᠎ᠠ ᠶᠢ ᠲᠣᠬᠢᠷᠠᠭᠤᠯᠬᠤ ᠬᠡᠷᠡᠭᠲᠡᠶ᠃ ᠡᠯ᠎ᠡ ᠲᠣᠭᠤᠷᠢᠭ ᠲᠤ | ᠰᠢᠯᠵᠢᠭᠦᠯᠦᠨ ᠥᠭᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ | ︽ᠠᠷᠪᠢᠯᠠᠨ ᠭᠠᠮᠨᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠷᠢᠰᠥᠯᠳᠦᠭᠡᠨ ᠤ ᠴᠢᠨᠠᠷᠲᠠᠶ | ᠬᠦᠷᠢᠶᠡᠨ ᠳᠠᠬᠢ ᠡᠳ᠋ ᠤᠨ ᠵᠠᠰᠠᠭ ᠤᠨ ᠣᠷᠣᠭᠤᠯᠤᠯᠲᠠ ᠶᠢ ᠴᠢᠩᠭ᠎ᠠ ᠬᠢᠵᠠᠭᠠᠷᠯᠠᠨ᠎ᠠ᠃ | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠲᠤ ᠣᠷᠣᠯᠭ᠎ᠠ ᠪᠠᠷ ᠵᠠᠷᠤᠯᠭ᠎ᠠ ᠶᠢ | ᠲᠣᠭᠲᠠᠭᠠᠬᠤ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠪᠠᠷᠢᠮᠲᠠᠯᠠᠵᠤ᠂ ᠲᠤᠰᠬᠠᠶ ᠵᠦᠢᠯ ᠤᠨ | ᠥᠭᠴᠡᠭᠡ ᠶᠢᠨ ᠡᠭᠡ ᠬᠦᠦ ᠶᠢ ᠪᠤᠴᠠᠭᠠᠬᠤ ᠵᠠᠷᠤᠯᠭ᠎ᠠ ᠶᠢ ᠵᠢᠯ ᠤᠨ ᠡᠬᠢᠨ ᠤ ᠲᠥᠰᠦᠪ ᠲᠤ ᠭᠦᠢᠴᠡᠳ ᠲᠤᠭ᠎ᠠ ᠪᠠᠷ | ᠨᠠᠶᠢᠷᠠᠭᠤᠯᠤᠨ ᠣᠷᠣᠭᠤᠯᠬᠤ ᠬᠡᠷᠡᠭᠲᠡᠶ᠃ ᠵᠢᠱᠢᠶᠡᠯᠡᠪᠡᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠬᠤᠳᠠ ᠶᠢᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠵᠠᠷᠤᠳᠠᠯ ᠵᠡᠷᠭᠡ ᠵᠠᠰᠠᠭ ᠤᠨ ᠣᠷᠳᠣᠨ ᠤ ᠴᠢᠨᠠᠷᠲᠠᠢ | ᠰᠠᠭᠤᠷᠢ ᠮᠥᠩᠭᠦ ᠶᠢᠨ ᠵᠠᠷᠤᠯᠭ᠎ᠠ ᠶᠢᠨ ᠲᠦᠷᠦᠯ ᠵᠦᠢᠯ ᠢ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠵᠢᠭᠦᠯᠵᠦ | ᠪᠠᠶᠢᠭᠰᠠᠨ ᠢ ᠡᠩ ᠤᠨ ᠤᠯᠠᠨ ᠨᠡᠶᠢᠲᠡ ᠶᠢᠨ ᠲᠥᠰᠦᠪ ᠤᠨ ᠬᠡᠷᠡᠭᠯᠡᠯᠲᠡ ᠳᠤ ᠰᠢᠯᠵᠢᠭᠦᠯᠦᠨ ᠣᠷᠣᠭᠤᠯᠬᠤ ᠪᠤᠶᠤ | ᠨᠢᠭᠡᠳᠦᠯᠲᠡᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠨᠢᠭᠡᠳᠦᠯᠲᠡᠢ ᠪᠡᠯᠡ ᠮᠥᠩᠭᠦ ᠶᠢᠨ | ᠬᠤᠪᠢᠶᠠᠷᠢᠯᠠᠯᠲᠠ ᠶᠢᠨ ᠠᠷᠭ᠎ᠠ ᠬᠡᠯᠪᠡᠷᠢ ᠶᠢ ᠬᠡᠷᠡᠭᠵᠢᠭᠦᠯᠦᠨ᠎ᠡ᠃ | ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠢ ᠪᠦᠷᠢᠨ ᠪᠦᠲᠦᠨ ᠪᠡᠶ᠎ᠡ ᠪᠠᠨ | ᠳᠠᠭᠠᠭᠠᠭᠰᠠᠨ ᠪᠠᠶᠢᠯᠭᠠᠵᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠶᠣᠰᠣᠭᠠᠷ ᠨᠠᠶᠢᠷᠠᠭᠤᠯᠤᠨ | ᠵᠣᠬᠢᠶᠠᠵᠤ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠨ᠂ ᠤᠯᠠᠭᠠᠨ ᠲᠤᠭ᠎ᠠ ᠵᠢᠭᠰᠠᠭᠠᠬᠤ ᠤᠢᠭᠡᠢ ᠪᠠᠶᠢᠬᠤ ᠬᠡᠷᠡᠭᠲᠡᠢ | ᠪᠥᠭᠡᠳ ᠪᠡᠯᠠ ᠮᠥᠩᠭᠦ ᠲᠣᠬᠢᠷᠠᠭᠤᠯᠵᠤ ᠡᠩ ᠤᠨ ᠤᠯᠡᠠ ᠨᠡᠶᠢᠲᠡ ᠶᠢᠨ ᠲᠥᠰᠦᠪ ᠲᠤ ᠰᠢᠯᠵᠢᠭᠦᠯᠦᠨ ᠣᠷᠣᠭᠤᠯᠬᠤ | ᠬᠡᠷᠡᠭᠲᠡᠢ᠃ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢᠨ | ᠪᠦᠲᠦᠴᠡ ᠶᠢ ᠰᠢᠯᠢᠳᠡᠭᠵᠢᠭᠦᠯᠵᠦ᠂ ᠬᠦᠷᠦᠩᠭᠡ ᠮᠥᠩᠭᠦ ᠶᠢᠨ ᠣᠷᠣᠭᠤᠯᠤᠯᠲᠠ ᠶᠢ ᠴᠢᠩᠭᠠᠳᠬᠠᠵᠤ᠂ ᠬᠤᠳᠠ ᠶᠢᠨ | ᠲᠣᠭᠤᠷᠢᠭ ᠲᠤ ᠬᠠᠷᠢᠶᠠᠯᠠᠭᠳᠠᠬᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶ ᠶᠢᠨ | ᠪᠠᠶᠢᠷᠢᠰᠢᠯ ᠤᠨ ᠰᠢᠯᠢᠳᠡᠭᠵᠢᠬᠦ ᠪᠠ ᠪᠥᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠤᠨ᠎ᠠ᠃ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠲᠣᠭᠲᠠᠭᠠᠭᠰᠠᠨ ᠵᠠᠷᠴᠢᠮ ᠶᠣᠰᠣᠭᠠᠷ | ᠨᠠᠶᠢᠷᠠᠭᠤᠯᠤᠨ ᠵᠣᠬᠢᠶᠠᠬᠤ ᠬᠡᠷᠡᠭᠲᠡᠶ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠤᠯᠠᠨ ᠨᠡᠶᠢᠲᠡ ᠶᠢᠨ | ᠡᠳ᠋ ᠤᠨ ᠵᠠᠰᠠᠭ ᠤᠨ ᠲᠥᠰᠦᠪ ᠢ ᠲᠡᠩᠴᠡᠭᠦᠷᠢᠲᠡᠶ ᠪᠣᠯᠭᠠᠬᠤ ᠳᠤ ᠬᠡᠷᠡᠭᠯᠡᠵᠦ ᠪᠣᠯᠬᠤ ᠦᠭᠡᠢ᠂ ᠤᠯᠠᠨ ᠨᠡᠶᠢᠲᠡ ᠶᠢᠨ | ᠡᠳ᠋ ᠤᠨ ᠵᠠᠰᠠᠭ ᠤᠨ ᠲᠥᠰᠦᠪ ᠲᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠨᠥᠬᠦᠪᠥᠷᠢᠯᠡᠵᠦ ᠪᠣᠯᠤᠨ᠎ᠠ᠃ | ᠠᠷᠪᠠᠳᠤᠭᠠᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠥᠰᠦᠪ ᠢ ᠣᠷᠣᠯᠠᠨ ᠨᠠᠶᠢᠷᠠᠭᠤᠯᠬᠤ | ᠬᠡᠪᠴᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠢ᠂ ᠳᠣᠣᠷᠠᠬᠢ ᠪᠠᠶᠢᠳᠠᠯ ᠠᠴᠠ ᠪᠤᠰᠤᠳ ᠢ ᠣᠷᠣᠯᠠᠨ ᠨᠠᠶᠢᠷᠠᠭᠤᠯᠵᠤ | ᠪᠣᠯᠬᠤ ᠦᠭᠡᠢ᠄ | ︵ᠨᠢᠭᠡ︶ ᠬᠡᠷᠡᠭᠵᠢᠭᠦᠯᠬᠦ ᠪᠡᠶᠡᠴᠢ ᠴᠣᠭᠴᠠ ᠪᠤᠶᠤ ᠲᠦᠷᠦ ᠶᠢᠨ ᠪᠤᠳᠤᠯᠭ᠎ᠠ ᠶᠢᠨ ᠪᠠᠷᠢᠮᠵᠢᠶ᠎ᠠ ᠶᠢ | ᠲᠣᠭᠲᠠᠭᠠᠭᠰᠠᠨ ᠦᠭᠡᠢ ᠠᠴᠠ ᠪᠤᠯᠵᠤ᠂ ᠲᠤᠰ ᠱᠠᠲᠤᠨ ᠤ ᠡᠯ᠎ᠡ ᠰᠠᠯᠠᠭ᠎ᠠ ᠮᠥᠴᠢᠷ ᠤᠨ ᠲᠥᠰᠦᠪ ᠪᠤᠶᠤ ᠰᠢᠯᠵᠢᠭᠦᠯᠦᠨ | ᠥᠭᠬᠦ ᠵᠦᠢᠯᠡᠰ ᠲᠤ ᠲᠦᠷ ᠨᠠᠷᠢᠯᠢᠭ ᠣᠨᠣᠴᠠᠲᠠᠶ ᠪᠠᠷ ᠨᠠᠶᠢᠷᠠᠭᠤᠯᠤᠨ ᠣᠷᠣᠭᠤᠯᠵᠤ ᠳᠡᠶᠢᠯᠬᠦ ᠦᠭᠡᠢ᠂ ᠬᠡᠷᠡᠭᠵᠢᠭᠦᠯᠬᠦ | ᠶᠠᠪᠤᠴᠠ ᠳᠤ ᠡᠯ᠎ᠡ ᠰᠠᠯᠠᠭ᠎ᠠ ᠮᠥᠴᠢᠷ ᠪᠤᠶᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠳᠠᠯᠢ ᠱᠠᠲᠤᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠤᠬᠢᠷᠠᠭᠤᠯᠤᠯᠲᠠ ᠪᠠᠶᠢᠷᠢᠯᠠᠭᠤᠯᠤᠯᠲᠠ ᠵᠢᠴᠢ ᠲᠦᠷᠦ ᠶᠢᠨ | ᠪᠤᠳᠤᠯᠭ᠎ᠠ ᠶᠢᠨ ᠲᠣᠭᠲᠠᠭᠠᠯ ᠢ ᠦᠨᠳᠦᠰᠦᠯᠡᠨ ᠨᠢᠭᠡᠳᠦᠯᠲᠡᠶ ᠲᠥᠯᠥᠪᠯᠡᠨ ᠬᠤᠪᠢᠶᠠᠷᠢᠯᠠᠬᠤ ᠴᠢᠬᠤᠯᠠᠲᠠᠶ ᠲᠥᠰᠦᠪ ᠤᠨ | ᠵᠦᠢᠯᠡᠰ᠃ | ︵ᠬᠤᠶᠠᠷ︶ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠣᠬᠢᠷᠠᠭᠤᠯᠤᠭᠰᠠᠨ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠬᠤᠳᠠ ᠳᠤ ᠰᠠᠭᠤᠭ᠎ᠠ ᠨᠢᠭᠡᠴᠡ ᠶᠢᠨ ᠲᠥᠰᠦᠪ ᠤᠨ ᠵᠦᠢᠯᠡᠰ᠃ | ︵ᠭᠤᠷᠪᠠ︶ ᠲᠣᠭᠲᠠᠭᠠᠯ ᠶᠣᠰᠣᠭᠠᠷ ᠲᠥᠰᠦᠪ ᠢ ᠣᠷᠣᠯᠠᠨ ᠨᠠᠶᠢᠷᠠᠭᠤᠯᠬᠤ ᠶᠣᠰᠣᠲᠠᠢ ᠪᠤᠰᠤᠳ ᠪᠠᠶᠢᠳᠠᠯ ᠤᠳ᠃ | ᠲᠥᠰᠦᠪ ᠢ ᠣᠷᠣᠯᠠᠨ ᠨᠠᠶᠢᠷᠠᠭᠤᠯᠬᠤ ᠳᠤ ᠲᠣᠭᠠᠴᠠᠭᠳᠠᠬᠤ ᠵᠦᠢᠯᠡᠰ ᠢ ᠲᠣᠭᠲᠠᠭᠰᠠᠨ ᠴᠠᠭ ᠢᠶᠠᠷ | ᠬᠤᠪᠢᠶᠠᠷᠢᠯᠠᠨ ᠪᠠᠭᠤᠯᠭᠠᠬᠤ ᠬᠡᠷᠡᠭᠲᠡᠢ᠃ ᠬᠤᠭᠤᠴᠠᠭ᠎ᠠ ᠬᠡᠲᠦᠷᠡᠲᠡᠯ᠎ᠡ ᠪᠠᠭᠤᠯᠭᠠᠭᠰᠠᠨ ᠦᠭᠡᠢ ᠪᠠᠶᠢᠪᠠᠯ᠂ ᠡᠳ᠋ ᠤᠨ | ᠵᠠᠰᠠᠭ ᠠᠴᠠ ᠬᠤᠷᠢᠶᠠᠨ ᠠᠪᠴᠤ ᠨᠢᠭᠡᠳᠦᠯᠲᠡᠶ ᠲᠥᠯᠥᠪᠯᠡᠨ ᠬᠡᠷᠡᠭᠯᠡᠨ᠎ᠡ᠃ ᠠᠳᠠᠯᠢ ᠱᠠᠲᠤᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠬᠤ ᠴᠢᠬᠤᠯᠠᠲᠠᠶ ᠪᠠᠶᠢᠪᠠᠯ᠂ ᠵᠢᠷᠤᠮ ᠶᠣᠰᠣᠭᠠᠷ ᠮᠡᠳᠡᠭᠦᠯᠦᠨ | ᠵᠥᠪᠰᠢᠶᠡᠷᠡᠭᠦᠯᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ᠂ ᠲᠥ᠋ᠰᠦᠪ ᠤᠨ ᠲᠥᠰᠦᠯ ᠢ ᠳᠣᠣᠷᠠᠬᠢ ᠳᠦᠷᠢᠮ ᠤᠳ ᠢᠶᠠᠷ ᠨᠠᠶᠢᠷᠠᠭᠤᠯᠤᠨ | ᠵᠣᠬᠢᠶᠠᠨ᠎ᠠ᠄ | ︵ᠨᠢᠭᠡ︶ ᠡᠳ᠋ ᠤᠨ ᠵᠠᠰᠠᠭ ᠤᠨ ᠰᠠᠯᠠᠭ᠎ᠠ ᠮᠥᠴᠢᠷ ᠵᠢᠯ ᠪᠦᠷᠢ ᠶᠢᠨ 6 ᠰᠠᠷ᠎ᠠ ᠶᠢᠨ 30 ᠤ ᠡᠳᠦᠷ ᠠᠴᠠ | ᠡᠮᠦᠨ᠎ᠡ ᠲᠠᠷᠠᠭ᠎ᠠ ᠵᠢᠯ ᠤᠨ ᠲᠥᠰᠦᠪ ᠤᠨ ᠲᠥᠰᠦᠯ ᠢ ᠨᠠᠶᠢᠷᠠᠭᠤᠯᠤᠨ ᠵᠣᠬᠢᠶᠠᠬᠤ ᠪᠣᠳᠠᠲᠠᠶ ᠵᠦᠢᠯᠡᠰ ᠢ | ᠪᠠᠶᠢᠷᠢᠯᠠᠭᠤᠯᠤᠨ᠎ᠠ᠃ | ︵ᠬᠤᠶᠠᠷ︶ ᠲᠠᠲᠠᠪᠤᠷᠢᠯᠠᠬᠤ ᠰᠠᠯᠠᠭ᠎ᠠ ᠮᠥᠴᠢᠷ ᠲᠥᠰᠦᠪ ᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠣᠰᠣᠭᠠᠷ | ᠳᠠᠷᠠᠭ᠎ᠠ ᠨᠢᠭᠡ ᠵᠢᠯ ᠤᠨ ᠲᠥᠰᠦᠪ ᠤᠨ ᠣᠷᠣᠯᠭ᠎ᠠ ᠶᠢ ᠲᠠᠲᠠᠪᠤᠷᠢᠯᠠᠭᠰᠠᠨ ᠪᠠᠶᠢᠳᠠᠯ ᠢ ᠲᠥᠰᠦᠭᠡᠯᠡᠨ ᠪᠤᠳᠤᠨ᠎ᠠ᠃ | ︵ᠭᠤᠷᠪᠠ︶ ᠡᠯ᠎ᠡ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠲᠥᠰᠦᠪ ᠤᠨ ᠵᠠᠷᠤᠯᠭ᠎ᠠ ᠶᠢᠨ ᠬᠡᠷᠡᠭᠴᠡᠭᠡ | ᠱᠠᠭᠠᠷᠳᠠᠯᠭ᠎ᠠ ᠵᠢᠴᠢ ᠲᠡᠭᠦᠨ ᠤ ᠬᠠᠷᠢᠭᠤᠴᠠᠨ ᠬᠠᠮᠢᠶᠠᠷᠬᠤ ᠲᠤᠰᠬᠠᠶ ᠵᠦᠢᠯ ᠤᠨ ᠪᠡᠯᠡ ᠮᠥᠩᠭᠦ ᠶᠢᠨ ᠲᠥᠰᠦᠪ ᠢ | ᠲᠣᠬᠢᠷᠠᠭᠤᠯᠬᠤ ᠰᠠᠨᠠᠭᠤᠯᠭ᠎ᠠ ᠶᠢ ᠳᠤᠷᠠᠳᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ | ᠬᠤᠷᠢᠶᠠᠩᠭᠤᠶᠢᠯᠠᠨ ᠬᠢᠨᠠᠭᠤᠯᠤᠨ᠎ᠠ᠃ | ︵ᠲᠦᠷᠪᠡ︶ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠷᠠᠭ᠎ᠠ ᠨᠢᠭᠡ ᠵᠢᠯ ᠤᠨ ᠲᠥᠰᠦᠪ ᠢ ᠲᠣᠬᠢᠷᠠᠭᠤᠯᠬᠤ | ᠰᠠᠨᠠᠯ ᠢᠶᠠᠨ ᠳᠤᠷᠠᠳᠴᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠲᠠᠷᠠᠭ᠎ᠠ᠂ ᠡᠯ᠎ᠡ ᠰᠠᠯᠠᠭ᠎ᠠ ᠮᠥᠴᠢᠷ ᠤᠨ ᠲᠥᠰᠦᠪ ᠢ ᠬᠢᠵᠠᠭᠠᠷᠯᠠᠬᠤ ᠬᠡᠪᠴᠢᠶ᠎ᠡ ᠶᠢ | ᠪᠠᠭᠤᠯᠭᠠᠵᠤ᠂ ᠡᠯ᠎ᠡ ᠰᠠᠯᠠᠭ᠎ᠠ ᠮᠥᠴᠢᠷ ᠲᠥᠰᠦᠪ ᠢ ᠬᠢᠵᠠᠭᠠᠷᠯᠠᠬᠤ ᠬᠡᠪᠴᠢᠶ᠎ᠡ ᠶᠢᠨ ᠶᠣᠰᠣᠭᠠᠷ ᠰᠠᠯᠠᠭ᠎ᠠ ᠮᠥᠴᠢᠷ ᠤᠨ | ᠲᠥᠰᠦᠪ ᠤᠨ ᠲᠥᠰᠦᠯ ᠢ ᠨᠠᠷᠢᠯᠢᠬᠵᠢᠭᠤᠯᠤᠨ ᠪᠦᠷᠢᠯᠳᠦᠭᠦᠯᠵᠦ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠲᠤ ᠮᠡᠳᠡᠭᠦᠯᠦᠨ ᠬᠦᠷᠭᠡᠨ᠎ᠡ᠃ | ︵ᠲᠠᠪᠤ︶ ᠡᠳ᠋ ᠤᠨ ᠵᠠᠰᠠᠭ ᠤᠨ ᠰᠠᠯᠠᠭ᠎ᠠ ᠮᠥᠴᠢᠷ ᠡᠩ ᠤᠨ ᠤᠯᠠᠨ ᠨᠡᠶᠢᠲᠡ ᠶᠢᠨ ᠲᠥᠰᠦᠪ ᠤᠨ ᠲᠥᠰᠦᠯ᠂ | ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ | ᠬᠢᠨᠠᠨ ᠬᠠᠮᠢᠶᠠᠷᠬᠤ ᠵᠥᠪᠯᠡᠯ ᠲᠠᠢ ᠬᠠᠮᠲᠤᠷᠠᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠡᠵᠡᠩᠨᠡᠯᠲᠡ ᠶᠢᠨ | ᠲᠥᠰᠦᠪ ᠤᠨ ᠲᠥᠰᠦᠯ ᠢ ᠬᠠᠮᠲᠤ ᠪᠠᠷ ᠨᠠᠶᠢᠷᠠᠭᠤᠯᠤᠨ ᠵᠣᠬᠢᠶᠠᠵᠤ᠂ ᠵᠢᠷᠤᠮ ᠶᠣᠰᠣᠭᠠᠷ ᠠᠳᠠᠯᠢ ᠱᠠᠲᠤᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠳᠠᠯᠢ ᠱᠠᠲᠤᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠨᠡᠶᠢᠭᠡᠮ ᠤᠨ ᠳᠠᠭᠠᠳᠬᠠᠯ ᠤᠨ ᠰᠠᠭᠤᠷᠢ | ᠮᠥᠩᠭᠦᠨ ᠤ ᠲᠥᠰᠦᠪ ᠤᠨ ᠲᠥᠰᠦᠯ ᠢ ᠬᠠᠮᠲᠤ ᠪᠠᠷ ᠨᠠᠶᠢᠷᠠᠭᠤᠯᠤᠨ ᠵᠣᠬᠢᠶᠠᠵᠤ᠂ ᠳᠡᠭᠡᠳᠦ ᠱᠠᠲᠤᠨ ᠤ ᠬᠠᠮᠢᠶ᠎ᠠ ᠪᠥᠬᠦᠶ | ᠰᠠᠯᠠᠭ᠎ᠠ ᠮᠥᠴᠢᠷ ᠲᠤ ᠲᠣᠰ ᠲᠣᠰ ᠮᠡᠳᠡᠭᠦᠯᠵᠦ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠠᠰ ᠳᠠᠷᠠᠭᠠᠯᠠᠯ ᠶᠣᠰᠣᠭᠠᠷ | ᠠᠳᠠᠯᠢ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠯᠡᠨ᠎ᠡ᠃ | ︵ᠵᠢᠷᠭᠤᠭ᠎ᠠ︶ ᠬᠤᠳᠠ᠂ ᠲᠣᠭᠤᠷᠢᠭ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠤᠯᠢ ᠶᠣᠰᠣᠭᠠᠷ | ᠠᠳᠠᠯᠢ ᠱᠠᠲᠤᠨ ᠤ ᠲᠥᠰᠦᠪ ᠤᠨ ᠲᠥᠰᠦᠯ ᠢ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠳᠡᠪᠰᠢᠭᠦᠯᠵᠦ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠨ᠎ᠡ᠃ | ᠠᠷᠪᠠᠨ ᠬᠤᠶᠠᠳᠤᠭᠠᠷ ᠵᠦᠢᠯ᠂ ᠳᠥᠰᠦᠪ ᠤᠨ ᠲᠥᠰᠦᠯ ᠢ ᠠᠳᠠᠯᠢ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠤ ᠲᠡᠷᠠᠭ᠎ᠠ ᠴᠢᠩᠭ᠎ᠠ ᠬᠡᠷᠡᠭᠵᠢᠭᠦᠯᠵᠦ᠂ | ᠲᠥᠰᠦᠪ ᠤᠨ ᠬᠢᠵᠠᠭᠠᠷᠯᠠᠯ ᠢ ᠴᠢᠩᠭᠠᠳᠬᠠᠬᠤ ᠬᠡᠷᠡᠭᠲᠡᠢ᠃ ᠵᠠᠷᠴᠢᠮ ᠳᠡᠭᠡᠷ᠎ᠡ ᠪᠠᠨ ᠲᠤᠬᠢᠷᠡᠭᠤᠯᠦᠯᠳᠠ ᠬᠢᠵᠦ ᠤᠢᠭᠡᠢ᠃ | ᠦᠨᠡᠨᠬᠦ ᠳᠣᠭᠢᠷᠠᠭᠤᠯᠬᠤ ᠴᠢᠬᠤᠯᠠ ᠲᠠᠢ ᠪᠣᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠥᠰᠦᠪ ᠤᠨ ᠬᠠᠤᠯᠢ︾ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ | ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠭᠡᠨ᠎ᠡ᠃ | ᠠᠷᠪᠠᠨ ᠭᠤᠷᠪᠠᠳᠤᠭᠠᠷ ᠵᠦᠢᠯ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠲᠤ ᠴᠢᠬᠤᠯᠠ ᠶᠡᠭᠡ ᠪᠠᠴᠢᠮ | ᠪᠠᠶᠢᠳᠠᠯ ᠪᠤᠶᠤ ᠣᠨᠴᠠᠭᠠᠢ ᠪᠠᠶᠢᠳᠠᠯ ᠲᠠᠢ ᠪᠠᠶᠢᠵᠤ᠂ ᠣᠨ ᠤ ᠲᠥᠰᠦᠪ ᠢ ᠭᠦᠢᠴᠡᠳᠬᠡᠬᠦ ᠶᠠᠪᠤᠴᠠ ᠳᠤ ᠪᠡᠯᠡ ᠮᠥᠩᠭᠦ | ᠲᠣᠬᠢᠷᠠᠭᠤᠯᠤᠨ ᠰᠢᠢᠳᠪᠦᠷᠢᠯᠡᠬᠦ ᠴᠢᠬᠤᠯᠠ ᠲᠠᠢ ᠵᠠᠷᠤᠯᠭ᠎ᠠ ᠨᠡᠮᠡᠭᠳᠡᠭᠦᠯᠬᠦ ᠵᠦᠢᠯᠡᠰ ᠢ ᠬᠤᠳᠠ ᠶᠢᠨ ᠠᠷᠠᠳ ᠤᠨ | ᠵᠠᠰᠠᠭ ᠤᠨ ᠣᠷᠳᠣᠨ ᠤ ᠲᠣᠭᠲᠠᠭᠠᠭᠰᠠᠨ ᠡᠳ᠋ ᠤᠨ ᠵᠠᠰᠠᠭ ᠤᠨ ᠪᠡᠯᠡ ᠮᠥᠩᠭᠦ ᠶᠢ ᠬᠢᠨᠠᠨ ᠵᠥᠪᠰᠢᠶᠡᠷᠡᠬᠦ ᠵᠢᠷᠤᠮ ᠢᠶᠠᠷ | ᠭᠦᠢᠴᠡᠳᠬᠡᠨ᠎ᠡ᠃ | ᠠᠷᠪᠠᠨ ᠳᠥᠷᠪᠡᠳᠦᠭᠡᠷ ᠵᠦᠢᠯ᠂ ᠵᠠᠷᠤᠯᠭ᠎ᠠ ᠨᠡᠮᠡᠭᠳᠡᠭᠦᠯᠬᠦ ᠰᠢᠨ᠎ᠡ ᠲᠥᠷᠥ ᠶᠢᠨ ᠪᠣᠳᠣᠯᠭ᠎ᠠ ᠶᠢ ᠴᠢᠩᠭ᠎ᠠ | ᠡᠵᠡᠮᠳᠡᠨ᠂ ᠨᠡᠶᠢᠲᠡᠯᠡᠬᠦ ᠴᠢᠬᠤᠯᠠᠲᠠᠶ ᠪᠣᠯ᠂ ᠡᠮᠦᠨᠡᠬᠢ ᠵᠢᠯ ᠤᠳ ᠢ ᠨᠡᠬᠡᠮᠵᠢᠯᠡᠵᠦ ᠪᠣᠯᠬᠤ ᠦᠭᠡᠶ ᠪᠥᠭᠡᠳ ᠵᠠᠷᠴᠢᠮ | ᠳᠡᠭᠡᠷ᠎ᠡ ᠪᠠᠨ ᠬᠤᠶᠢᠰᠢᠳᠠ ᠶᠢᠨ ᠣᠨ ᠤ ᠲᠥᠰᠦᠪ ᠢᠶᠠᠷ ᠳᠠᠮᠵᠢᠨ ᠵᠠᠷᠤᠯᠭ᠎ᠠ ᠪᠠᠨ ᠲᠣᠬᠢᠷᠠᠭᠤᠯᠵᠤ ᠪᠣᠯᠬᠤ ᠦᠭᠡᠶ᠃ | ᠵᠠᠷᠤᠯᠭ᠎ᠠ ᠶᠢ ᠨᠡᠮᠡᠭᠳᠡᠭᠦᠯᠬᠦ ᠰᠢᠨ᠎ᠡ ᠲᠦᠷᠦ ᠶᠢᠨ ᠪᠤᠳᠤᠯᠭ᠎ᠠ ᠶᠢ ᠨᠡᠶᠢᠲᠡᠯᠡᠬᠦ ᠶᠢ ᠴᠢᠩᠭ᠎ᠠ ᠬᠢᠵᠠᠭᠠᠷᠯᠠᠵᠤ᠂ | ᠦᠨᠡᠬᠡᠷ ᠨᠡᠶᠢᠲᠡᠯᠡᠬᠦ ᠴᠢᠬᠤᠯᠠᠲᠠᠶ ᠪᠣᠯ᠂ ᠡᠳ᠋ ᠤᠨ ᠵᠠᠰᠠᠭ ᠤᠨ ᠬᠦᠯᠢᠶᠡᠨ ᠠᠪᠬᠤ ᠴᠢᠳᠠᠪᠤᠷᠢ ᠶᠢᠨ ᠦᠨᠡᠯᠡᠨ | ᠵᠢᠱᠢᠯᠲᠡ ᠪᠠᠷ ᠪᠠᠲᠤᠯᠠᠭᠰᠠᠨ ᠤ ᠳᠠᠷᠠᠭ᠎ᠠ᠂ ᠳᠡᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠪᠥᠷᠢᠳᠭᠡᠨᠡ᠂ ᠱᠠᠭᠠᠷᠳᠠᠯᠭ᠎ᠠ | ᠶᠣᠰᠣᠭᠠᠷ ᠪᠦᠷᠢᠳᠬᠡᠨ ᠳᠠᠩᠰᠠᠯᠠᠭᠤᠯᠤᠭᠰᠠᠨ ᠦᠭᠡᠶ ᠪᠤᠶᠤ ᠪᠦᠷᠢᠳᠬᠡᠨ ᠳᠠᠩᠰᠠᠯᠠᠭᠤᠯᠤᠭᠠᠳ ᠪᠠᠲᠤᠯᠠᠭᠰᠠᠨ ᠦᠭᠡᠶ | ᠪᠣᠯ ᠭᠠᠳᠠᠭᠰᠢ ᠨᠡᠶᠢᠲᠡᠯᠡᠬᠦ ᠪᠠ ᠬᠡᠷᠡᠭᠵᠢᠭᠦᠯᠵᠦ ᠪᠣᠯᠬᠤ ᠦᠭᠡᠶ᠃ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠳᠤ | ᠲᠣᠳᠣᠷᠬᠠᠶ ᠲᠣᠭᠲᠠᠭᠠᠭᠰᠠᠨ ᠠᠴᠠ ᠭᠠᠳᠠᠨ᠎ᠠ᠂ ᠬᠤᠳᠠ᠂ ᠲᠣᠭᠤᠷᠢᠭ ᠬᠤᠶᠠᠷ ᠱᠠᠲᠤᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠵᠥᠪᠰᠢᠶᠡᠷᠡᠯ ᠥᠭᠡᠢ ᠪᠠᠷ ᠡᠯ᠎ᠡ ᠰᠠᠯᠠᠭ᠎ᠠ ᠮᠥᠴᠢᠷ ᠡᠯ᠎ᠡ ᠲᠥᠷᠥᠯ ᠤᠨ ᠪᠢᠴᠢᠭ ᠮᠠᠲ᠋ᠧᠷᠢᠶᠠᠯ | ︵ᠬᠤᠷᠠᠯ ᠤᠨ ᠲᠣᠪᠴᠢ ᠲᠡᠮᠳᠡᠭᠯᠡᠯ᠂ ᠳᠣᠲᠣᠭᠠᠳᠤ ᠪᠠᠶᠢᠳᠠᠯ ᠤᠨ ᠮᠡᠳᠡᠭᠡᠯᠡᠯ ᠪᠠᠭᠲᠠᠨ᠎ᠠ︶᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ ᠳᠠᠬᠢ ᠲᠤᠰᠬᠠᠶ ᠵᠦᠢᠯ ᠤᠨ ᠪᠡᠯᠡ ᠮᠥᠩᠭᠦ᠂ ᠲᠤᠰᠬᠠᠶ ᠵᠦᠢᠯ ᠤᠨ ᠪᠡᠯᠡ | ᠮᠥᠩᠭᠦ ᠶᠢ ᠨᠡᠮᠡᠭᠳᠡᠭᠦᠯᠦᠭᠰᠡᠨ ᠬᠡᠪᠴᠢᠶ᠎ᠡ᠂ ᠡᠰᠡᠬᠦᠯ᠎ᠡ ᠡᠳ᠋ ᠤᠨ ᠵᠠᠰᠠᠭ ᠤᠨ ᠵᠠᠷᠤᠯᠭ᠎ᠠ ᠶᠢ ᠨᠡᠮᠡᠭᠳᠡᠭᠦᠯᠦᠭᠰᠡᠨ᠂ ᠡᠳ᠋ ᠤᠨ | ᠵᠠᠰᠠᠭ ᠤᠨ ᠣᠷᠣᠯᠭ᠎ᠠ ᠶᠢ ᠪᠠᠭᠠᠰᠬᠠᠬᠤ ᠳᠤ ᠬᠤᠯᠪᠣᠭᠳᠠᠬᠤ ᠵᠦᠢᠯ ᠤᠳ ᠤᠨ ᠲᠤᠬᠠᠶ ᠲᠣᠭᠲᠠᠭᠠᠯ ᠭᠠᠷᠭᠠᠵᠤ ᠪᠣᠯᠬᠤ | ᠥᠭᠡᠢ᠃ | ᠭᠤᠷᠪᠠᠳᠤᠭᠠᠷ ᠪᠦᠯᠦᠭ᠂ ᠰᠠᠯᠠᠭ᠎ᠠ ᠮᠥᠴᠢᠷ ᠤᠨ ᠲᠥᠰᠦᠪ | ᠠᠷᠪᠠᠨ ᠲᠠᠪᠤᠳᠤᠭᠠᠷ ᠵᠦᠢᠯ᠂ ᠡᠯ᠎ᠡ ᠰᠠᠯᠠᠭ᠎ᠠ ᠮᠥᠴᠢᠷ ᠤᠨ ᠲᠥᠰᠦᠪ ᠲᠤ ᠡᠳ᠋ ᠤᠨ ᠵᠠᠰᠠᠭ ᠠᠴᠠ | ᠰᠢᠯᠵᠢᠭᠦᠯᠦᠨ ᠥᠭᠭᠦᠭᠰᠡᠨ ᠵᠣᠭᠤᠰᠣᠨ ᠤ ᠣᠷᠣᠯᠭ᠎ᠠ᠂ ᠡᠳ᠋ ᠤᠨ ᠵᠠᠰᠠᠭ ᠤᠨ ᠲᠤᠰᠬᠠᠢ ᠳᠠᠩᠰᠠ ᠶᠢᠨ | ᠬᠠᠮᠢᠶᠠᠷᠤᠯᠲᠠ ᠶᠢᠨ ᠪᠡᠯᠡ ᠮᠥᠩᠭᠦᠨ ᠤ ᠣᠷᠣᠯᠭ᠎ᠠ ︵ᠰᠤᠷᠭᠠᠨ ᠬᠥᠮᠦᠵᠢᠯ ᠤᠨ ᠰᠦᠢᠳᠬᠡᠯ ᠬᠤᠷᠢᠶᠠᠯᠲᠠ︶ ᠪᠠ | ᠨᠢᠭᠡᠴᠡ ᠶᠢᠨ ᠪᠡᠯᠡ ᠮᠥᠩᠭᠦᠨ ᠤ ᠣᠷᠣᠯᠭ᠎ᠠ ︵ᠠᠵᠢᠯ ᠦᠢᠯᠡᠰ ᠤᠨ ᠣᠷᠣᠯᠭ᠎ᠠ᠂ ᠡᠵᠡᠩᠨᠡᠯᠲᠡ ᠶᠢᠨ ᠣᠷᠣᠯᠭ᠎ᠠ ᠵᠡᠷᠭᠡ︶ | ᠶᠢ ᠪᠠᠭᠲᠠᠭᠠᠭᠰᠠᠨ ᠪᠦᠬᠦ ᠰᠢᠰᠲ᠋ᠧᠮ ᠤᠨ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠂ ᠲᠥᠰᠦᠪ ᠠᠴᠠ | ᠭᠠᠳᠠᠨ᠎ᠠ ᠪᠤᠰᠤᠳ ᠣᠷᠣᠯᠭ᠎ᠠ ᠶᠢᠨ ᠵᠦᠢᠯᠡᠰ ᠢ ᠦᠯᠡᠳᠡᠭᠡᠵᠦ ᠪᠣᠯᠬᠤ ᠦᠭᠡᠢ᠃ ᠲᠣᠭᠲᠠᠭᠠᠯ ᠶᠣᠰᠣᠭᠠᠷ ᠤᠯᠤᠰ ᠤᠨ | ᠰᠠᠩ ᠳᠤ ᠲᠤᠰᠢᠶᠠᠬᠤ ᠶᠣᠰᠣᠲᠠᠶ ᠡᠯ᠎ᠡ ᠵᠦᠢᠯ ᠤᠨ ᠭᠠᠶᠢᠯᠢ ᠶᠢᠨ ᠪᠤᠰᠤ ᠣᠷᠣᠯᠭ᠎ᠠ ᠶᠢ ᠨᠢᠭᠡᠴᠡ ᠶᠢᠨ ᠪᠡᠯᠡ | ᠮᠥᠩᠭᠦᠨ ᠤ ᠣᠷᠣᠯᠭ᠎ᠠ ᠳᠤ ᠣᠷᠣᠭᠤᠯᠵᠤ ᠪᠣᠯᠬᠤ ᠦᠭᠡᠢ᠃ ᠰᠠᠯᠠᠭ᠎ᠠ ᠮᠥᠴᠢᠷ ᠤᠨ ᠪᠤᠢ ᠪᠦᠬᠦᠢ ᠣᠷᠣᠯᠭ᠎ᠠ | ᠵᠠᠷᠤᠯᠭ᠎ᠠ ᠶᠢ ᠴᠥᠮ ᠲᠥᠰᠦᠪ ᠲᠤ ᠣᠷᠣᠭᠤᠯᠤᠨ᠎ᠠ᠂ ᠲᠥᠰᠦᠪ ᠦᠭᠡᠢ ᠪᠣᠯ ᠵᠠᠷᠤᠯᠭ᠎ᠠ ᠶᠢ ᠲᠣᠬᠢᠷᠠᠭᠤᠯᠵᠤ ᠪᠣᠯᠬᠤ | ᠦᠭᠡᠢ᠃ | ᠠᠷᠪᠠᠨ ᠵᠢᠷᠭᠤᠳᠤᠭᠠᠷ ᠵᠦᠢᠯ᠂ ᠰᠠᠯᠠᠭ᠎ᠠ ᠮᠥᠴᠢᠷᠤᠨ ᠲᠥᠰᠦᠪ ᠢ ᠨᠠᠶᠢᠷᠠᠭᠤᠯᠤᠨ ᠵᠣᠬᠢᠶᠠᠬᠤᠳᠤ ᠠᠵᠢᠯᠴᠢ | ᠠᠷᠪᠢᠴᠢ ᠪᠠᠷ ᠠᠯᠢᠪᠠ ᠦᠢᠯᠡᠰ ᠢ ᠡᠷᠬᠢᠯᠡᠬᠦ ᠶᠢ ᠪᠠᠷᠢᠮᠲᠠᠯᠠᠵᠤ᠂ ᠰᠠᠭᠤᠷᠢ ᠦᠭᠡᠢ ᠲᠥᠰᠦᠪᠤᠨ ᠣᠶᠢᠯᠠᠭᠠᠭᠳᠠᠬᠤᠨ ᠢ | ᠴᠢᠩᠭᠠᠷᠠᠭᠤᠯᠵᠤ᠂ ︽ᠵᠠᠬ᠎ᠠ ᠡᠵᠡᠯᠡᠬᠦ︾ ᠦᠵᠡᠯ ᠰᠠᠨᠠᠭ᠎ᠠ ᠶᠢ ᠲᠠᠶᠠᠭᠳᠠᠵᠤ᠂ ᠵᠦᠢᠯᠡᠰ ᠢ ᠬᠡᠷᠡᠭᠵᠢᠭᠦᠯᠬᠦ ᠠᠬᠢᠴᠠ ᠪᠠ | ᠣᠨᠤ ᠵᠣᠭᠤᠰ ᠬᠡᠷᠡᠭᠯᠡᠬᠦ ᠲᠥᠯᠥᠪᠯᠡᠭᠡ ᠶᠣᠰᠣᠭᠠᠷ᠂ ᠣᠨ ᠬᠤᠪᠢᠶᠠᠨ ᠰᠢᠨᠵᠢᠯᠡᠬᠦ ᠤᠬᠠᠭᠠᠨᠴᠢ ᠪᠥᠭᠡᠳ ᠵᠦᠢ | ᠵᠣᠬᠢᠰᠲᠠᠢ ᠪᠠᠷ ᠨᠠᠶᠢᠷᠠᠭᠤᠯᠤᠨ ᠮᠡᠳᠡᠭᠦᠯᠬᠦ ᠬᠡᠷᠡᠭᠲᠡᠢ᠃ ᠵᠠᠰᠠᠭᠤᠨ ᠣᠷᠳᠣᠨᠤ ᠴᠢᠨᠠᠷᠲᠠᠶ ᠠᠰᠠᠷ ᠲᠠᠩᠬᠢᠮ ᠪᠠᠭᠤᠳᠠᠯᠤᠨ | ᠪᠦᠳᠦᠭᠡᠨ ᠪᠠᠶᠢᠭᠤᠯᠤᠯᠲᠠᠶᠢ ᠴᠢᠩᠭ᠎ᠠ ᠬᠢᠵᠠᠭᠠᠷᠯᠠᠵᠤ᠂ ᠬᠤᠳᠠᠯᠳᠤᠨ ᠠᠪᠬᠤ ᠪᠠ ᠦᠢᠯᠡᠴᠢᠯᠡᠭᠡ ᠬᠤᠳᠠᠯᠳᠤᠨ ᠠᠪᠬᠤ | ᠲᠦᠷᠦᠯᠤᠨ ᠬᠡᠷᠡᠭ ᠶᠠᠪᠤᠳᠠᠯᠢ ᠴᠢᠩᠭ᠎ᠠ ᠬᠢᠵᠠᠭᠠᠷᠯᠠᠵᠤ᠂ ᠡᠳ᠋ ᠬᠦᠷᠦᠩᠭᠡ ᠶᠢ ᠲᠣᠬᠢᠷᠠᠭᠤᠯᠬᠤ ᠪᠠᠷᠢᠮᠵᠢᠶ᠎ᠠᠶᠢ ᠴᠢᠩᠭ᠎ᠠ | ᠬᠢᠵᠠᠭᠠᠷᠯᠠᠨ ᠬᠡᠷᠡᠭᠵᠢᠭᠦᠯᠵᠦ᠂ ᠲᠦᠷ ᠴᠠᠭ ᠪᠠᠷᠢᠮᠵᠢᠶ᠎ᠠ ᠦᠭᠡᠢ ᠶᠢ ᠨᠢ ᠴᠢᠩᠭ᠎ᠠ ᠬᠢᠵᠠᠭᠠᠷᠯᠠᠵᠤ᠂ ᠪᠦᠷᠢᠯᠭᠡᠨ | ᠰᠦᠢᠳᠬᠡᠬᠦ ᠠᠴᠠ ᠵᠠᠶᠢᠯᠠᠰᠬᠢᠬᠦ ᠬᠡᠷᠡᠭᠲᠡᠶ᠃ ᠡᠯ᠎ᠡ ᠲᠥᠷᠥᠯᠤᠨ ᠲᠥᠯᠥᠪᠵᠢᠭᠦᠯᠭᠡᠶᠢ ᠠᠷᠪᠢᠴᠢ ᠭᠠᠮᠲᠠᠶ ᠥᠨᠳᠥᠷ | ᠦᠷ᠎ᠡ ᠪᠦᠲᠦᠮᠵᠢᠲᠡᠶ ᠪᠠᠷ ᠨᠠᠶᠢᠷᠠᠭᠤᠯᠤᠨ ᠵᠣᠬᠢᠶᠠᠬᠤ ᠳᠤ᠂ ᠨᠠᠮ ᠤᠨ ᠲᠥᠪ ᠬᠤᠷᠢᠶ᠎ᠠ᠂ ᠲᠥᠷᠥᠶᠢᠨ ᠶᠠᠪᠤᠳᠠᠯᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨᠤ ᠨᠠᠮᠤᠨ ᠬᠤᠷᠢᠶ᠎ᠠ ᠪᠠ ᠵᠠᠰᠠᠭᠤᠨ ᠣᠷᠳᠣᠨᠡᠴᠠ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠲᠣᠳᠣᠷᠬᠠᠶ ᠱᠠᠭᠠᠷᠳᠠᠯᠭ᠎ᠠ ᠥᠬᠡᠶ ᠪᠠᠶᠢᠪᠠᠯ᠂ ᠡᠩᠤᠨ ᠪᠠᠶᠢᠳᠠᠯ ᠳᠤ ᠵᠣᠬᠢᠶᠠᠨ ᠪᠠᠶᠢᠭᠤᠯᠵᠤ | ᠨᠠᠶᠢᠷᠠᠭᠤᠯᠤᠨ ᠵᠣᠬᠢᠶᠠᠵᠤ ᠪᠣᠯᠬᠤ ᠥᠬᠡᠶ᠃ ᠥᠪᠡᠷᠲᠡᠭᠡᠨ ᠵᠠᠰᠠᠬᠤ ᠣᠷᠣᠨᠤ ᠬᠠᠮᠢᠶ᠎ᠠ ᠪᠥᠬᠦᠶ ᠰᠠᠯᠠᠭ᠎ᠠ ᠮᠥᠴᠢᠷᠤᠳ | ᠣᠷᠣᠨ ᠲᠤᠭ᠎ᠠ ᠲᠣᠭᠲᠠᠭᠠᠬᠤ ᠱᠠᠭᠠᠷᠳᠠᠯᠭ᠎ᠠ ᠳᠤᠷᠠᠳᠤᠭᠰᠠᠨ ᠪᠠᠶᠢᠪᠠᠯ᠂ ᠪᠣᠳᠠᠲᠠᠶ ᠲᠠᠢ ᠪᠠᠨ ᠤᠶᠠᠯᠳᠤᠭᠤᠯᠤᠨ ᠣᠷᠣᠨ | ᠲᠤᠭ᠎ᠠ ᠲᠣᠭᠲᠠᠭᠠᠵᠤ᠂ ︽ᠣᠯᠠᠨ ᠲᠥᠯᠥᠪᠵᠢᠭᠦᠯᠭᠡ ᠶᠢ ᠨᠡᠶᠢᠯᠡᠭᠦᠯᠦᠨ ᠨᠢᠭᠡ ᠪᠣᠯᠭᠠᠬᠤ︾ ︽ᠨᠢᠭᠡ ᠲᠥᠯᠥᠪᠵᠢᠭᠦᠯᠭᠡᠶᠢ | ᠣᠯᠠᠨ ᠲᠠᠯ᠎ᠠ ᠪᠠᠷ ᠬᠡᠷᠡᠭᠯᠡᠬᠦ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷᠦᠳ | ᠨᠢᠭᠡᠨᠲᠡ ᠨᠠᠶᠢᠷᠠᠭᠤᠯᠤᠨ ᠵᠣᠬᠢᠶᠠᠭᠰᠠᠨ ᠲᠥᠯᠥᠪᠵᠢᠭᠦᠯᠭᠡ ᠪᠠᠨ ᠵᠣᠬᠢᠰᠲᠠᠶ ᠲᠡᠭᠦᠯᠳᠡᠷᠵᠢᠭᠦᠯᠦᠨ᠂ | ᠲᠥᠯᠥᠪᠵᠢᠭᠦᠯᠭᠡ ᠪᠠᠨ ᠳᠠᠪᠬᠤᠷᠳᠠᠭᠤᠯᠤᠨ ᠨᠠᠶᠢᠷᠠᠭᠤᠯᠤᠨ ᠵᠣᠬᠢᠶᠠᠬᠤᠶᠢ ᠰᠡᠷᠭᠡᠶᠢᠯᠡᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ᠂ ᠡᠯ᠎ᠡ ᠰᠠᠯᠠᠭ᠎ᠠ ᠮᠥᠴᠢᠷ ᠲᠤᠰᠢᠶᠠᠯ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠥᠰᠦᠪ ᠤᠨ ᠵᠠᠷᠤᠯᠭ᠎ᠠ ᠶᠢᠨ ᠪᠠᠷᠢᠮᠵᠢᠶ᠎ᠠ ᠶᠢᠨ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠷᠤᠯᠭ᠎ᠠ ᠶᠢᠨ ᠪᠠᠷᠢᠮᠵᠢᠶ᠎ᠠ ᠶᠢ ᠲᠦᠷᠦᠯ ᠬᠤᠪᠢᠶᠠᠨ ᠲᠣᠭᠲᠠᠭᠠᠬᠤ ᠶᠢᠨ | ᠬᠠᠮᠲᠤ ᠲᠥᠰᠦᠪ ᠤᠨ ᠵᠠᠷᠤᠯᠭ᠎ᠠ ᠶᠢᠨ ᠪᠠᠷᠢᠮᠵᠢᠶ᠎ᠠ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ | ᠪᠠᠶᠢᠭᠤᠯᠤᠨ᠎ᠠ᠃ ᠡᠯ᠎ᠡ ᠰᠠᠯᠠᠭ᠎ᠠ ᠮᠥᠴᠢᠷ ᠵᠠᠷᠤᠯᠭ᠎ᠠ ᠶᠢᠨ ᠪᠠᠷᠢᠮᠵᠢᠶ᠎ᠠ ᠪᠠᠷ ᠲᠥᠰᠦᠪ ᠢ ᠨᠠᠶᠢᠷᠠᠭᠤᠯᠤᠨ ᠵᠣᠬᠢᠶᠠᠬᠤ | ᠳᠡᠭᠡᠳᠦ ᠬᠢᠵᠠᠭᠠᠷ ᠪᠠ ᠦᠨᠳᠦᠰᠦᠨ ᠦᠨᠳᠦᠰᠦᠯᠡᠯ ᠪᠣᠯᠭᠠᠬᠤ ᠬᠡᠷᠡᠭᠲᠡᠢ᠂ ᠪᠠᠷᠢᠮᠵᠢᠶ᠎ᠠ ᠠᠴᠠ ᠬᠡᠲᠦᠷᠡᠭᠦᠯᠦᠨ ᠲᠥᠰᠦᠪ ᠢ | ᠨᠠᠶᠢᠷᠠᠭᠤᠯᠤᠨ ᠵᠣᠬᠢᠶᠠᠵᠤ ᠪᠣᠯᠬᠤ ᠦᠭᠡᠢ᠃ | ᠠᠷᠪᠠᠨ ᠨᠠᠢᠮᠠᠳᠤᠭᠠᠷ ᠵᠦᠢᠯ᠂ ᠰᠠᠯᠠᠭ᠎ᠠ ᠮᠥᠴᠢᠷ ᠤᠨ ᠵᠠᠷᠤᠯᠭ᠎ᠠ ᠶᠢᠨ ᠲᠥᠰᠦᠪ ᠢ ᠤᠯᠤᠰ᠂ ᠥᠪᠡᠷᠲᠡᠭᠡᠨ | ᠵᠠᠰᠠᠬᠤ ᠣᠷᠣᠨ ᠪᠣᠯᠤᠨ ᠦᠬᠠᠶ ᠬᠤᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ | ᠦᠨᠳᠦᠰᠦᠯᠡᠨ ᠨᠠᠶᠢᠷᠠᠭᠤᠯᠤᠨ ᠵᠣᠬᠢᠶᠠᠨ᠎ᠠ᠄ | ︵ᠨᠢᠭᠡ︶ ᠠᠵᠢᠯᠲᠠᠨ ᠤ ᠵᠠᠷᠤᠳᠠᠯ ᠤᠨ ᠲᠥᠰᠦᠪ ᠢ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ | ᠲᠤᠰᠢᠶᠠᠯ ᠤᠨ ᠲᠠᠰ ᠪᠠ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠣᠰᠣᠭᠠᠷ ᠨᠠᠶᠢᠷᠠᠭᠤᠯᠤᠨ ᠵᠣᠬᠢᠶᠠᠵᠤ᠂ | ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠲᠥᠰᠦᠪ ᠢ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠶᠣᠰᠣᠭᠠᠷ | ᠨᠠᠶᠢᠷᠠᠭᠤᠯᠤᠨ ᠵᠣᠬᠢᠶᠠᠵᠤ᠂ ᠠᠵᠢᠯᠲᠠᠨ ᠤ ᠵᠠᠷᠤᠳᠠᠯ ᠤᠨ ᠲᠥᠰᠦᠪ ᠢ ᠬᠤᠳᠠᠯ ᠢᠶᠠᠷ ᠮᠡᠳᠡᠭᠦᠯᠬᠦ ᠶᠢ ᠴᠢᠩᠭ᠎ᠠ | ᠴᠠᠭᠠᠵᠠᠯᠠᠨ᠎ᠠ᠃ | ︵ᠬᠤᠶᠠᠷ︶ ᠲᠥᠷᠥᠯ ᠵᠦᠢᠯ ᠤᠨ ᠵᠠᠷᠤᠳᠠᠯ ᠤᠨ ᠲᠥᠰᠦᠪ ᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠪᠠ ᠣᠨ ᠤ ᠠᠵᠢᠯ ᠤᠨ ᠡᠭᠦᠷᠭᠡ ᠶᠢ ᠦᠨᠳᠦᠰᠦᠯᠡᠨ ᠨᠠᠶᠢᠷᠠᠭᠤᠯᠤᠨ ᠵᠣᠬᠢᠶᠠᠵᠤ᠂ | ᠪᠣᠯᠪᠠᠰᠤᠷᠠᠩᠭᠤᠶ ᠪᠤᠰᠤ ᠲᠥᠷᠥᠯ ᠵᠦᠢᠯ ᠢ ᠲᠥᠰᠦᠪ ᠲᠤ ᠨᠠᠶᠢᠷᠠᠭᠤᠯᠤᠨ ᠣᠷᠣᠭᠤᠯᠬᠤ ᠪᠤᠶᠤ ᠲᠥᠷᠥᠯ ᠵᠦᠢᠯ ᠤᠨ | ᠵᠠᠷᠤᠳᠠᠯ ᠤᠨ ᠲᠥᠰᠦᠪ ᠢ ᠬᠤᠳᠠᠯ ᠢᠶᠠᠷ ᠮᠡᠳᠡᠭᠦᠯᠬᠦ ᠶᠢ ᠴᠢᠩᠭ᠎ᠠ ᠴᠠᠭᠠᠵᠠᠯᠠᠨ᠎ᠠ᠃ | ︵ᠭᠤᠷᠪᠠ︶ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠰᠦᠪ ᠢ ᠵᠠᠰᠠᠭ ᠤᠨ ᠣᠷᠳᠣᠨ ᠤ ᠬᠤᠳᠠᠯᠳᠤᠨ | ᠠᠪᠬᠤ ᠦᠢᠯᠡᠳᠬᠦᠨ ᠤ ᠭᠠᠷᠴᠠᠭ ᠤᠨ ᠲᠦᠷᠦᠯ ᠬᠤᠪᠢᠶᠠᠭᠰᠠᠨ ᠭᠠᠷᠴᠠᠭ᠂ ᠲᠥᠪᠯᠡᠷᠡᠭᠦᠯᠦᠨ ᠬᠤᠳᠠᠯᠳᠤᠨ ᠠᠪᠬᠤ | ᠭᠠᠷᠴᠠᠭ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠶᠣᠰᠣᠭᠠᠷ ᠨᠠᠶᠢᠷᠠᠭᠤᠯᠤᠨ ᠵᠣᠬᠢᠶᠠᠬᠤ ᠬᠡᠷᠡᠭᠲᠡᠢ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠲᠥᠰᠦᠪ ᠠᠴᠠ ᠳᠠᠪᠠᠭᠤᠯᠬᠤ᠂ ᠲᠥᠰᠦᠪ ᠦᠭᠡᠢ ᠪᠠᠷ | ᠭᠦᠢᠴᠡᠳᠬᠡᠬᠦ ᠶᠢ ᠴᠢᠩᠭ᠎ᠠ ᠴᠠᠭᠠᠵᠠᠯᠠᠨ᠎ᠠ᠃ | ︵ᠲᠦᠷᠪᠡ︶ ᠰᠢᠨ᠎ᠡ ᠪᠠᠷ ᠨᠡᠮᠡᠭᠳᠡᠭᠰᠡᠨ ᠡᠳ᠋ ᠬᠦᠷᠦᠩᠭᠡ ᠶᠢᠨ ᠲᠤᠬᠢᠷᠠᠭᠤᠯᠤᠯᠳᠠ ᠶᠢᠨ ᠲᠥᠰᠦᠪ ᠢ ᠡᠳ᠋ | ᠬᠦᠷᠦᠩᠭᠡ ᠶᠢᠨ ᠲᠤᠬᠢᠷᠠᠭᠤᠯᠤᠯᠳᠠ ᠶᠢᠨ ᠪᠠᠷᠢᠮᠵᠢᠶ᠎ᠠ ᠶᠢ ᠦᠨᠳᠦᠰᠦᠯᠡᠨ ᠨᠠᠶᠢᠷᠠᠭᠤᠯᠤᠨ ᠵᠣᠬᠢᠶᠠᠵᠤ᠂ | ᠬᠠᠳᠠᠭᠠᠯᠠᠯᠲᠠ ᠶᠢᠨ ᠬᠡᠮᠵᠢᠶ᠎ᠡ ᠪᠠᠷ ᠨᠡᠮᠡᠭᠳᠡᠯ ᠤᠨ ᠬᠡᠮᠵᠢᠶ᠎ᠡ ᠶᠢ ᠲᠣᠭᠲᠠᠭᠠᠵᠤ᠂ ᠪᠠᠷᠢᠮᠵᠢᠶ᠎ᠠ ᠠᠴᠠ ᠬᠡᠲᠦᠷᠡᠭᠦᠯᠦᠨ ᠡᠳ᠋ | ᠬᠦᠷᠦᠩᠭᠡ ᠶᠢ ᠲᠤᠬᠢᠷᠠᠭᠤᠯᠬᠤ ᠶᠢ ᠴᠢᠩᠭ᠎ᠠ ᠴᠠᠭᠠᠵᠠᠯᠠᠨ᠎ᠠ᠃ | ︵ᠲᠠᠪᠤ︶ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠲᠥᠰᠦᠪ ᠢ ᠠᠵᠢᠯ ᠶᠠᠪᠤᠳᠠᠯ ᠢᠶᠠᠷ | ᠵᠠᠷᠤᠳᠠᠯ ᠢ ᠲᠣᠭᠲᠠᠭᠠᠬᠤ ᠵᠠᠷᠴᠢᠮ ᠶᠣᠰᠣᠭᠠᠷ᠂ ᠵᠢᠯᠣᠭᠤᠳᠣᠯᠭ᠎ᠠ ᠶᠢᠨ ᠴᠢᠨᠠᠷᠲᠠᠶ ᠭᠠᠷᠴᠠᠭ ᠤᠨ ᠬᠡᠪᠴᠢᠶᠡᠨ ᠳᠣᠲᠣᠷ᠎ᠠ | ᠨᠠᠶᠢᠷᠠᠭᠤᠯᠤᠨ ᠵᠣᠬᠢᠶᠠᠬᠤ ᠬᠡᠷᠡᠭᠲᠡᠶ᠂ ᠬᠡᠯᠪᠡᠷᠢ ᠶᠢ ᠨᠢ ᠥᠭᠡᠷᠡᠲᠦᠭᠦᠯᠦᠨ ᠵᠢᠭᠡᠯᠡᠯᠭᠡ ᠠᠪᠴᠤ ᠪᠠᠯᠠ ᠳᠣᠭᠢᠷᠠᠭᠤᠯᠬᠤ | ᠪᠤᠶᠤ ᠠᠵᠢᠯᠴᠢᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | ᠠᠷᠪᠠ ᠶᠢᠰᠦᠳᠦᠭᠡᠷ ᠵᠦᠢᠯ᠂ ᠡᠯ᠎ᠡ ᠰᠠᠯᠠᠭ᠎ᠠ ᠮᠥᠴᠢᠷ ᠲᠥᠰᠦᠪ ᠢ ᠭᠦᠢᠴᠡᠳᠬᠡᠬᠦ ᠬᠠᠮᠢᠶᠠᠷᠤᠯᠲᠠ ᠪᠠᠨ | ᠴᠢᠩᠭᠠᠳᠬᠠᠵᠤ᠂ ᠲᠣᠭᠲᠠᠭᠠᠭᠰᠠᠨ ᠵᠢᠷᠤᠮ ᠶᠣᠰᠣᠭᠠᠷ ᠪᠡᠯᠡ ᠮᠥᠩᠭᠦ ᠲᠤᠰᠢᠶᠠᠨ ᠥᠭᠬᠦ ᠠᠵᠢᠯ ᠢ ᠭᠦᠢᠴᠡᠳᠬᠡᠬᠦ | ᠬᠡᠷᠡᠭᠲᠡᠢ᠃ ᠵᠠᠷᠤᠯᠭ᠎ᠠ ᠶᠢᠨ ᠠᠬᠢᠴᠠ ᠶᠢ ᠵᠦᠢ ᠵᠣᠬᠢᠰᠲᠠᠶ ᠲᠣᠬᠢᠷᠠᠭᠤᠯᠵᠤ᠂ ᠵᠣᠭᠤᠰ ᠬᠡᠷᠡᠭᠯᠡᠬᠦ ᠪᠣᠳᠠᠲᠠᠶ ᠠᠬᠢᠴᠠ ᠶᠢ | ᠦᠨᠳᠦᠰᠦᠯᠡᠨ ᠪᠡᠯᠡ ᠮᠥᠩᠭᠦ ᠥᠭᠭᠦᠭᠦᠯᠬᠦ ᠪᠠᠷ ᠭᠤᠶᠤᠴᠢᠯᠠᠨ᠎ᠠ᠃ ᠲᠣᠭᠲᠠᠭᠠᠭᠰᠠᠨ ᠵᠠᠷᠤᠯᠭ᠎ᠠ ᠶᠢᠨ ᠬᠡᠷᠡᠭᠯᠡᠯᠲᠡ | ᠶᠣᠰᠣᠭᠠᠷ ᠪᠡᠯᠡ ᠮᠥᠩᠭᠦ ᠶᠢ ᠬᠡᠷᠡᠭᠯᠡᠵᠦ᠂ ᠪᠡᠯᠡ ᠮᠥᠩᠭᠦ ᠶᠢᠨ ᠠᠶᠤᠯᠭᠦᠶ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠬᠤᠷᠢᠳᠤᠭᠠᠷ ᠵᠦᠢᠯ᠂ ᠡᠯ᠎ᠡ ᠰᠠᠯᠠᠭ᠎ᠠ ᠮᠥᠴᠢᠷ ᠤᠳ ᠳᠠᠷᠤᠭᠳᠠᠮᠠᠯ ᠪᠡᠯᠡ ᠮᠥᠩᠭᠦ ᠶᠢ ᠬᠢᠨᠠᠨ ᠬᠠᠮᠢᠶᠠᠷᠬᠤ | ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠳ᠋ ᠤᠨ ᠵᠠᠰᠠᠭ | ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠪᠡᠯᠡ ᠮᠥᠩᠭᠦ ᠶᠢᠨ ᠬᠡᠷᠡᠭᠯᠡᠯᠲᠡ ᠶᠢᠨ ᠵᠠᠷᠤᠯᠭ᠎ᠠ ᠶᠢᠨ ᠪᠠᠶᠢᠳᠠᠯ ᠢ ᠤᠯᠠᠷᠢᠯ ᠪᠦᠷᠢ ᠨᠢᠭᠡ ᠤᠳᠠᠭ᠎ᠠ | ᠲᠣᠬᠢᠷᠠᠭᠤᠯᠵᠤ᠂ ᠲᠣᠭᠲᠠᠭᠠᠯ ᠶᠣᠰᠣᠭᠠᠷ ᠴᠠᠭ ᠲᠤᠬᠠᠶ ᠳᠤᠨᠢ ᠠᠮᠢᠳᠤᠯᠢᠭ ᠪᠣᠯᠭᠠᠵᠤ᠂ ᠪᠡᠯᠡ ᠮᠥᠩᠭᠦ ᠶᠢ ᠰᠤᠯᠠ | ᠲᠠᠯᠪᠢᠵᠤ ᠳᠠᠷᠤᠭᠳᠠᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ | ᠳᠥᠷᠪᠡᠳᠦᠭᠡᠷ ᠪᠦᠯᠦᠭ᠂ ᠲᠤᠰᠬᠠᠶ ᠵᠦᠢᠯ ᠤᠨ ᠪᠡᠯᠡ ᠮᠥᠩᠭᠦᠨ ᠤ ᠲᠥᠰᠦᠪ ᠤᠨ ᠬᠠᠮᠢᠶᠠᠷᠤᠯᠲᠠ | ᠬᠤᠷᠢᠨ ᠨᠢᠭᠡᠳᠦᠭᠡᠷ ᠵᠦᠢᠯ᠂ ᠦᠬᠠᠶ ᠬᠤᠲᠠ ᠶᠢᠨ ᠲᠤᠰᠬᠠᠶ ᠪᠠᠯᠠ ᠮᠥᠩᠭᠦ ᠭᠡᠳᠡᠭ ᠨᠢ ᠪᠥᠬᠦ ᠬᠤᠲᠠ ᠶᠢᠨ | ᠠᠵᠤ ᠠᠬᠤᠶ ᠨᠡᠶᠢᠭᠡᠮ ᠤᠨ ᠦᠢᠯᠡᠰ ᠤᠨ ᠬᠥᠭᠵᠢᠯᠲᠡ ᠶᠢ ᠳᠡᠮᠵᠢᠬᠦ ᠶᠢᠨ ᠲᠥᠯᠥᠭᠡ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ | ᠲᠥᠰᠦᠪ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢᠶᠠᠷ ᠳᠠᠮᠵᠢᠭᠤᠯᠤᠨ | ᠲᠣᠬᠢᠷᠠᠭᠤᠯᠤᠭᠰᠠᠨ ᠪᠠᠶᠢᠪᠠᠯ᠂ ᠲᠤᠰᠬᠠᠶ ᠬᠡᠷᠡᠭᠴᠡᠭᠡ ᠲᠠᠢ ᠲᠥᠰᠦᠪ ᠤᠨ ᠪᠡᠯᠡ ᠮᠥᠩᠭᠦ ᠶᠢ ᠵᠢᠭᠠᠵᠤ ᠪᠣᠶ᠃ ᠲᠤᠰ | ᠱᠠᠲᠤᠨ ᠤ ᠵᠠᠷᠤᠯᠭ᠎ᠠ ᠶᠢᠨ ᠬᠡᠰᠡᠭ ᠢ ᠰᠠᠯᠠᠭ᠎ᠠ ᠮᠥᠴᠢᠷ ᠤᠨ ᠲᠥᠰᠥᠪ ᠲᠤ ᠵᠢᠭᠰᠠᠭᠠᠨ ᠣᠷᠣᠭᠤᠯᠵᠤ᠂ ᠲᠤᠰ | ᠱᠠᠲᠤᠨ ᠤ ᠲᠥᠷᠥᠯ ᠵᠦᠢᠯ ᠤᠨ ᠵᠠᠷᠤᠯᠭ᠎ᠠ ᠶᠢᠨ ᠲᠥᠰᠥᠪ ᠤᠨ ᠶᠣᠰᠣᠭᠠᠷ ᠬᠠᠮᠢᠶᠠᠷᠤᠨ᠎ᠠ᠃ ᠳᠣᠷᠣᠭᠰᠢ ᠰᠢᠯᠵᠢᠭᠦᠯᠦᠨ | ᠥᠭᠬᠦ ᠬᠡᠰᠡᠭ ᠢ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠠᠷᠭ᠎ᠠ ᠶᠢᠨ ᠶᠣᠰᠣᠭᠠᠷ ᠬᠠᠮᠢᠶᠠᠷᠤᠨ᠎ᠠ᠃ | ᠦᠬᠠᠶ ᠬᠤᠲᠠ ᠲᠤᠰᠬᠠᠶ ᠬᠡᠷᠡᠭᠴᠡᠭᠡ ᠲᠠᠢ ᠳᠡᠭᠡᠳᠦ ᠱᠠᠲᠤᠨ ᠤ ᠰᠢᠯᠵᠢᠭᠦᠯᠦᠨ ᠥᠭᠬᠦ ᠪᠡᠯᠡ ᠮᠥᠩᠭᠦ ᠶᠢ | ᠬᠠᠷᠢᠭᠤᠴᠠᠨ ᠬᠤᠪᠢᠶᠠᠷᠢᠯᠠᠵᠤ᠂ ᠲᠣᠰ ᠠᠷᠭ᠎ᠠ ᠶᠢᠨ ᠲᠣᠭᠲᠠᠭᠠᠯ ᠶᠣᠰᠣᠭᠠᠷ ᠬᠠᠮᠢᠶᠠᠷᠤᠨ᠎ᠠ᠃ ᠤᠯᠤᠰ᠂ ᠥᠪᠡᠷᠲᠡᠭᠡᠨ | ᠵᠠᠰᠠᠬᠤ ᠣᠷᠣᠨ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢᠶᠠᠷ ᠬᠡᠷᠡᠭᠵᠢᠭᠦᠯᠦᠨ᠎ᠡ᠃ | ᠬᠤᠷᠢᠨ ᠬᠤᠶᠠᠳᠤᠭᠠᠷ ᠵᠦᠢᠯ᠂ ᠦᠬᠠᠶ ᠬᠤᠲᠠ ᠶᠢᠨ ᠲᠤᠰᠬᠠᠶ ᠪᠡᠯᠡ ᠮᠥᠩᠭᠦ ᠳᠤ ᠭᠠᠷᠴᠠᠭ ᠤᠨ ᠨᠠᠷᠢᠨ | ᠳᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠲᠤᠰᠬᠠᠶ ᠵᠦᠢᠯ ᠤᠨ ᠪᠡᠯᠡ | ᠮᠥᠩᠭᠦ ᠨᠢ ᠳᠣᠤᠷᠠᠬᠢ ᠨᠥᠬᠦᠴᠡᠯ ᠳᠤ ᠵᠡᠷᠭᠡᠪᠡᠷ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠤᠶᠤ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠲᠣᠭᠲᠠᠭᠠᠯ ᠢᠶᠠᠷ ᠦᠨᠳᠦᠰᠦᠯᠡᠯ ᠪᠣᠯᠭᠠᠨ᠎ᠠ᠃ | ︵ᠬᠤᠶᠠᠷ︶ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ᠂ ᠪᠡᠯᠡ ᠮᠦᠩᠭᠦ ᠶᠢᠨ ᠬᠡᠷᠡᠭᠴᠡᠭᠡ᠂ ᠪᠡᠯᠡ | ᠮᠦᠩᠭᠦ ᠶᠢᠨ ᠬᠡᠷᠡᠭᠯᠡᠯᠲᠡ᠂ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠂ ᠡᠭᠦᠷᠭᠡ ᠬᠠᠷᠢᠭᠤᠴᠠᠯᠭ᠎ᠠ ᠶᠢᠨ ᠲᠤᠳᠤᠷᠬᠠᠢ | ᠠᠵᠢᠯ ᠤᠨ ᠬᠤᠪᠢᠶᠠᠷᠢᠯᠠᠯ ᠲᠠᠢ ᠪᠠᠶᠢᠬᠤ ᠬᠡᠷᠡᠭᠲᠡᠢ᠃ | ︵ᠭᠤᠷᠪᠠ︶ ᠲᠣᠳᠣᠷᠬᠠᠢ ᠬᠡᠷᠡᠭᠵᠢᠭᠦᠯᠬᠦ ᠬᠤᠭᠤᠴᠠᠭ᠎ᠠ ᠪᠦᠬᠦᠢ ᠮᠥᠷᠲᠡᠭᠡᠨ ᠬᠡᠷᠡᠭᠵᠢᠭᠦᠯᠬᠦ ᠬᠤᠭᠤᠴᠠᠭ᠎ᠠ ᠶᠢ | ᠶᠡᠷᠦ ᠳᠡᠭᠡᠨ 3 ᠵᠢᠯ ᠠᠴᠠ ᠬᠡᠲᠦᠷᠡᠭᠦᠯᠵᠦ ᠪᠣᠯᠬᠤ ᠦᠭᠡᠢ᠂ ᠤᠷᠲᠤ ᠬᠤᠭᠤᠴᠠᠭ᠎ᠠ ᠪᠠᠷ ᠬᠡᠷᠡᠭᠵᠢᠭᠦᠯᠬᠦ ᠪᠠᠷ ᠪᠠᠶᠢᠭ᠎ᠠ | ᠨᠠᠶᠢᠳᠠᠯᠭ᠎ᠠ ᠶᠢᠨ ᠲᠦᠷᠦᠯ ᠪᠠ ᠬᠠᠮᠲᠤ ᠪᠠᠷ ᠡᠭᠦᠷᠭᠡᠯᠡᠬᠦ ᠲᠦᠷᠦᠯ ᠤᠨ ᠲᠤᠰᠬᠠᠢ ᠵᠦᠢᠯ ᠠᠴᠠ ᠭᠠᠳᠠᠨᠠᠬᠢ ᠵᠦᠢᠯᠡᠰ᠃ | ︵ᠲᠦᠷᠪᠡ︶ ᠵᠠᠬ᠎ᠠ ᠳᠡᠯᠭᠡᠭᠦᠷ ᠤᠨ ᠲᠣᠭᠲᠠᠴᠠ ᠳᠤ ᠬᠠᠷᠢᠶᠠᠯᠠᠭᠳᠠᠬᠤ ᠦᠭᠡᠢ ᠪᠦᠲᠦᠮᠵᠢᠲᠡᠶ ᠲᠣᠬᠢᠷᠠᠭᠤᠯᠵᠤ | ᠳᠡᠶᠢᠯᠬᠦ ᠵᠦᠢᠯᠡᠰ᠃ | ︵ᠲᠠᠪᠤ︶ ᠠᠳᠠᠯᠢ ᠨᠢᠭᠡ ᠬᠦᠷᠢᠶ᠎ᠡ ᠪᠤᠶᠤ ᠠᠳᠠᠯᠢ ᠪᠡᠯᠡ ᠣᠷᠣᠭᠤᠯᠤᠯᠲᠠ ᠶᠢᠨ ᠪᠠᠶᠢᠭᠤᠯᠤᠭᠰᠠᠨ ᠦᠭᠡᠢ | ᠪᠤᠰᠤᠳ ᠲᠤᠰᠬᠠᠢ ᠪᠡᠯᠡ ᠮᠥᠩᠭᠦ᠃ | ︵ᠵᠢᠷᠭᠤᠭ᠎ᠠ︶ ᠬᠡᠷᠡᠭ ᠤᠨ ᠡᠮᠦᠨᠡᠬᠢ ᠠᠮᠵᠢᠯᠲᠠ ᠪᠦᠲᠦᠮᠵᠢ ᠶᠢ ᠦᠨᠡᠯᠡᠨ ᠵᠢᠱᠢᠵᠦ ᠳᠡᠮᠵᠢᠭᠰᠡᠨ ᠪᠠᠶᠢᠪᠠᠯ᠃ | ᠬᠤᠷᠢᠨ ᠭᠤᠷᠪᠠᠳᠤᠭᠠᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠣᠭᠲᠠᠭᠠᠬᠤ ᠶᠣᠰᠤᠲᠠᠢ | ᠪᠣᠶᠤ ᠠᠳᠠᠯᠢ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠪᠣᠳᠠᠲᠠᠶ ᠲᠤᠰᠬᠠᠶ | ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠲᠥᠷᠥ ᠶᠢᠨ ᠪᠣᠳᠣᠯᠭ᠎ᠠ ᠶᠢᠨ | ᠬᠠᠷᠠᠯᠲᠠ᠂ ᠪᠡᠯᠡ ᠮᠥᠩᠭᠦ ᠶᠢᠨ ᠬᠡᠷᠡᠭᠴᠡᠭᠡ᠂ ᠲᠤᠰᠠᠯᠠᠮᠵᠢ ᠣᠯᠭᠤᠬᠤ ᠡᠲᠡᠭᠡᠳ᠂ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠂ ᠬᠤᠪᠢᠶᠠᠷᠢᠯᠠᠬᠤ ᠠᠷᠭ᠎ᠠ᠂ ᠪᠡᠯᠡ ᠮᠥᠩᠭᠦ ᠭᠤᠶᠤᠴᠢᠯᠠᠨ ᠮᠡᠳᠡᠭᠦᠯᠬᠦ ᠨᠥᠬᠦᠴᠡᠯ᠂ | ᠪᠡᠯᠡ ᠮᠥᠩᠭᠦ ᠭᠤᠶᠤᠴᠢᠯᠠᠨ ᠮᠡᠳᠡᠭᠦᠯᠬᠦ ᠵᠢᠴᠢ ᠬᠢᠨᠠᠨ ᠵᠥᠪᠰᠢᠶᠡᠷᠡᠬᠦ ᠪᠠ ᠪᠠᠭᠤᠯᠭᠠᠬᠤ ᠳᠡᠰ ᠳᠠᠷᠠᠭᠠᠯᠠᠯ ᠪᠣᠯᠤᠨ | ᠴᠠᠭ ᠤᠨ ᠵᠠᠩᠭᠢᠶᠠᠰᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ᠂ ᠬᠢᠨᠠᠯᠲᠠ ᠲᠠᠯᠪᠢᠨ ᠪᠠᠶᠢᠴᠠᠭᠠᠬᠤ᠂ ᠬᠡᠷᠡᠭᠵᠢᠭᠦᠯᠬᠦ | ᠬᠤᠭᠤᠴᠠᠭ᠎ᠠ ᠬᠢᠵᠠᠭᠠᠷ᠂ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠪᠠ ᠪᠤᠴᠠᠭᠠᠵᠤ ᠭᠠᠷᠭᠠᠬᠤ ᠲᠣᠭᠲᠠᠴᠠ | ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠭᠤᠶᠤᠴᠢᠯᠠᠨ ᠮᠡᠳᠡᠭᠦᠯᠬᠦ ᠵᠦᠭᠯᠡᠭᠦᠷ ᠪᠤᠶᠤ ᠪᠡᠯᠡ ᠮᠥᠩᠭᠦ ᠭᠤᠶᠤᠴᠢᠯᠠᠨ | ᠮᠡᠳᠡᠭᠦᠯᠬᠦ ᠪᠤᠰᠤᠳ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠨᠡᠶᠢᠲᠡᠯᠡᠬᠦ ᠴᠢᠬᠤᠯᠠ ᠲᠠᠢ ᠪᠣᠯ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ ᠳᠤ ᠲᠣᠳᠣᠷᠬᠠᠶᠢᠯᠠᠬᠤ ᠬᠡᠷᠡᠭᠲᠡᠶ᠃ | ᠤᠯᠤᠰ ᠤᠨ ᠨᠢᠭᠤᠴᠠ ᠳᠤ ᠬᠤᠯᠪᠣᠭᠳᠠᠬᠤ ᠠᠭᠤᠯᠭ᠎ᠠ ᠶᠢ ᠭᠠᠷᠭᠠᠪᠠᠯ᠂ ᠲᠤᠰᠬᠠᠶ ᠪᠠᠯᠠ ᠮᠥᠩᠭᠦ ᠶᠢᠨ | ᠬᠠᠮᠢᠶᠠᠷᠤᠯᠲᠠ ᠶᠢᠨ ᠠᠷᠭ᠎ᠠ᠂ ᠭᠤᠶᠤᠴᠢᠯᠠᠨ ᠮᠡᠳᠡᠭᠦᠯᠬᠦ ᠵᠦᠭᠯᠡᠭᠦᠷ ᠵᠡᠷᠭᠡ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ | ᠢᠯᠡ ᠪᠣᠯᠭᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠰᠦᠪ ᠢᠶᠠᠨ | ᠨᠠᠶᠢᠷᠠᠭᠤᠯᠤᠨ ᠵᠣᠬᠢᠶᠠᠬᠤ ᠳᠠᠭᠠᠨ᠂ ᠲᠤᠰᠬᠠᠶ ᠵᠦᠢᠯ ᠤᠨ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠶᠣᠰᠣᠭᠠᠷ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠦᠬᠠᠶ ᠬᠤᠲᠠ ᠶᠢᠨ ᠲᠣᠭᠲᠠᠭᠠᠭᠰᠠᠨ | ᠴᠢᠬᠤᠯᠠ ᠶᠡᠭᠡ ᠲᠥᠷᠥᠯ ᠵᠦᠢᠯ᠂ ᠲᠥᠪ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠢᠯ ᠤᠨ ᠪᠡᠯᠡ ᠮᠥᠩᠭᠦ ᠶᠢᠨ | ᠢᠵᠢ ᠪᠦᠷᠢᠳᠦᠭᠦᠯᠬᠦ ᠬᠡᠰᠡᠭ ᠪᠣᠯᠤᠨ ᠨᠢᠭᠡᠴᠡ ᠶᠢᠨ ᠵᠠᠷᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ | ᠪᠠᠲᠤᠯᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠥᠷᠥ ᠶᠢᠨ ᠪᠣᠳᠣᠯᠭ᠎ᠠ ᠶᠢᠨ | ᠪᠠᠷᠢᠮᠵᠢᠶ᠎ᠠ ᠪᠣᠯᠣᠨ ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ ᠲᠤᠰᠬᠠᠢ ᠵᠦᠢᠯ ᠤᠨ ᠪᠡᠯᠡ ᠮᠥᠩᠭᠦ ᠶᠢ | ᠬᠤᠪᠢᠶᠠᠷᠢᠯᠠᠵᠤ᠂ ᠮᠡᠳᠡᠭᠦᠯᠦᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠲᠣᠭᠲᠠᠭᠠᠯ ᠶᠣᠰᠣᠭᠠᠷ ᠭᠦᠢᠴᠡᠳᠬᠡᠵᠦ᠂ | ᠬᠤᠯᠪᠣᠭᠳᠠᠬᠤ ᠰᠠᠭᠤᠷᠢ ᠳ᠋ᠠᠶᠢᠲ᠋ᠠ᠂ ᠲᠥᠷᠥᠯ ᠵᠦᠢᠯ ᠤᠨ ᠲᠣᠬᠢᠷᠠᠭᠤᠯᠤᠯᠲᠠ᠂ ᠪᠡᠯᠡ ᠮᠥᠩᠭᠦ ᠶᠢᠨ ᠬᠡᠷᠡᠭᠯᠡᠯᠲᠡ᠂ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠨᠢᠭᠡ︶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠡᠭᠡᠷ᠎ᠡ ᠵᠢᠯ ᠤᠨ ᠰᠢᠯᠵᠢᠭᠦᠯᠦᠨ ᠥᠭᠬᠦ ᠬᠡᠪᠴᠢᠶ᠎ᠡ | ᠶᠣᠰᠣᠭᠠᠷ᠂ ᠰᠢᠯᠵᠢᠭᠦᠯᠦᠨ ᠥᠭᠬᠦ ᠬᠤᠪᠢᠶᠠᠷᠢᠯᠠᠯᠲᠠ ᠶᠢᠨ ᠲᠥᠰᠦᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠶ᠃ | ᠲᠥᠪ᠂ ᠥᠪᠡᠷᠲᠡᠭᠡᠨ ᠵᠠᠰᠠᠬᠤ ᠣᠷᠣᠨ ᠠᠴᠠ ᠰᠢᠯᠵᠢᠭᠦᠯᠦᠨ ᠥᠭᠬᠦ ᠶᠢ ᠪᠦᠬᠦᠨ ᠢ ᠪᠣᠳᠠᠲᠠᠶ ᠭᠠᠵᠠᠷ ᠣᠷᠣᠨ ᠪᠠ | ᠨᠢᠭᠡᠴᠡ ᠳᠤ ᠬᠦᠷᠲᠡᠯ᠎ᠡ ᠨᠠᠷᠢᠯᠢᠬᠵᠢᠭᠤᠯᠵᠤ᠂ ᠲᠣᠰ ᠱᠠᠲᠤᠨ ᠤ ᠰᠢᠯᠵᠢᠭᠦᠯᠦᠨ ᠥᠭᠬᠦ ᠪᠠᠯᠠ ᠮᠥᠩᠭᠦ ᠶᠢ 70% ᠠᠴᠠ | ᠳᠣᠤᠷ᠎ᠠ ᠥᠬᠡᠶ ᠬᠠᠷᠢᠴᠠᠯ ᠢᠶᠠᠷ ᠤᠷᠢᠳᠴᠢᠯᠠᠨ ᠪᠣᠳᠠᠲᠠᠶ ᠭᠠᠵᠠᠷ ᠣᠷᠣᠨ ᠪᠠ ᠨᠢᠭᠡᠴᠡ ᠳᠤ ᠬᠦᠷᠲᠡᠯ᠎ᠡ | ᠨᠠᠷᠢᠯᠢᠬᠵᠢᠭᠤᠯᠤᠨ᠎ᠠ᠃ | ︵ᠬᠤᠶᠠᠷ︶ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠬᠤᠲᠠ ᠶᠢᠨ ᠲᠣᠰ ᠱᠠᠲᠤᠨ ᠤ ᠰᠢᠯᠵᠢᠭᠦᠯᠦᠨ ᠥᠭᠬᠦ ᠲᠥᠰᠦᠪ ᠢ ᠵᠢᠷᠠᠨ ᠡᠳᠦᠷ ᠤᠨ ᠳᠣᠲᠣᠷ᠎ᠠ ᠪᠠ | ᠳᠡᠭᠡᠳᠦ ᠱᠠᠲᠤᠨ ᠤ ᠪᠠᠭᠤᠯᠭᠠᠭᠰᠠᠨ ᠲᠤᠰᠬᠠᠶ ᠵᠦᠢᠯ ᠢᠶᠠᠷ ᠰᠢᠯᠵᠢᠭᠦᠯᠦᠨ ᠥᠭᠬᠦ ᠶᠢ ᠬᠦᠯᠢᠶᠡᠨ ᠠᠪᠬᠤ ᠭᠤᠴᠢᠨ | ᠡᠳᠦᠷ ᠤᠨ ᠳᠣᠲᠣᠷ᠎ᠠ᠂ ᠬᠤᠲᠠ ᠶᠢᠨ ᠲᠣᠰ ᠱᠠᠲᠤ ᠪᠠ ᠳᠡᠭᠡᠳᠦ ᠱᠠᠲᠤᠨ ᠤ ᠰᠢᠯᠵᠢᠭᠦᠯᠦᠨ ᠥᠭᠬᠦ ᠳᠤ | ᠬᠤᠪᠢᠶᠠᠷᠢᠯᠠᠬᠤ ᠲᠥᠰᠦᠯ ᠳᠤᠷᠠᠳᠴᠤ᠂ ᠳᠡᠰ ᠳᠠᠷᠠᠭᠠᠯᠠᠯ ᠶᠣᠰᠣᠭᠠᠷ ᠴᠠᠭ ᠲᠤᠬᠠᠶ ᠳᠤᠨᠢ ᠪᠠᠭᠤᠯᠭᠠᠨ᠎ᠠ᠃ | ︵ᠭᠤᠷᠪᠠ︶ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠲᠤᠰᠬᠠᠢ ᠵᠦᠢᠯ ᠤᠨ ᠪᠡᠯᠡ ᠮᠥᠩᠭᠦ ᠶᠢ ᠤᠷᠢᠳᠴᠢᠯᠠᠨ ᠪᠠᠭᠤᠯᠭᠠᠬᠤ ᠬᠠᠷᠢᠴᠠᠯ ᠢ ᠳᠡᠭᠡᠭᠰᠢᠯᠡᠭᠦᠯᠵᠦ᠂ ᠬᠤᠭᠤᠴᠠᠭ᠎ᠠ | ᠥᠩᠭᠡᠷᠡᠲᠡᠯ᠎ᠡ ᠤᠷᠢᠳᠴᠢᠯᠠᠨ ᠪᠠᠭᠤᠯᠭᠠᠭᠰᠠᠨ ᠦᠭᠡᠢ ᠪᠤᠶᠤ ᠲᠣᠭᠲᠠᠭᠠᠭᠰᠠᠨ ᠬᠠᠷᠢᠴᠠᠯ ᠢᠶᠠᠷ ᠤᠷᠢᠳᠴᠢᠯᠠᠨ | ᠪᠠᠭᠤᠯᠭᠠᠭᠰᠠᠨ ᠦᠭᠡᠢ ᠪᠠᠶᠢᠪᠠᠯ᠂ ᠲᠤᠰᠬᠠᠢ ᠵᠦᠢᠯ ᠤᠨ ᠪᠡᠯᠡ ᠮᠥᠩᠭᠦ ᠶᠢᠨ ᠲᠥᠰᠥᠪ ᠤᠨ ᠬᠡᠪᠴᠢᠶ᠎ᠡ ᠶᠢ ᠵᠣᠬᠢᠬᠤ | ᠬᠠᠷᠢᠴᠠᠯ ᠢᠶᠠᠷ ᠬᠠᠰᠤᠨ᠎ᠠ᠃ | ᠬᠤᠷᠢᠨ ᠵᠢᠷᠭᠤᠳᠤᠭᠠᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠠᠳᠠᠯᠢ ᠱᠠᠲᠤᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰᠬᠠᠶ ᠵᠦᠢᠯ ᠤᠨ ᠪᠡᠯᠡ ᠮᠥᠩᠭᠦ ᠶᠢᠨ ᠶᠡᠷᠦᠩᠬᠡᠶᠢᠯᠡᠭᠰᠡᠨ | ᠦᠨᠡᠯᠡᠨ ᠵᠢᠱᠢᠯᠲᠡ ᠪᠠᠨ ᠴᠢᠩᠭᠠᠳᠬᠠᠬᠤ ᠬᠡᠷᠡᠭᠲᠡᠶ᠃ ᠦᠨᠡᠯᠡᠨ ᠵᠢᠱᠢᠬᠦ ᠵᠦᠢᠯᠡᠰ ᠲᠤ ᠭᠤᠣᠯᠳᠠᠭᠤ᠄ | ︵ᠨᠢᠭᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ | ᠡᠰᠡᠬᠦ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠨᠢ ᠲᠤᠯᠤᠭᠰᠠᠨ ᠪᠤᠶᠤ ᠲᠣᠬᠢᠷᠠᠭᠤᠯᠤᠯᠲᠠ ᠬᠢᠭᠰᠡᠨ | ᠡᠰᠡᠬᠦ᠃ | ︵ᠭᠤᠷᠪᠠ︶ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ ᠪᠤᠶᠤ ᠲᠣᠬᠢᠷᠠᠭᠤᠯᠤᠯᠲᠠ | ᠬᠢᠬᠦ ᠴᠢᠬᠤᠯᠠ ᠲᠠᠢ ᠡᠰᠡᠬᠦ᠃ | ︵ᠲᠦᠷᠪᠡ︶ ᠪᠡᠯᠡ ᠮᠥᠩᠭᠦ ᠶᠢᠨ ᠬᠡᠷᠡᠭᠯᠡᠯᠲᠡ ᠵᠦᠢ ᠵᠣᠬᠢᠰᠲᠠᠢ ᠡᠰᠡᠬᠦ᠂ ᠵᠠᠬ᠎ᠠ ᠳᠡᠯᠭᠡᠭᠦᠷ ᠤᠨ | ᠥᠷᠢᠰᠥᠯᠳᠦᠭᠡᠨ ᠤ ᠲᠣᠭᠲᠠᠴᠠ ᠶᠢᠨ ᠪᠦᠲᠦᠮᠵᠢᠲᠡᠢ ᠲᠤᠬᠢᠷᠠᠭᠤᠯᠭ᠎ᠠ ᠶᠢᠨ ᠬᠦᠷᠢᠶ᠎ᠡ ᠳᠤ ᠬᠡᠷᠡᠭᠯᠡᠬᠦ ᠡᠰᠡᠬᠦ᠃ | ︵ᠲᠠᠪᠤ︶ ᠪᠡᠯᠡᠮᠥ᠋ᠩᠭᠦᠨᠤ ᠬᠠᠮᠢᠶᠠᠷᠤᠯᠲᠠᠶᠢᠨᠠᠷᠭᠠᠶᠢ ᠱᠠᠭᠠᠷᠳᠠᠯᠭ᠎ᠠ ᠶᠣᠰᠣᠭᠠᠷᠲ᠋ᠣᠭᠲᠠᠭᠠᠭᠰᠠᠨᠡᠰᠡᠬᠦ᠃ | ᠬᠤᠷᠢᠨ ᠳᠣᠯᠣᠳᠤᠭᠠᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠶᠡᠷᠦᠩᠬᠡᠶᠢᠯᠡᠭᠰᠡᠨ ᠦᠨᠡᠯᠡᠨ | ᠵᠢᠱᠢᠭᠰᠡᠨ ᠦᠷ᠎ᠡ ᠳ᠋ᠦᠩ ᠢ ᠦᠨᠳᠦᠰᠦᠯᠡᠨ᠂ ᠲᠤᠰᠬᠠᠶ ᠵᠦᠢᠯ ᠤᠨ ᠪᠡᠯᠡ ᠮᠥᠩᠭᠦ ᠳᠤ ᠬᠥᠳᠡᠯᠦᠩᠭᠦᠶ | ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠬᠤ ᠬᠡᠷᠡᠭᠲᠡᠶ᠄ | ︵ᠨᠢᠭᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ | ᠦᠭᠡᠢ ᠪᠠᠶᠢᠪᠠᠯ᠂ ᠬᠦᠴᠦᠨ ᠦᠭᠡᠢ ᠪᠣᠯᠭᠠᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠨᠢ ᠲᠤᠯᠤᠭᠰᠠᠨ᠂ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ᠂ ᠪᠤᠰᠤᠳᠴᠢ ᠨᠥᠬᠦᠴᠡᠯ ᠤᠨ ᠬᠤᠪᠢᠷᠠᠯᠲᠠ ᠵᠡᠷᠭᠡ ᠠᠴᠠ ᠪᠣᠯᠵᠣ ᠨᠢᠭᠡᠨᠲᠡ ᠦᠷᠭᠦᠯᠵᠢᠯᠡᠨ | ᠬᠡᠷᠡᠭᠵᠢᠭᠦᠯᠬᠦ ᠴᠢᠬᠤᠯᠠ ᠥᠬᠡᠶ ᠪᠣᠯᠤᠭᠰᠠᠨ ᠪᠠᠶᠢᠪᠠᠯ᠂ ᠬᠦᠴᠦᠨ ᠥᠬᠡᠶ ᠪᠣᠯᠭᠠᠨ᠎ᠠ᠃ | ︵ᠭᠤᠷᠪᠠ︶ ᠠᠮᠵᠢᠯᠲᠠ ᠪᠦᠲᠦᠮᠵᠢ ᠨᠢ ᠳᠣᠣᠷ᠎ᠠ᠂ ᠠᠮᠵᠢᠯᠲᠠ ᠪᠦᠲᠦᠮᠵᠢ ᠶᠢᠨ ᠬᠠᠷᠠᠯᠲᠠ ᠨᠢ ᠬᠤᠪᠢᠷᠠᠯᠲᠠ | ᠭᠠᠷᠤᠭᠰᠠᠨ ᠪᠤᠶᠤ ᠪᠣᠳᠠᠲᠠᠶ ᠠᠮᠵᠢᠯᠲᠠ ᠪᠦᠲᠦᠮᠵᠢ ᠬᠢᠭᠡᠳ ᠬᠠᠷᠠᠯᠲᠠ ᠶᠢᠨ ᠵᠥᠷᠢᠶ᠎ᠡ ᠨᠢ ᠨᠡᠯᠢᠶᠡᠳ ᠶᠡᠭᠡ ᠪᠠᠶᠢᠪᠠᠯ᠂ | ᠬᠦᠴᠦᠨ ᠦᠭᠡᠶ ᠪᠣᠯᠭᠠᠬᠤ ᠪᠤᠶᠤ ᠲᠣᠬᠢᠷᠠᠭᠤᠯᠤᠯᠲᠠ ᠬᠢᠨ᠎ᠡ᠃ | ︵ᠲᠦᠷᠪᠡ︶ ᠵᠠᠬ᠎ᠠ ᠳᠡᠯᠭᠡᠭᠦᠷ ᠤᠨ ᠦᠷᠢᠰᠦᠯᠳᠦᠭᠡᠨ ᠤ ᠳᠤᠭᠳᠠᠴᠠ ᠶᠢ ᠪᠦᠳᠦᠮᠵᠢᠲᠠᠢ ᠪᠠᠷ ᠳᠤᠬᠢᠷᠠᠭᠤᠯᠵᠤ | ᠳᠡᠶᠢᠯᠪᠡᠯ᠂ ᠬᠦᠴᠦᠨ ᠦᠭᠡᠢ ᠪᠤᠯᠭᠠᠬᠤ ᠪᠤᠶᠤ ᠲᠤᠭᠳᠠᠭᠰᠠᠨ ᠬᠤᠭᠤᠴᠠᠭᠠᠨ ᠳᠤᠳᠤᠷ᠎ᠠ ᠪᠠᠭᠤᠷᠠᠭᠤᠯᠬᠤ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠦᠨ᠎ᠡ᠃ | ︵ᠲᠠᠪᠤ︶ ᠲᠤᠰᠬᠠᠶ ᠵᠦᠢᠯ ᠤᠨ ᠪᠡᠯᠡ ᠮᠥᠩᠭᠦ ᠶᠢ ᠲᠣᠭᠲᠠᠭᠰᠠᠨ ᠴᠠᠭ ᠤᠨ ᠬᠢᠵᠠᠭᠠᠷ ᠠᠴᠠ ᠬᠡᠲᠦᠷᠡᠨ | ᠪᠠᠭᠤᠯᠭᠠᠭᠰᠠᠨ ᠦᠭᠡᠢ᠂ ᠡᠰᠡᠬᠦᠯ᠎ᠡ ᠵᠢᠯ ᠤᠨ ᠡᠴᠦᠰ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠬᠡᠪᠴᠢᠶ᠎ᠡ ᠨᠢ | ᠨᠡᠯᠢᠶᠡᠳ ᠶᠡᠭᠡ ᠪᠠᠶᠢᠪᠠᠯ᠂ ᠵᠣᠬᠢᠰᠲᠠᠶ ᠪᠠᠷ ᠪᠠᠭᠠᠰᠬᠠᠬᠤ ᠪᠤᠶᠤ ᠲᠣᠬᠢᠷᠠᠭᠤᠯᠬᠤ ᠬᠡᠷᠡᠭᠲᠡᠶ᠃ | ︵ᠵᠢᠷᠭᠤᠭ᠎ᠠ︶ ᠲᠥᠷᠥ ᠶᠢᠨ ᠪᠣᠳᠣᠯᠭ᠎ᠠ ᠶᠢᠨ ᠬᠠᠷᠠᠯᠲᠠ ᠨᠢ ᠣᠶᠢᠷᠠᠯᠴᠠᠭ᠎ᠠ᠂ ᠪᠡᠯᠡ ᠮᠥᠩᠭᠦ ᠶᠢᠨ | ᠣᠷᠣᠭᠤᠯᠤᠯᠲᠠ ᠶᠢᠨ ᠬᠠᠨᠳᠤᠰᠢ ᠶᠢᠨ ᠲᠥᠷᠥᠯ ᠨᠢ ᠠᠳᠠᠯᠢ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ | ᠮᠠᠶ᠋ᠢᠭ ᠨᠢ ᠣᠶᠢᠷᠠᠯᠴᠠᠭ᠎ᠠ ᠪᠠᠶᠢᠪᠠᠯ᠂ ᠡᠮᠬᠢᠯᠡᠨ ᠨᠡᠶᠢᠯᠡᠭᠦᠯᠬᠦ ᠬᠡᠷᠡᠭᠲᠡᠶ᠃ | ᠬᠤᠷᠢᠨ ᠨᠠᠢᠮᠠᠳᠤᠭᠠᠷ ᠵᠦᠢᠯ᠂ ᠲᠤᠰᠬᠠᠶ ᠵᠦᠢᠯ ᠤᠨ ᠪᠡᠯᠡ ᠮᠥᠩᠭᠦ ᠪᠠᠶᠢᠭᠤᠯᠬᠤ᠂ ᠲᠣᠬᠢᠷᠠᠭᠤᠯᠤᠯᠲᠠ ᠬᠢᠬᠦ ᠳᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠭᠤᠶᠤᠴᠢᠯᠠᠯ ᠢᠶᠠᠨ | ᠳᠤᠷᠠᠳᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ ᠬᠢᠨᠠᠭᠤᠯᠤᠭᠰᠠᠨ ᠤ ᠳᠠᠷᠠᠭ᠎ᠠ᠂ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ | ᠬᠡᠷᠡᠭᠲᠡᠶ᠃ ᠲᠤᠰᠬᠠᠶ ᠵᠦᠢᠯ ᠤᠨ ᠪᠡᠯᠡ ᠮᠥᠩᠭᠦ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠠᠶᠠᠨᠳᠠᠭᠠᠨ | ᠬᠦᠴᠦᠨ ᠦᠭᠡᠶ ᠪᠣᠯᠭᠠᠵᠤ᠂ ᠦᠨᠡᠨᠬᠦ ᠦᠷᠭᠦᠯᠵᠢᠯᠡᠭᠦᠯᠬᠦ ᠴᠢᠬᠤᠯᠠ ᠲᠠᠢ ᠪᠣᠯ ᠡᠳ᠋ ᠤᠨ ᠵᠠᠰᠠᠭ ᠤᠨ ᠰᠠᠯᠠᠭ᠎ᠠ | ᠮᠥᠴᠢᠷ ᠢᠶᠠᠷ ᠬᠢᠨᠠᠭᠤᠯᠤᠭᠰᠠᠨ ᠤ ᠳᠠᠷᠠᠭ᠎ᠠ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ | ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ | ᠬᠤᠲᠠ ᠳᠤ ᠣᠨᠴᠠᠭᠠᠶ ᠲᠣᠭᠲᠠᠭᠠᠯ ᠲᠠᠢ ᠪᠠᠶᠢᠪᠠᠯ᠂ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠲᠠᠪᠤᠳᠤᠭᠠᠷ ᠪᠦᠯᠦᠭ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ | ᠬᠤᠷᠢ ᠶᠢᠰᠦᠳᠦᠭᠡᠷ ᠵᠦᠢᠯ᠂ ᠬᠤᠲᠠ᠂ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠤᠨ ᠲᠥᠰᠦᠪ ᠲᠤ | ︽ᠪᠥᠬᠦ ᠲᠠᠯ᠎ᠠ ᠶᠢᠨ᠂ ᠪᠥᠬᠦ ᠶᠠᠪᠤᠴᠠ ᠶᠢᠨ᠂ ᠪᠦᠬᠦᠨ ᠢ ᠬᠠᠮᠤᠷᠬᠤ︾ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠭᠤᠴᠢᠳᠤᠭᠠᠷ ᠵᠦᠢᠯ᠂ ᠡᠯ᠎ᠡ ᠰᠠᠯᠠᠭ᠎ᠠ ᠮᠥᠴᠢᠷ ᠤᠳ ᠰᠢᠨ᠎ᠡ ᠪᠠᠷ ᠨᠡᠶᠢᠲᠡᠯᠡᠭᠰᠡᠨ ᠴᠢᠬᠤᠯᠠ ᠶᠡᠭᠡ ᠲᠥᠷᠥ ᠶᠢᠨ | ᠪᠣᠳᠣᠯᠭ᠎ᠠ᠂ ᠰᠢᠨ᠎ᠡ ᠪᠠᠷ ᠨᠡᠮᠡᠭᠳᠡᠭᠰᠡᠨ ᠴᠢᠬᠤᠯᠠ ᠶᠡᠭᠡ ᠲᠥᠷᠥᠯ ᠵᠦᠢᠯ ᠳᠤ ᠬᠡᠷᠡᠭ ᠤᠨ ᠡᠮᠦᠨᠡᠬᠢ ᠠᠮᠵᠢᠯᠲᠠ | ᠪᠦᠲᠦᠮᠵᠢ ᠶᠢ ᠦᠨᠡᠯᠡᠨ ᠵᠢᠱᠢᠵᠦ᠂ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠲᠥᠰᠦᠪ ᠭᠤᠶᠤᠴᠢᠯᠠᠬᠤ ᠶᠢᠨ ᠴᠢᠬᠤᠯᠠ | ᠪᠦᠬᠦᠢ ᠨᠥᠬᠦᠴᠡᠯ ᠪᠣᠯᠭᠠᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠬᠢᠨᠠᠨ ᠬᠠᠷᠭᠤᠭᠤᠯᠬᠤ ᠪᠠᠨ | ᠴᠢᠩᠭᠠᠳᠬᠠᠵᠤ᠂ ᠴᠢᠬᠤᠯᠠᠲᠠᠶ ᠦᠶ᠎ᠡ ᠳᠤ ᠬᠡᠷᠡᠭ ᠤᠨ ᠡᠮᠦᠨᠡᠬᠢ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ | ᠪᠡᠶ᠎ᠡ ᠪᠠᠨ ᠳᠠᠭᠠᠭᠠᠵᠤ ᠥᠷᠨᠢᠭᠦᠯᠵᠦ ᠪᠣᠯᠤᠨ᠎ᠠ᠂ ᠬᠢᠨᠠᠨ ᠬᠠᠷᠭᠤᠭᠤᠯᠤᠭᠰᠠᠨ ᠪᠠ ᠦᠨᠡᠯᠡᠨ ᠵᠢᠱᠢᠭᠰᠡᠨ ᠦᠷ᠎ᠡ ᠳ᠋ᠦᠩ ᠢ | ᠲᠥᠰᠦᠪ ᠤᠨ ᠲᠣᠬᠢᠷᠠᠭᠤᠯᠤᠯᠲᠠ ᠶᠢᠨ ᠴᠢᠬᠤᠯᠠ ᠯᠠᠪᠯᠠᠬᠤ ᠦᠨᠳᠦᠰᠦᠯᠡᠯ ᠪᠣᠯᠭᠠᠨ᠎ᠠ᠃ | ᠭᠤᠴᠢᠨ ᠨᠢᠭᠡᠳᠦᠭᠡᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠨᠡᠶᠢᠲᠡᠯᠢᠭ ᠴᠢᠨᠠᠷᠲᠠᠢ ᠠᠮᠵᠢᠯᠲᠠ | ᠪᠦᠲᠦᠮᠵᠢ ᠶᠢᠨ ᠭᠦᠢᠴᠡᠳᠭᠡᠯ ᠲᠤᠭ᠎ᠠ ᠶᠢᠨ ᠪᠣᠷᠣ ᠲᠥᠯᠥᠪ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠡᠯ᠎ᠡ ᠰᠠᠯᠠᠭ᠎ᠠ | ᠮᠦᠴᠢᠷ ᠨᠢ ᠰᠠᠯᠠᠭ᠎ᠠ ᠮᠦᠴᠢᠷ ᠤᠨ ᠪᠦᠬᠦᠯᠢ ᠴᠣᠭᠴᠠ᠂ ᠲᠥᠷᠥ ᠶᠢᠨ ᠪᠣᠳᠣᠯᠭ᠎ᠠ ᠵᠢᠴᠢ ᠲᠦᠷᠦᠯ ᠵᠦᠢᠯ ᠤᠨ | ᠠᠮᠵᠢᠯᠲᠠ ᠪᠦᠲᠦᠮᠵᠢ ᠶᠢᠨ ᠬᠠᠷᠠᠯᠲᠠ ᠶᠢ ᠪᠠᠶᠢᠷᠢᠯᠠᠭᠤᠯᠵᠤ᠂ ᠭᠤᠣᠯ ᠪᠣᠯᠬᠤ ᠠᠮᠵᠢᠯᠲᠠ ᠪᠦᠲᠦᠮᠵᠢ ᠶᠢᠨ ᠭᠦᠢᠴᠡᠳᠭᠡᠯ | ᠲᠤᠭ᠎ᠠ ᠪᠣᠯᠣᠨ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠠᠮᠵᠢᠯᠲᠠ ᠪᠦᠲᠦᠮᠵᠢ ᠶᠢᠨ ᠬᠠᠷᠠᠯᠲᠠ ᠶᠢ | ᠲᠥᠷᠥᠯ ᠵᠦᠢᠯ ᠢ ᠬᠥᠮᠥᠷᠭᠡ ᠳᠤ ᠣᠷᠣᠭᠤᠯᠬᠤ᠂ ᠲᠥᠰᠦᠪ ᠭᠤᠶᠤᠴᠢᠯᠠᠬᠤ ᠪᠠ ᠲᠥᠰᠦᠪ ᠢ ᠲᠣᠬᠢᠷᠠᠭᠤᠯᠬᠤ ᠶᠢᠨ | ᠤᠷᠢᠳᠠᠴᠢ ᠨᠥᠬᠦᠴᠡᠯ ᠪᠣᠯᠭᠠᠵᠤ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠳᠤ | ᠪᠠᠲᠤᠯᠠᠭᠳᠠᠭᠰᠠᠨ ᠦᠭᠡᠶ ᠪᠣᠯ ᠲᠥᠷᠥᠯ ᠵᠦᠢᠯ ᠤᠨ ᠬᠥᠮᠥᠷᠭᠡ ᠳᠤ ᠣᠷᠣᠭᠤᠯᠵᠤ ᠪᠣᠯᠬᠤ ᠦᠭᠡᠶ᠂ ᠲᠥᠰᠦᠪ | ᠭᠤᠶᠤᠴᠢᠯᠠᠵᠤ ᠪᠣᠯᠬᠤ ᠦᠭᠡᠶ᠃ ᠠᠮᠵᠢᠯᠲᠠ ᠪᠦᠲᠦᠮᠵᠢ ᠶᠢᠨ ᠬᠠᠷᠠᠯᠲᠠ ᠶᠢ ᠲᠥᠰᠦᠪ ᠯᠦᠭᠡ ᠵᠡᠷᠭᠡ ᠳᠤᠨᠢ | ᠴᠤᠬᠤᠯᠠᠪᠤᠷᠢᠯᠠᠨ ᠪᠠᠭᠤᠯᠭᠠᠵᠤ᠂ ᠵᠡᠷᠭᠡ ᠳᠤᠨᠢ ᠢᠯᠡ ᠪᠣᠯᠭᠠᠨ᠂ ᠴᠤᠬᠤᠯᠠᠪᠤᠷᠢᠯᠠᠨ ᠬᠠᠷᠢᠭᠤᠯᠤᠭᠰᠠᠨ ᠠᠮᠵᠢᠯᠲᠠ | ᠪᠦᠲᠦᠮᠵᠢ ᠶᠢᠨ ᠬᠠᠷᠠᠯᠲᠠ ᠶᠢ ᠵᠠᠷᠴᠢᠮ ᠳᠡᠭᠡᠷ᠎ᠡ ᠪᠠᠨ ᠬᠤᠪᠢᠷᠠᠭᠤᠯᠵᠤ ᠪᠣᠯᠬᠤ ᠦᠭᠡᠶ᠂ ᠦᠨᠡᠨᠬᠦ ᠬᠤᠪᠢᠷᠠᠭᠤᠯᠬᠤ | ᠴᠢᠬᠤᠯᠠ ᠲᠠᠢ ᠪᠣᠯ ᠲᠣᠭᠲᠠᠭᠰᠠᠨ ᠳᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ | ᠭᠤᠴᠢᠨ ᠬᠤᠶᠠᠳᠤᠭᠠᠷ ᠵᠦᠢᠯ᠂ ᠡᠯ᠎ᠡ ᠰᠠᠯᠠᠭ᠎ᠠ ᠮᠥᠴᠢᠷ ᠠᠮᠵᠢᠯᠲᠠ ᠪᠦᠲᠦᠮᠵᠢ ᠶᠢᠨ ᠬᠠᠷᠠᠯᠲᠠ ᠶᠢ | ᠪᠡᠶᠡᠯᠡᠭᠦᠯᠦᠭᠰᠡᠨ ᠬᠡᠮᠵᠢᠶ᠎ᠡ ᠪᠣᠯᠤᠨ ᠲᠥᠰᠦᠪ ᠢ ᠬᠡᠷᠡᠭᠵᠢᠭᠦᠯᠦᠭᠰᠡᠨ ᠠᠬᠢᠴᠠ ᠳᠤ ︽ᠬᠤᠤᠰ ᠬᠢᠨᠠᠨ ᠡᠵᠡᠮᠳᠡᠬᠦ︾ ᠶᠢ | ᠬᠡᠷᠡᠭᠵᠢᠭᠦᠯᠵᠦ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠵᠠᠯᠠᠷᠠᠭᠤᠯᠵᠤ᠂ ᠠᠮᠵᠢᠯᠲᠠ | ᠪᠦᠲᠦᠮᠵᠢ ᠶᠢᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠠᠭᠠᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠴᠢᠬᠤᠯᠠ ᠶᠡᠭᠡ | ᠲᠥᠷᠥ ᠶᠢᠨ ᠪᠣᠳᠣᠯᠭ᠎ᠠ᠂ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠮᠥᠷᠳᠡᠬᠦ ᠲᠣᠭᠲᠠᠴᠠ ᠶᠢ ᠪᠠᠶᠢᠭᠤᠯᠵᠤ᠂ | ᠬᠦᠨᠳᠦ ᠨᠣᠴᠢᠲᠠᠶ ᠠᠰᠠᠭᠤᠳᠠᠯ ᠣᠷᠣᠰᠢᠵᠤ ᠪᠠᠶᠢᠭ᠎ᠠ ᠲᠥᠷᠥ ᠶᠢᠨ ᠪᠣᠳᠣᠯᠭ᠎ᠠ᠂ ᠲᠥᠷᠥᠯ ᠵᠦᠢᠯ ᠳᠤ ᠲᠥᠰᠦᠪ ᠤᠨ | ᠵᠣᠭᠤᠰ ᠥᠭᠬᠦ ᠶᠢ ᠲᠦᠷ ᠬᠤᠶᠢᠰᠢᠯᠠᠭᠤᠯᠬᠤ ᠪᠤᠶᠤ ᠵᠣᠭᠰᠣᠭᠠᠵᠤ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠬᠡᠷᠡᠭᠲᠡᠶ᠃ | ᠭᠤᠴᠢᠨ ᠭᠤᠷᠪᠠᠳᠤᠭᠠᠷ ᠵᠦᠢᠯ᠂ ᠡᠯ᠎ᠡ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠲᠤᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠡ ᠶᠢᠨ ᠢᠶᠠᠨ ᠪᠦᠬᠦᠯᠢ ᠴᠣᠭᠴᠠ ᠶᠢᠨ ᠵᠠᠷᠤᠯᠭ᠎ᠠ ᠪᠣᠯᠤᠨ ᠲᠥᠷᠥᠯ | ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠪᠠ ᠰᠠᠯᠠᠭ᠎ᠠ ᠮᠥᠴᠢᠷ ᠤᠨ ᠦᠨᠡᠯᠡᠬᠦ | ᠠᠵᠢᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠯᠡᠭᠰᠡᠨ ᠦᠷ᠎ᠡ ᠳ᠋ᠦᠩ ᠢ ᠡᠳ᠋ ᠤᠨ | ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ | ᠴᠢᠬᠤᠯᠠ ᠶᠡᠭᠡ ᠲᠥᠷᠥ ᠶᠢᠨ ᠪᠣᠳᠣᠯᠭ᠎ᠠ᠂ ᠲᠥᠷᠥᠯ ᠵᠦᠢᠯ ᠤᠨ ᠲᠥᠰᠦᠪ ᠤᠨ ᠠᠮᠵᠢᠯᠲᠠ ᠪᠦᠲᠦᠮᠵᠢ ᠶᠢ ᠦᠨᠡᠯᠡᠬᠦ | ᠲᠣᠭᠲᠠᠴᠠ ᠶᠢ ᠪᠠᠶᠢᠭᠤᠯᠵᠤ᠂ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠶᠢᠨ | ᠦᠨᠡᠯᠡᠯᠲᠡ ᠶᠢ ᠥᠷᠨᠢᠭᠦᠯᠬᠦ ᠬᠡᠷᠡᠭᠲᠡᠶ᠃ | ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠬᠠᠷᠢᠭᠤ ᠲᠤᠰᠬᠠᠬᠤ ᠳᠦᠷᠢᠮ ᠪᠠ | ᠠᠵᠢᠯ ᠤᠨ ᠠᠮᠵᠢᠯᠲᠠ ᠪᠦᠲᠦᠮᠵᠢ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠳᠦᠷᠢᠮ ᠢ | ᠪᠦᠷᠢᠨᠰᠢᠭᠦᠯᠵᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠳᠬᠠᠨ᠂ ᠦᠨᠡᠯᠡᠭᠰᠡᠨ ᠦᠷ᠎ᠡ ᠳ᠋ᠦᠩ ᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠬᠠᠮᠢᠶᠠᠷᠤᠯᠲᠠ ᠶᠢ | ᠰᠠᠶᠢᠵᠢᠷᠠᠭᠤᠯᠬᠤ ᠪᠠ ᠪᠡᠯᠡ ᠮᠥᠩᠭᠦ ᠬᠤᠪᠢᠶᠠᠷᠢᠯᠠᠬᠤ ᠶᠢᠨ ᠴᠢᠬᠤᠯᠠ ᠯᠠᠪᠯᠠᠬᠤ ᠬᠦᠴᠦᠨ ᠵᠦᠢᠯ ᠪᠣᠯᠭᠠᠨ᠎ᠠ᠃ ᠡᠯ᠎ᠡ | ᠰᠠᠯᠠᠭ᠎ᠠ ᠮᠥᠴᠢᠷ ᠤᠳ ᠨᠢᠭᠡᠴᠢ ᠶᠢᠨ ᠥᠪᠡᠷ ᠤᠨ ᠦᠨᠡᠯᠡᠯᠲᠡ ᠪᠠ ᠰᠠᠯᠠᠭ᠎ᠠ ᠮᠥᠴᠢᠷ ᠤᠨ ᠦᠨᠡᠯᠡᠭᠰᠡᠨ ᠦᠷ᠎ᠡ | ᠳ᠋ᠦᠩ ᠢ ᠲᠣᠰ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠳᠤ ᠨᠠᠶᠢᠷᠠᠭᠤᠯᠤᠨ ᠣᠷᠣᠭᠤᠯᠵᠤ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠦᠨᠡᠯᠡᠭᠰᠡᠨ ᠦᠷ᠎ᠡ ᠳ᠋ᠦᠩ ᠢ ᠵᠠᠰᠠᠭ ᠤᠨ ᠣᠷᠳᠣᠨ ᠤ | ᠲᠥᠰᠦᠪ ᠤᠨ ᠭᠦᠢᠴᠡᠳᠬᠡᠯ ᠳᠤ ᠨᠠᠶᠢᠷᠠᠭᠤᠯᠤᠨ ᠣᠷᠣᠭᠤᠯᠵᠤ᠂ ᠠᠳᠠᠯᠢ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ ᠬᠦᠷᠭᠡᠬᠦ ᠶᠢᠨ ᠬᠠᠮᠲᠤ ᠬᠠᠤᠯᠢ | ᠶᠣᠰᠣᠭᠠᠷ ᠢᠯᠡ ᠪᠣᠯᠭᠠᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ | ᠵᠢᠷᠭᠤᠳᠤᠭᠠᠷ ᠪᠦᠯᠦᠭ ᠲᠥᠰᠦᠪ ᠤᠨ ᠭᠦᠢᠴᠡᠳᠬᠡᠯ ᠪᠠ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ | ᠮᠡᠳᠡᠭᠦᠯᠦᠯᠲᠡ | ᠭᠤᠴᠢᠨ ᠲᠠᠪᠤᠳᠤᠭᠠᠷ ᠵᠦᠶᠢᠯ᠂ ᠲᠥᠰᠥᠪ ᠤᠨ ᠭᠦᠶᠢᠴᠡᠳᠬᠡᠯ ᠤᠨ ᠲᠥᠰᠥᠯ ᠢ ᠨᠠᠢᠷᠠᠭᠤᠯᠤᠨ | ᠵᠣᠬᠢᠶᠠᠬᠤ ᠳᠠᠭᠠᠨ ᠡᠷᠬᠡᠪᠰᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠥᠬᠦᠶ ᠲᠣᠭᠲᠠᠭᠠᠯ ᠪᠠ ᠬᠠᠤᠯᠢ ᠳᠤ | ᠲᠣᠭᠲᠠᠭᠠᠭᠰᠠᠨ ᠵᠢᠷᠤᠮ ᠳᠤ ᠨᠡᠢᠴᠡᠭᠦᠯᠵᠦ᠂ ᠲᠥᠰᠥᠪ ᠯᠦᠭᠡ ᠵᠣᠬᠢᠴᠠᠯᠳᠤᠬᠤ ᠬᠡᠷᠡᠭᠲᠡᠢ᠂ ᠡᠯ᠎ᠡ ᠲᠥᠷᠥᠯ ᠤᠨ ᠲᠤᠭ᠎ᠠ | ᠪᠠᠷᠢᠮᠲᠠ ᠶᠢ ᠵᠠᠰᠠᠭ ᠤᠨ ᠣᠷᠳᠣᠨ᠂ ᠰᠠᠯᠠᠭ᠎ᠠ ᠮᠥᠴᠢᠷ ᠤᠨ ᠨᠢᠭᠲᠠᠯᠠᠨ ᠪᠣᠳᠣᠵᠤ ᠲᠣᠭᠠᠴᠠᠭ᠎ᠠ ᠬᠢᠭᠰᠡᠨ ᠲᠤᠭ᠎ᠠ | ᠪᠠᠷᠢᠮᠲᠠ ᠪᠠᠷ ᠪᠠᠷᠢᠮᠵᠢᠶ᠎ᠠ ᠪᠣᠯᠭᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠣᠯᠬᠤ ᠦᠭᠡᠢ᠃ | ᠭᠤᠴᠢᠨ ᠵᠢᠷᠭᠤᠳᠤᠭᠠᠷ ᠵᠦᠢᠯ᠂ ᠲᠥᠰᠦᠪ᠂ ᠨᠢᠭᠲᠠᠯᠠᠨ ᠪᠤᠳᠤᠵᠤ ᠲᠣᠭᠠᠴᠠᠭ᠎ᠠ ᠬᠢᠭᠰᠡᠨ ᠲᠤᠭ᠎ᠠ ᠪᠠᠷᠢᠮᠲᠠ | ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠦᠨᠳᠦᠰᠦᠯᠡᠨ᠂ ᠬᠤᠲᠠ ᠶᠢᠨ ᠲᠣᠰ ᠱᠠᠲᠤᠨ ᠤ ᠲᠥᠰᠦᠪ ᠤᠨ | ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠱᠠᠭᠠᠷᠳᠠᠯᠭ᠎ᠠ ᠶᠣᠰᠣᠭᠠᠷ ᠠᠳᠠᠯᠢ ᠱᠠᠲᠤᠨ ᠤ ᠬᠢᠨᠠᠨ | ᠪᠤᠳᠤᠬᠤ ᠲᠣᠪᠴᠢᠶ᠎ᠠ ᠳᠤ ᠮᠡᠳᠡᠭᠦᠯᠦᠨ ᠬᠢᠨᠠᠨ ᠪᠤᠳᠤᠬᠤ ᠶᠢᠨ ᠬᠠᠮᠲᠤ ᠠᠳᠠᠯᠢ ᠱᠠᠲᠤᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠶᠠᠷᠢᠯᠴᠠᠭᠤᠯᠵᠤ᠂ ᠠᠳᠠᠯᠢ ᠱᠠᠲᠤᠨ ᠤ ᠵᠠᠰᠠᠭ ᠤᠨ ᠣᠷᠳᠣᠨ ᠠᠴᠠ | ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ | ᠳᠡᠪᠰᠢᠭᠦᠯᠦᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠨ᠎ᠡ᠃ | ᠭᠤᠴᠢᠨ ᠳᠣᠯᠣᠳᠤᠭᠠᠷ ᠵᠦᠶᠢᠯ᠂ ᠡᠯ᠎ᠡ ᠰᠠᠯᠠᠭ᠎ᠠ ᠮᠥᠴᠢᠷ ᠨᠢ ᠬᠠᠷᠢᠶ᠎ᠠ ᠨᠢᠭᠡᠴᠡ ᠶᠢᠨ ᠢᠶᠠᠨ ᠲᠥᠰᠥᠪ ᠤᠨ | ᠭᠦᠶᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠶᠢᠨ ᠬᠠᠮᠲᠤ ᠲᠤᠰ ᠰᠠᠯᠠᠭ᠎ᠠ ᠮᠥᠴᠢᠷ ᠤᠨ ᠲᠥᠰᠥᠪ ᠤᠨ | ᠭᠦᠶᠢᠴᠡᠳᠬᠡᠯ ᠤᠨ ᠲᠥᠰᠥᠯ ᠢ ᠨᠠᠢᠷᠠᠭᠤᠯᠤᠨ ᠵᠣᠬᠢᠶᠠᠬᠤ ᠳᠠᠭᠠᠨ ᠠᠳᠠᠯᠢ ᠰᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠲᠤ ᠮᠡᠳᠡᠭᠦᠯᠦᠨ ᠬᠦᠷᠭᠡᠵᠦ ᠬᠢᠨᠠᠨ ᠲᠣᠭᠲᠠᠭᠠᠯᠭᠠᠬᠤ ᠬᠡᠷᠡᠭᠲᠡᠢ ᠡᠳ᠋ ᠤᠨ ᠵᠠᠰᠠᠭ ᠤᠨ ᠰᠠᠯᠠᠭ᠎ᠠ ᠮᠥᠴᠢᠷ᠂ | ᠡᠯ᠎ᠡ ᠰᠠᠯᠠᠭ᠎ᠠ ᠮᠥᠴᠢᠷ ᠤᠳ ᠲᠣᠭᠲᠠᠭᠠᠯ ᠶᠣᠰᠣᠭᠠᠷ ᠲᠥᠰᠦᠪ ᠤᠨ ᠭᠦᠢᠴᠡᠳᠬᠡᠯ ᠢ ᠴᠣᠬᠤᠯᠠᠪᠤᠷᠢᠯᠠᠨ᠎ᠠ᠃ | ᠭᠤᠴᠢᠨ ᠨᠠᠢᠮᠠᠳᠤᠭᠠᠷ ᠵᠦᠢᠯ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠣᠨ ᠢᠶᠠᠷ ᠨᠠᠶᠢᠷᠠᠭᠤᠯᠤᠨ ᠵᠣᠬᠢᠶᠠᠵᠤ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠣᠨ ᠢᠶᠠᠷ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ ᠶᠢ | ᠨᠠᠶᠢᠷᠠᠭᠤᠯᠤᠨ ᠵᠣᠬᠢᠶᠠᠬᠤ ᠬᠡᠷᠡᠭᠲᠡᠶ᠃ | ᠳᠣᠯᠣᠳᠤᠭᠠᠷ ᠪᠦᠯᠦᠭ᠂ ᠲᠥᠰᠥᠪ ᠪᠠ ᠲᠥᠰᠥᠪ ᠤᠨ ᠭᠦᠶᠢᠴᠡᠳᠬᠡᠯ ᠳᠤ ᠬᠢᠨᠠᠯᠲᠠ ᠲᠠᠯᠪᠢᠬᠤ | ᠭᠤᠴᠢ ᠶᠢᠰᠦᠳᠦᠭᠡᠷ ᠵᠦᠢᠯ᠂ ᠬᠤᠲᠠ᠂ ᠲᠣᠭᠤᠷᠢᠭ ᠬᠤᠶᠠᠷ ᠱᠠᠲᠤᠨ ᠤ ᠵᠠᠰᠠᠭ ᠤᠨ ᠣᠷᠳᠣᠨ ᠲᠥᠰᠥᠪ ᠢ | ᠭᠦᠶᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ ᠬᠦᠯᠢᠶᠡᠵᠦ᠂ ᠠᠳᠠᠯᠢ ᠰᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠲᠥᠰᠥᠪ ᠪᠠ ᠲᠥᠰᠥᠪ ᠤᠨ | ᠭᠦᠶᠢᠴᠡᠳᠬᠡᠯ ᠳᠤ ᠬᠢᠨᠠᠯᠲᠠ ᠲᠠᠯᠪᠢᠬᠤ ᠶᠢ ᠬᠦᠯᠢᠶᠡᠨ᠎ᠡ᠃ | ᠳᠥᠴᠢᠳᠦᠭᠡᠷ ᠵᠦᠢᠯ᠂ ᠲᠣᠭᠤᠷᠢᠭ ᠬᠤᠶᠠᠷ ᠱᠠᠲᠤᠨ ᠤ ᠨᠢᠭᠲᠠᠯᠠᠨ ᠪᠠᠶᠢᠴᠠᠭᠠᠬᠤ ᠰᠠᠯᠠᠭ᠎ᠠ ᠮᠥᠴᠢᠷ ᠠᠳᠠᠯᠢ | ᠰᠠᠲᠤᠨ ᠤ ᠲᠥᠰᠥᠪ ᠢ ᠭᠦᠶᠢᠴᠡᠳᠬᠡᠭᠰᠡᠨ ᠪᠠᠶᠢᠳᠠᠯ ᠪᠠ ᠲᠥᠰᠥᠪ ᠤᠨ ᠭᠦᠶᠢᠴᠡᠳᠬᠡᠯ ᠤᠨ ᠲᠥᠰᠥᠯ ᠵᠢᠴᠢ ᠠᠳᠠᠯᠢ | ᠰᠠᠲᠤᠨ ᠤ ᠡᠯ᠎ᠡ ᠰᠠᠯᠠᠭ᠎ᠠ ᠮᠥᠴᠢᠷ ᠤᠨ ᠲᠥᠰᠥᠪ ᠢ ᠭᠦᠶᠢᠴᠡᠳᠬᠡᠭᠰᠡᠨ ᠪᠠᠶᠢᠳᠠᠯ ᠪᠠ ᠲᠥᠰᠥᠪ ᠤᠨ | ᠭᠦᠶᠢᠴᠡᠳᠬᠡᠯ ᠤᠨ ᠲᠥᠰᠥᠯ ᠢ ᠬᠠᠤᠯᠢ ᠶᠣᠰᠣᠭᠠᠷ ᠨᠢᠭᠲᠠᠯᠠᠨ ᠪᠠᠶᠢᠴᠠᠭᠠᠵᠤ ᠬᠢᠨᠠᠯᠲᠠ ᠲᠠᠯᠪᠢᠬᠤ ᠬᠡᠷᠡᠭᠲᠡᠢ᠃ | ᠳᠥᠴᠢᠨ ᠨᠢᠭᠡᠳᠦᠭᠡᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠯ᠎ᠡ ᠰᠠᠯᠠᠭ᠎ᠠ ᠮᠥᠴᠢᠷ ᠤᠨ | ᠲᠥᠰᠥᠪ ᠤᠨ ᠬᠠᠮᠢᠶᠠᠷᠤᠯᠲᠠ ᠶᠢᠨ ᠠᠵᠢᠯ ᠳᠤ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠶᠢᠨ ᠬᠢᠨᠠᠯᠲᠠ | ᠲᠠᠯᠪᠢᠬᠤ ᠬᠡᠷᠡᠭᠲᠡᠢ᠃ | ᠳᠥᠴᠢᠨ ᠬᠤᠶᠠᠳᠤᠭᠠᠷ ᠵᠦᠢᠯ᠂ ᠡᠯ᠎ᠡ ᠰᠠᠯᠠᠭ᠎ᠠ ᠮᠥᠴᠢᠷ ᠨᠢ ᠥᠪᠡᠷ ᠤᠨ ᠬᠠᠷᠢᠶᠠᠨ ᠳᠠᠬᠢ ᠡᠯ᠎ᠡ ᠨᠢᠭᠡᠴᠡ ᠶᠢᠨ | ᠲᠥᠰᠥᠪ ᠢ ᠭᠦᠶᠢᠴᠡᠳᠬᠡᠭᠰᠡᠨ ᠪᠠᠶᠢᠳᠠᠯ ᠢᠶᠠᠨ ᠬᠡᠷᠡᠭᠵᠢᠭᠦᠯᠬᠦ ᠰᠠᠯᠠᠭ᠎ᠠ ᠮᠥᠴᠢᠷ ᠲᠤ ᠬᠢᠨᠠᠯᠲᠠ ᠲᠠᠯᠪᠢᠬᠤ ᠬᠡᠷᠡᠭᠲᠡᠢ᠃ | ᠳᠥᠴᠢᠨ ᠭᠤᠷᠪᠠᠳᠤᠭᠠᠷ ᠵᠦᠢᠯ᠂ ᠤᠯᠤᠰ ᠤᠨ ᠨᠢᠭᠤᠴᠠ ᠳᠤ ᠬᠤᠯᠪᠣᠭᠳᠠᠬᠤ ᠶᠢ ᠭᠠᠷᠭᠠᠪᠠᠯ᠂ ᠬᠤᠲᠠ᠂ | ᠲᠣᠭᠤᠷᠢᠭ ᠬᠤᠶᠠᠷ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ᠂ ᠡᠯ᠎ᠡ ᠰᠠᠯᠠᠭ᠎ᠠ ᠮᠥᠴᠢᠷ ᠤᠨ ᠲᠥᠰᠦᠪ | ᠪᠠ ᠲᠥᠰᠦᠪ ᠤᠨ ᠭᠦᠢᠴᠡᠳᠬᠡᠯ ᠢ ᠬᠠᠤᠯᠢ ᠶᠣᠰᠣᠭᠠᠷ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ | ᠬᠡᠷᠡᠭᠲᠡᠶ᠃ | ᠳᠥᠴᠢᠨ ᠳᠥᠷᠪᠡᠳᠦᠭᠡᠷ ᠵᠦᠢᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠬᠢᠭᠡᠳ ᠲᠡᠭᠦᠨ ᠤ | ᠠᠵᠢᠯᠲᠠᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠥᠰᠦᠪ ᠤᠨ ᠬᠠᠤᠯᠢ︾ ᠵᠢᠴᠢ ᠬᠡᠷᠡᠭᠵᠢᠭᠦᠯᠬᠦ ᠳᠦᠷᠢᠮ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠯᠪᠠᠨ ᠲᠤᠰᠢᠶᠠᠯᠲᠠᠨ ᠤ ᠵᠠᠰᠠᠭ ᠤᠨ ᠶᠠᠪᠤᠳᠠᠯ ᠢ ᠰᠢᠢᠳᠪᠦᠷᠢᠯᠡᠬᠦ ᠬᠠᠤᠯᠢ︾᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠢᠭᠲᠠᠯᠠᠨ ᠪᠣᠳᠣᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠂ ︽ᠡᠳ᠋ ᠤᠨ ᠵᠠᠰᠠᠭ ᠤᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠵᠤ ᠰᠢᠳᠭᠡᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠤᠨ ᠶᠣᠰᠣᠭᠠᠷ ᠰᠢᠢᠳᠪᠦᠷᠢᠯᠡᠨ᠎ᠡ᠃ | ᠨᠠᠢᠮᠠᠳᠤᠭᠠᠷ ᠪᠦᠯᠦᠭ᠂ ᠳᠠᠭᠠᠯᠳᠤᠭᠤᠯᠤᠯ ᠳᠦᠷᠢᠮ | ᠳᠥᠴᠢᠨ ᠲᠠᠪᠤᠳᠤᠭᠠᠷ ᠵᠦᠢᠯ᠂ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ |