ᠠᠵᠢᠯ ᠤᠨ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠤᠬᠠᠶ ᠪᠠᠶᠢᠯᠳᠤᠬᠤ ᠪᠤᠳᠤᠯᠭ᠎ᠠ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ | ᠬᠡᠷᠡᠭᠵᠢᠭᠦᠯᠵᠦ᠂ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠳᠤᠮᠳᠠ | ᠤᠷᠳᠤ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠶᠢᠨ ᠬᠠᠮᠲᠤ ᠬᠤᠲᠠ ᠶᠢᠨ ᠳᠤᠲᠤᠭᠠᠳᠤ ᠭᠠᠳᠠᠭᠠᠳᠤ ᠶᠢᠨ ᠠᠵᠤ ᠠᠬᠤᠢ ᠶᠢᠨ ᠬᠠᠨᠳᠤᠰᠢ | ᠪᠠᠶᠢᠳᠠᠯ ᠶᠢ ᠰᠤᠳᠤᠯᠤᠨ ᠵᠠᠳᠠᠯᠵᠤ᠂ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢ | ᠠᠬᠢᠭᠤᠯᠬᠤ᠂ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠪᠠ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ | ᠬᠠᠷᠠᠯᠲᠠ ᠵᠢᠴᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃ ᠡᠯ᠎ᠡ | ᠵᠦᠢᠯ ᠤᠨ ᠠᠵᠤ ᠠᠬᠤᠶ ᠶᠢᠨ ᠠᠷᠭ᠎ᠠ ᠬᠡᠮᠵᠢᠶ᠎ᠡ ᠪᠠ ᠲᠦᠷᠦ ᠶᠢᠨ ᠪᠤᠳᠤᠯᠭ᠎ᠠ ᠶᠢᠨ ᠲᠤᠬᠠᠶ ᠰᠠᠨᠠᠭᠤᠯᠭ᠎ᠠ ᠶᠢ | ᠶᠡᠷᠦᠩᠬᠡᠶᠢᠯᠡᠨ ᠬᠡᠷᠡᠭᠯᠡᠬᠦ ᠶᠢ ᠳᠤᠷᠠᠳᠤᠨ᠎ᠠ᠃ ᠬᠤᠲᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠢᠯᠡᠳᠬᠡᠯ ᠲᠤᠰᠢᠶᠠᠨ᠎ᠠ᠃ | ︵ᠬᠤᠶᠠᠷ︶ ᠪᠦᠬᠦ ᠬᠤᠲᠠ ᠶᠢᠨ ᠬᠤᠷᠸ᠎ᠠ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ | ᠬᠢᠨᠠᠨ ᠬᠡᠮᠵᠢᠵᠦ᠂ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ᠂ ᠲᠥᠰᠥᠭᠡᠯᠡᠬᠦ᠂ ᠰᠡᠷᠡᠮᠵᠢᠯᠡᠭᠦᠯᠬᠦ ᠶᠢ ᠬᠠᠷᠢᠭᠤᠴᠠᠵᠤ᠂ | ᠪᠦᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ ᠢ ᠰᠤᠳᠤᠯᠤᠨ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ | ᠪᠠᠶᠢᠯᠭᠠᠵᠤ᠂ ᠠᠵᠤ ᠠᠬᠤᠶ ᠶᠢᠨ ᠠᠮᠤᠷ ᠲᠦᠪᠰᠢᠨ ᠪᠠ ᠠᠵᠤ ᠦᠢᠯᠡᠰ ᠤᠨ ᠠᠮᠤᠷ ᠲᠦᠪᠰᠢᠨ ᠵᠡᠷᠭᠡ ᠶᠢᠨ ᠴᠢᠬᠤᠯᠠ | ᠠᠰᠠᠭᠤᠳᠠᠯ ᠲᠤ ᠲᠣᠬᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠠᠵᠤ | ᠠᠬᠤᠶ ᠶᠢᠨ ᠠᠵᠢᠯᠯᠠᠭ᠎ᠠ ᠶᠢ ᠵᠤᠬᠢᠴᠠᠭᠤᠯᠵᠤ᠂ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠡ᠃ ᠴᠢᠬᠤᠯᠠ ᠡᠳ᠋ ᠪᠣᠳᠠᠰ ᠤᠨ ᠪᠠᠴᠢᠮ | ᠲᠣᠬᠢᠷᠠᠭᠤᠯᠤᠯᠲᠠ ᠪᠣᠯᠤᠨ ᠵᠠᠮ ᠲᠡᠭᠡᠭᠡᠪᠦᠷᠢ ᠶᠢᠨ ᠵᠤᠬᠢᠴᠠᠭᠤᠯᠭ᠎ᠠ ᠶᠢᠨ ᠠᠵᠢᠯ ᠢ ᠬᠠᠷᠢᠭᠤᠴᠠᠨ ᠵᠣᠬᠢᠶᠠᠨ | ᠪᠠᠶᠢᠭᠤᠯᠤᠨ᠎ᠠ᠃ | ︵ᠭᠤᠷᠪᠠ︶ ᠪᠥᠬᠦ ᠬᠤᠲᠠ ᠶᠢᠨ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠠᠯ᠎ᠠ ᠪᠠᠷ ᠬᠢ ᠠᠰᠠᠭᠤᠳᠠᠯ ᠢ | ᠬᠤᠷᠢᠶᠠᠩᠭᠤᠶᠢᠯᠠᠨ ᠵᠠᠳᠠᠯᠤᠨ᠎ᠠ᠃ ᠡᠳ᠋ ᠤᠨ ᠵᠠᠰᠠᠭ᠂ ᠮᠥᠩᠭᠦᠨ ᠭᠦᠢᠯᠭᠡᠭᠡ᠂ ᠭᠠᠵᠠᠷ ᠲᠠᠷᠢᠶᠠᠨ ᠤ ᠲᠤᠬᠠᠶ ᠲᠥᠷᠦ ᠶᠢᠨ | ᠪᠣᠳᠣᠯᠭ᠎ᠠ ᠲᠣᠭᠲᠠᠭᠠᠬᠤ ᠳᠤ ᠤᠷᠤᠯᠴᠠᠨ᠎ᠠ᠃ ᠡᠳ᠋ ᠤᠨ ᠵᠠᠰᠠᠭ᠂ ᠮᠥᠩᠭᠦᠨ ᠭᠦᠢᠯᠭᠡᠭᠡ᠂ ᠭᠠᠵᠠᠷ ᠲᠠᠷᠢᠶᠠᠨ ᠤ | ᠲᠥᠷᠦ ᠶᠢᠨ ᠪᠤᠳᠤᠯᠭ᠎ᠠ ᠶᠢᠨ ᠭᠦᠢᠴᠡᠳᠬᠡᠭᠰᠡᠨ ᠦᠷ᠎ᠡ ᠪᠦᠲᠦᠮᠵᠢ ᠶᠢ ᠵᠡᠷᠦᠩᠬᠡᠶᠢᠯᠡᠨ ᠵᠠᠳᠠᠯᠤᠨ᠎ᠠ᠃ ᠪᠥᠬᠦ ᠬᠤᠲᠠ ᠶᠢᠨ | ᠪᠦᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ | ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ | ︵ᠳᠦᠷᠪᠡ︶ ᠤᠯᠤᠰ ᠤᠨ ᠦᠨ᠎ᠡ ᠬᠠᠩᠰᠢ ᠰᠦᠢᠳᠬᠡᠯ ᠬᠤᠷᠢᠶᠠᠬᠤ ᠲᠦᠷᠦ ᠶᠢᠨ ᠪᠤᠳᠤᠯᠭ᠎ᠠ ᠶᠢ | ᠲᠤᠤᠱᠯᠠᠭᠤᠯᠤᠨ ᠨᠠᠶᠢᠳᠠᠪᠦᠷᠢᠵᠢᠭᠤᠯᠤᠨ᠎ᠠ᠃ ᠬᠤᠳᠠ ᠶᠢᠨ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠶᠢ | ᠳᠤᠷᠠᠳᠤᠨ᠎ᠠ᠃ ᠬᠤᠳᠠ ᠶᠢᠨ ᠬᠠᠮᠢᠶᠠᠷᠤᠯᠲᠠ ᠶᠢᠨ ᠲᠠᠸᠠᠷ ᠤᠨ ᠦᠢᠯᠡᠴᠢᠯᠡᠭᠡ ᠪᠠ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠲᠣᠭᠲᠠᠭᠠᠬᠤ ᠪᠠ ᠲᠣᠬᠢᠷᠠᠭᠤᠯᠤᠯᠲᠠ ᠬᠢᠨ᠎ᠡ᠃ ᠦᠨ᠎ᠡ ᠬᠠᠩᠰᠢ ᠶᠢᠨ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠪᠥᠬᠦ | ᠬᠤᠲᠠ ᠶᠢᠨ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠠ ᠦᠨ᠎ᠡ ᠬᠠᠩᠰᠢ ᠶᠢ ᠭᠠᠭᠴᠠᠭᠠᠷ | ᠡᠵᠡᠷᠬᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠲᠠᠪᠤ︶ ᠪᠥᠬᠦ ᠬᠤᠲᠠ ᠶᠢᠨ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠢᠯᠤᠭᠤᠳᠤᠨ | ᠠᠬᠢᠭᠤᠯᠬᠤ ᠪᠠ ᠶᠡᠷᠦᠩᠬᠡᠶᠢᠯᠡᠨ ᠵᠤᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠶ ᠶᠢᠨ | ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠴᠢᠬᠤᠯᠠ ᠶᠡᠭᠡ ᠠᠰᠠᠭᠤᠳᠠᠯ ᠢ | ᠰᠤᠳᠤᠯᠤᠨ᠎ᠠ᠃ ᠶᠡᠷᠦᠩᠬᠡᠶᠢᠯᠡᠭᠰᠡᠨ ᠴᠢᠨᠠᠷᠲᠠᠶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ | ᠵᠣᠬᠢᠶᠠᠨ ᠪᠠᠶᠢᠭᠤᠯᠤᠨ ᠲᠣᠭᠤᠷᠪᠢᠵᠤ᠂ ᠬᠤᠯᠪᠣᠭᠳᠠᠯ ᠪᠦᠬᠦᠢ ᠲᠤᠰᠬᠠᠶ ᠠᠵᠤ ᠠᠬᠤᠶ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠲᠥᠰᠦᠯ ᠢ ᠳᠤᠬᠢᠷᠠᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠲᠤᠰᠬᠠᠶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠭᠤᠷᠣᠨᠳᠣᠬᠢ ᠬᠤᠯᠪᠤᠯᠲᠠ ᠶᠢ ᠰᠠᠶᠢᠨ ᠬᠢᠨ᠎ᠡ᠃ | ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠪᠠ ᠥᠭᠡᠷᠡᠴᠢᠯᠡᠯᠲᠡ ᠶᠢᠨ | ᠲᠤᠷᠰᠢᠯᠲᠠ ᠶᠢᠨ ᠣᠷᠣᠨ ᠤ ᠠᠵᠢᠯ ᠢ ᠵᠢᠯᠤᠭᠤᠳᠤᠨ᠎ᠠ᠃ | ︵ᠵᠢᠷᠭᠤᠭ᠎ᠠ︶ ᠪᠥᠬᠦ ᠬᠤᠲᠠ ᠶᠢᠨ ᠴᠢᠬᠤᠯᠠ ᠶᠡᠭᠡ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ | ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ ᠲᠥᠯᠥᠪᠯᠡᠬᠦ ᠬᠠᠷᠢᠴᠠᠭᠤᠯᠭ᠎ᠠ ᠶᠢ ᠡᠭᠦᠷᠭᠡᠯᠡᠨ᠎ᠡ᠃ ᠪᠦᠬᠦ | ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠪᠠ ᠪᠡᠯᠡ | ᠣᠷᠣᠭᠤᠯᠤᠯᠲᠠ ᠶᠢᠨ ᠪᠦᠲᠦᠴᠡ ᠶᠢ ᠲᠣᠬᠢᠷᠠᠭᠤᠯᠤᠨ ᠡᠵᠡᠮᠳᠡᠬᠦ ᠬᠠᠷᠠᠯᠲᠠ᠂ ᠲᠥᠷᠦ ᠶᠢᠨ ᠪᠤᠳᠤᠯᠭ᠎ᠠ ᠪᠤᠯᠤᠨ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠴᠢᠬᠤᠯᠠ ᠶᠡᠭᠡ | ᠪᠦᠳᠦᠭᠡᠨ ᠪᠠᠶᠢᠭᠤᠯᠤᠯᠲᠠ ᠶᠢᠨ ᠵᠦᠢᠯᠡᠰ ᠲᠤ ᠬᠤᠯᠪᠣᠭᠳᠠᠭᠰᠠᠨ ᠲᠤᠰᠬᠠᠶ ᠵᠦᠢᠯ ᠤᠨ ᠲᠥᠯᠥᠪᠵᠢᠭᠦᠯᠭᠡ ᠶᠢ | ᠵᠣᠬᠢᠴᠠᠭᠤᠯᠤᠨ᠎ᠠ᠃ ᠤᠯᠤᠰ ᠥᠪᠡᠷᠲᠡᠭᠡᠨ ᠵᠠᠰᠠᠬᠤ ᠣᠷᠣᠨ ᠠᠴᠠ ᠬᠠᠷᠭᠤᠭᠤᠯᠵᠤ ᠬᠢᠨᠠᠨ ᠵᠥᠪᠰᠢᠶᠡᠷᠡᠭᠰᠡᠨ ᠴᠢᠬᠤᠯᠠ | ᠶᠡᠭᠡ ᠪᠦᠳᠤᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠬᠠᠷᠭᠤᠭᠤᠯᠬᠤ ᠶᠢᠨ ᠬᠠᠮᠲᠤ ᠳᠡᠭᠡᠭᠰᠢ ᠮᠡᠳᠡᠭᠦᠯᠦᠨ᠎ᠡ᠃ | ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠲᠠ ᠶᠢᠨ ᠡᠳ᠋ ᠤᠨ ᠵᠠᠰᠠᠭ ᠤᠨ ᠴᠢᠨᠠᠷᠲᠠᠶ ᠪᠦᠲᠦᠭᠡᠨ | ᠪᠠᠶᠢᠭᠤᠯᠤᠯᠲᠠ ᠶᠢᠨ ᠪᠡᠯᠡ ᠮᠥᠡᠭᠭᠦ ᠶᠢ ᠳᠤᠬᠢᠷᠠᠭᠤᠯᠤᠨ᠎ᠠ᠃ ᠲᠣᠭᠲᠠᠭᠠᠯ ᠶᠣᠰᠣᠭᠠᠷ ᠡᠷᠬᠡ ᠮᠡᠳᠡᠯ ᠤᠨ ᠢᠶᠠᠨ | ᠬᠡᠪᠴᠢᠶᠡᠨ ᠳᠤ ᠴᠢᠬᠤᠯᠠ ᠶᠡᠭᠡ ᠪᠦᠳᠦᠭᠡᠨ ᠪᠠᠶᠢᠭᠤᠯᠤᠯᠲᠠ ᠶᠢᠨ ᠵᠦᠢᠯᠡᠰ᠂ ᠭᠠᠳᠠᠭᠠᠳᠤ ᠲᠠᠢ ᠬᠤᠯᠪᠣᠭᠳᠠᠬᠤ ᠬᠦᠨᠳᠦ | ᠶᠡᠭᠡ ᠲᠦᠷᠦᠯ ᠵᠦᠢᠯ ᠪᠠ ᠶᠡᠭᠡ ᠲᠣᠭᠠᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ | ᠬᠢᠨᠠᠨ ᠮᠠᠭᠠᠳᠯᠠᠬᠤ᠂ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ ᠪᠠ ᠳᠠᠩᠰᠠᠯᠠᠨ᠎ᠠ᠃ ᠪᠦᠬᠦ ᠬᠤᠲᠠ ᠶᠢᠨ ᠭᠠᠳᠠᠭᠠᠳᠤ | ᠵᠢᠭᠡᠯᠡᠯᠭᠡ ᠶᠢᠨ ᠪᠦᠳᠦᠭᠡᠠ ᠪᠠᠶᠢᠭᠤᠯᠬᠤ ᠪᠡᠯᠠ ᠮᠥᠩᠭᠦ ᠶᠢᠨ ᠠᠰᠢᠭᠯᠠᠯᠲᠠ ᠶᠢ ᠵᠢᠭᠠᠨ ᠵᠢᠯᠤᠭᠤᠳᠬᠤ ᠪᠠ ᠬᠢᠨᠠᠯᠲᠠ | ᠲᠠᠯᠪᠢᠨ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠴᠢᠭᠯᠡᠯ ᠢ ᠬᠥᠲᠥᠯᠥᠨ ᠵᠢᠯᠣᠭᠤᠳᠴᠤ᠂ ᠭᠠᠳᠠᠭᠠᠳᠤ ᠶᠢᠨ | ᠪᠡᠯᠡ ᠮᠥᠩᠭᠦ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠲᠥᠯᠥᠪᠵᠢᠭᠦᠯᠭᠡ᠂ ᠶᠡᠷᠦᠩᠬᠡᠶ | ᠬᠡᠮᠵᠢᠶᠡᠨ ᠤ ᠲᠡᠩᠴᠡᠭᠦᠷᠢ ᠪᠠ ᠪᠦᠲᠦᠴᠡ ᠶᠢᠨ ᠰᠢᠯᠢᠳᠡᠭᠵᠢᠯ ᠤᠨ ᠬᠠᠷᠠᠯᠲᠠ ᠵᠢᠴᠢ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠰᠤᠳᠤᠯᠤᠨ ᠲᠤᠷᠠᠳᠤᠨ᠎ᠠ᠃ ᠪᠦᠬᠦ ᠬᠤᠲᠠ ᠶᠢᠨ ᠢᠨᠵᠧᠨᠧᠷᠢᠩ ᠤᠨ ᠯᠠᠪᠯᠠᠯᠭᠠᠨ ᠤ ᠦᠢᠯᠡᠰ ᠢ | ᠬᠥᠭᠵᠢᠭᠦᠯᠬᠦ ᠪᠠ ᠪᠦᠲᠦᠭᠡᠨ ᠪᠠᠶᠢᠭᠤᠯᠤᠯᠲᠠ ᠶᠢᠨ ᠵᠦᠢᠯ ᠢ ᠵᠥᠪᠳᠡᠬᠦ ᠬᠢᠨᠠᠨ ᠲᠣᠭᠲᠠᠭᠠᠬᠤ ᠠᠵᠢᠯ ᠢ ᠵᠢᠯᠤᠭᠤᠳᠤᠨ᠎ᠠ᠃ | ᠪᠥᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠲᠠᠬᠢ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ | ᠠᠵᠢᠯ ᠢ ᠵᠢᠯᠣᠭᠤᠳᠴᠤ ᠵᠣᠬᠢᠴᠠᠭᠤᠯᠤᠨ᠎ᠠ᠃ | ︵ᠲᠤᠯᠤᠭ᠎ᠠ︶ ᠪᠥᠬᠦ ᠬᠤᠲᠠ ᠶᠢᠨ ᠠᠵᠤ ᠠᠬᠤᠶ ᠶᠢᠨ ᠪᠦᠲᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ | ᠲᠤᠬᠢᠷᠠᠭᠤᠯᠤᠯᠳᠡ ᠶᠢ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠤᠳᠤᠯᠭ᠎ᠠ ᠶᠢ | ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ | ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠵᠤ᠂ ᠬᠤᠯᠪᠣᠭᠳᠠᠯ ᠪᠦᠬᠦᠢ ᠬᠥᠭᠵᠢᠯᠲᠡ ᠶᠢᠨ | ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠡᠩᠴᠡᠭᠦᠷᠢᠰᠢᠭᠦᠯᠦᠨ᠂ ᠪᠦᠬᠦ ᠬᠤᠳᠡ ᠶᠢᠨ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ | ᠵᠣᠯᠭᠠᠯᠳᠤᠭᠤᠯᠵᠤ ᠲᠡᠩᠴᠡᠭᠦᠷᠢᠰᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ | ᠣᠷᠣᠨ ᠤ ᠠᠵᠤ ᠠᠬᠤᠶ᠂ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ᠎ᠠ᠃ ᠪᠦᠬᠦ | ᠬᠤᠳᠠ ᠶᠢᠨ ᠦᠢᠯᠡᠴᠢᠯᠡᠭᠡᠨ ᠤ ᠦᠢᠯᠡᠰ᠂ ᠤᠳᠤ ᠦᠶ᠎ᠡ ᠶᠢᠨ ᠪᠤᠳᠠᠰ ᠤᠨ ᠭᠦᠢᠯᠭᠡᠭᠡᠨ ᠤ ᠦᠢᠯᠡᠰ ᠤᠨ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢ ᠲᠤᠭᠤᠷᠪᠢᠨ ᠳᠤᠭᠲᠠᠭᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ ᠪᠥᠬᠦ ᠬᠤᠲᠠ ᠶᠢᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ᠂ ᠠᠵᠤ ᠦᠢᠯᠡᠰ ᠤᠨ | ᠲᠧᠭᠨᠢᠭ ᠮᠡᠷᠭᠡᠵᠢᠯ ᠤᠨ ᠲᠠᠪᠰᠢᠯᠳᠠ᠂ ᠠᠵᠤ ᠦᠢᠯᠡᠰ ᠤᠨ ᠲᠡᠰ ᠢ ᠳᠡᠪᠰᠢᠭᠦᠯᠬᠦ ᠲᠥᠯᠥᠪᠵᠢᠭᠦᠯᠭᠡ ᠪᠠ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠳᠤᠭᠲᠠᠭᠠᠵᠤ᠂ ᠴᠢᠬᠤᠯᠠ ᠶᠡᠭᠡ ᠲᠧᠭᠨᠢᠭ ᠮᠡᠷᠭᠡᠵᠢᠯ ᠤᠨ ᠲᠣᠨᠣᠭᠯᠠᠯ ᠢ | ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠠᠰᠠᠭᠤᠳᠠᠯ ᠢ ᠵᠣᠬᠢᠴᠠᠭᠤᠯᠤᠨ᠎ᠠ᠃ | ︵ᠨᠠᠶᠢᠮᠠ︶ ᠪᠦᠬᠦ ᠬᠤᠲᠠ ᠶᠢᠨ ᠭᠤᠣᠯ ᠴᠣᠭᠴᠠ ᠶᠢᠨ ᠴᠢᠳᠠᠮᠵᠢᠳᠤ ᠣᠷᠣᠨ ᠤ ᠲᠥᠯᠥᠪᠵᠢᠭᠦᠯᠭᠡ ᠶᠢ | ᠨᠠᠶᠢᠷᠠᠭᠤᠯᠤᠨ ᠵᠤᠬᠢᠶᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠬᠦ ᠪᠠ ᠬᠢᠨᠠᠨ ᠬᠡᠮᠵᠢᠵᠦ ᠦᠨᠡᠯᠡᠨ ᠵᠢᠱᠢᠬᠦ | ᠬᠠᠷᠢᠭᠤᠴᠠᠯᠭ᠎ᠠ ᠶᠢ ᠡᠭᠦᠷᠭᠡᠯᠡᠨ᠎ᠡ᠃ ᠪᠦᠬᠦ ᠬᠤᠲᠠ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠪᠠ | ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠪᠠ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠤᠳᠤᠯᠭ᠎ᠠ ᠶᠢᠨ ᠲᠤᠬᠠᠶ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠪᠥᠬᠦ | ᠬᠤᠲᠠ ᠶᠢᠨ ᠭᠠᠳᠠᠭᠠᠳᠤ ᠲᠠᠢ ᠴᠢᠯᠦᠭᠡ ᠲᠠᠢ ᠶᠠᠪᠤᠯᠴᠠᠬᠤ ᠠᠵᠢᠯ ᠢ ᠡᠭᠦᠷᠭᠡᠯᠡᠨ᠂ ᠪᠦᠬᠦ ᠬᠤᠲᠠ ᠶᠢᠨ ᠨᠡᠭᠡᠭᠡᠨ | ᠬᠥᠭᠵᠢᠭᠦᠯᠬᠦ ᠣᠷᠣᠨ ᠤ ᠲᠥᠯᠥᠪᠵᠢᠭᠦᠯᠭᠡ ᠪᠠ ᠬᠥᠭᠵᠢᠯᠲᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ | ︵ᠶᠢᠰᠦ︶ ᠪᠦᠬᠦ ᠬᠤᠲᠠ ᠶᠢᠨ ᠴᠢᠬᠤᠯᠠ ᠲᠠᠸᠠᠷ ᠤᠨ ᠶᠡᠷᠦᠩᠬᠡᠶ ᠬᠡᠮᠵᠢᠶᠡᠨ ᠤ ᠲᠡᠩᠴᠡᠭᠦᠷᠢᠲᠡᠶ ᠪᠠᠶᠢᠳᠠᠯ ᠪᠠ | ᠬᠤᠷᠸ᠎ᠠ ᠳᠤᠬᠢᠷᠠᠭᠤᠯᠭ᠎ᠠ ᠡᠵᠡᠮᠰᠢᠯ ᠤᠨ ᠬᠠᠷᠢᠭᠤᠴᠠᠯᠭ᠎ᠠ ᠶᠢ ᠡᠭᠦᠷᠭᠡᠯᠡᠨ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ᠂ | ᠠᠵᠤ ᠦᠢᠯᠡᠳᠪᠦᠷᠢ ᠶᠢᠨ ᠪᠦᠲᠦᠭᠡᠭᠳᠡᠬᠦᠨ ᠪᠠ ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠶᠡᠷᠦᠩᠬᠡᠶ ᠬᠡᠮᠵᠢᠶᠡᠨ ᠤ ᠲᠥᠯᠥᠪᠯᠡᠭᠡ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ | ᠬᠡᠷᠡᠭᠵᠢᠭᠦᠯᠦᠨ᠎ᠡ᠃ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠪᠥᠬᠦ ᠬᠡᠮᠵᠢᠶ᠎ᠡ ᠶᠢᠨ ᠲᠥᠯᠦᠪᠯᠡᠭᠡ ᠳᠤ ᠳᠤᠬᠢᠷᠠᠭᠤᠯᠤᠯᠲᠠ ᠬᠢᠵᠤ᠂ ᠡᠳ᠋ ᠪᠣᠳᠠᠰ ᠢ | ᠨᠥᠭᠡᠴᠡᠯᠡᠬᠦ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠲᠤᠭᠤᠷᠪᠢᠨ ᠳᠤᠭᠲᠠᠭᠠᠵᠤ᠂ ᠪᠥᠬᠦ ᠬᠤᠲᠠ ᠶᠢᠨ | ᠪᠠᠶᠢᠯᠳᠤᠬᠤ ᠪᠤᠳᠤᠯᠭ᠎ᠠ ᠶᠢᠨ ᠡᠳ᠋ ᠪᠣᠳᠠᠰ ᠤᠨ ᠬᠤᠳᠠᠯᠳᠤᠨ ᠠᠪᠴᠤ ᠨᠥᠭᠡᠴᠡᠯᠡᠬᠦ᠂ ᠬᠡᠷᠡᠭᠯᠡᠬᠦ᠂ ᠡᠭᠡᠯᠵᠢᠯᠡᠨ ᠰᠣᠯᠢᠬᠤ | ᠪᠠ ᠬᠠᠮᠢᠶᠠᠷᠤᠯᠲᠠ ᠶᠢ ᠵᠤᠬᠢᠶᠠᠨ ᠪᠠᠶᠢᠭᠤᠯᠵᠤ ᠬᠠᠷᠢᠭᠤᠴᠠᠨ᠎ᠠ᠃ | ︵ᠠᠷᠪᠠ︶ ᠪᠦᠬᠦ ᠬᠤᠲᠠ ᠶᠢᠨ ᠨᠡᠶᠢᠭᠡᠮ ᠤᠨ ᠬᠥᠭᠵᠢᠯᠲᠡ ᠪᠠ ᠤᠯᠤᠰ ᠠᠷᠠᠳ ᠤᠨ ᠠᠵᠤ ᠠᠬᠤᠶ ᠶᠢᠨ | ᠬᠥᠭᠵᠢᠯᠲᠡ ᠶᠢᠨ ᠲᠥᠷᠥ ᠶᠢᠨ ᠪᠤᠳᠤᠯᠭ᠎ᠠ ᠶᠢ ᠵᠣᠯᠭᠠᠭᠤᠯᠬᠤ ᠶᠢ ᠬᠠᠷᠢᠭᠤᠴᠠᠨ᠂ ᠨᠡᠶᠢᠭᠡᠮ ᠤᠨ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠨ᠎ᠠ᠃ ᠪᠥᠬᠦ | ᠬᠤᠲᠠ ᠶᠢᠨ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ | ᠳᠤᠭᠲᠠᠭᠠᠬᠤ ᠳᠤ ᠣᠷᠣᠯᠴᠠᠨ᠎ᠠ᠃ ᠪᠦᠬᠦ ᠬᠤᠲᠠ ᠶᠢᠨ ᠠᠵᠢᠯ ᠤᠯᠬᠤ ᠶᠢ ᠠᠬᠢᠭᠤᠯᠬᠤ᠂ ᠣᠷᠣᠯᠭ᠎ᠠ ᠶᠢᠨ | ᠬᠤᠪᠢᠶᠠᠷᠢᠯᠠᠯᠲᠠ ᠶᠢ ᠳᠤᠬᠢᠷᠠᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠶ ᠶᠢᠨ ᠵᠣᠬᠢᠴᠠᠩᠭᠤᠶ | ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠰᠠᠨᠠᠭᠤᠯᠭ᠎ᠠ ᠶᠢ ᠲᠡᠭᠦᠯᠳᠡᠷᠵᠢᠭᠦᠯᠬᠦ᠂ ᠨᠡᠶᠢᠭᠡᠮ ᠤᠨ ᠦᠢᠯᠡᠰ ᠤᠨ | ᠬᠥᠭᠵᠢᠯᠲᠡ ᠶᠢ ᠵᠣᠬᠢᠴᠠᠭᠤᠯᠬᠤ ᠪᠠ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ | ᠳᠤᠷᠠᠳᠤᠨ᠎ᠠ᠃ | ︵ᠠᠷᠪᠠᠨ ᠨᠢᠭᠡ︶ ᠪᠥᠬᠦ ᠬᠤᠲᠠ ᠶᠢᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠪᠦᠬᠦ ᠬᠤᠳᠠ ᠶᠢᠨ | ᠣᠷᠴᠢᠯ ᠠᠵᠤ ᠠᠬᠤᠶ ᠶᠢ ᠬᠥᠭᠵᠢᠭᠦᠯᠵᠦ᠂ ᠪᠦᠬᠦ ᠨᠡᠶᠢᠭᠡᠮ ᠤᠨ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ ᠪᠠ | ᠶᠡᠷᠦᠩᠬᠡᠶᠢᠯᠡᠨ ᠠᠰᠢᠭᠯᠠᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ | ᠳᠤᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠠᠮᠢ ᠠᠬᠤᠶ ᠶᠢᠨ ᠪᠦᠲᠦᠭᠡᠨ | ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ᠂ ᠡᠨᠧᠷᠭᠢ ᠶᠢᠨ ᠡᠬᠢ ᠪᠠᠶᠠᠯᠢᠭ ᠢ | ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠴᠢᠬᠤᠯᠠ ᠶᠡᠭᠡ ᠠᠰᠠᠭᠤᠳᠠᠯ ᠳᠤ ᠤᠷᠤᠯᠴᠠᠨ᠂ ᠪᠥᠬᠦ ᠬᠤᠲᠠ ᠶᠢᠨ | ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ | ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ᠎ᠠ᠃ | ︵ᠠᠷᠪᠠᠨ ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠲᠠ ᠶᠢᠨ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠲᠤᠬᠠᠶ ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠪᠠ ᠲᠦᠷᠦ ᠶᠢᠨ | ᠪᠤᠳᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠳᠠ ᠶᠢᠨ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠬᠤ ᠲᠤᠬᠠᠶ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠲᠤᠭᠤᠷᠪᠢᠨ | ᠲᠣᠭᠲᠠᠭᠠᠨ᠎ᠠ᠃ | ︵ᠠᠷᠪᠠᠨ ᠭᠤᠷᠪᠠ︶ ᠪᠦ᠋ᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ᠂ | ᠠᠵᠤ ᠠᠬᠤᠶ ᠶᠢᠨ ᠪᠠᠶᠢᠭᠤᠯᠤᠮᠵᠢ ᠢ ᠥᠭᠡᠷᠡᠴᠢᠯᠡᠬᠦ ᠪᠠ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠲᠤᠬᠠᠶ | ᠬᠤᠯᠪᠣᠭᠳᠠᠯ ᠪᠦᠬᠦᠢ ᠲᠣᠭᠲᠠᠭᠠᠯ ᠲᠦᠷᠢᠮ ᠤᠨ ᠲᠥᠰᠦᠯ ᠵᠢᠴᠢ ᠪᠤᠰᠤᠳ ᠳᠦᠷᠢᠮᠵᠢᠭᠰᠡᠨ ᠪᠢᠴᠢᠭ ᠮᠠᠲ᠋ᠧᠷᠢᠶᠠᠯ ᠢ | ᠲᠤᠭᠤᠷᠪᠢᠨ ᠪᠢᠴᠢᠨ᠎ᠡ᠃ ᠳᠤᠭᠲᠠᠭᠠᠯ ᠶᠣᠰᠣᠭᠠᠷ ᠪᠥᠬᠦ ᠬᠤᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠠᠵᠢᠯ ᠢ ᠵᠢᠯᠣᠭᠤᠳᠬᠤ ᠪᠠ ᠵᠤᠬᠢᠴᠠᠭᠤᠯᠤᠨ᠎ᠠ᠃ ᠤᠯᠤᠰ ᠤᠨ ᠤᠯᠤᠰ ᠠᠷᠠᠳ ᠤᠨ ᠠᠵᠤ ᠠᠬᠤᠶ ᠶᠢᠨ | ᠳᠠᠶᠢᠴᠢᠯᠠᠯᠲᠠ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠲᠠᠭᠠᠵᠤ᠂ ᠲᠥᠯᠥᠪᠵᠢᠭᠦᠯᠭᠡ ᠲᠥᠯᠥᠪᠯᠡᠭᠡ ᠶᠢᠨ ᠠᠷᠭ᠎ᠠ | ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ ᠲᠤᠤᠱᠠᠯᠠᠭᠤᠯᠵᠤ᠂ ᠪᠥᠬᠦ ᠬᠤᠲᠠ ᠶᠢᠨ ᠤᠯᠤᠰ ᠠᠷᠠᠳ ᠤᠨ | ᠠᠵᠤ ᠠᠬᠤᠶ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠳᠥᠷᠪᠡ︶ ᠴᠢᠬᠤᠯᠠ ᠶᠡᠭᠡ ᠪᠥᠳᠥᠭᠡᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠬᠤ ᠵᠦᠢᠯᠡᠰ ᠢ | ᠴᠠᠭᠳᠠᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠤᠯᠪᠣᠭᠳᠠᠯ ᠪᠦᠬᠦᠢ ᠠᠵᠢᠯ ᠲᠦᠷᠦᠯ ᠪᠠ ᠤᠯᠤᠰ ᠪᠣᠯᠤᠨ | ᠥᠪᠡᠷᠲᠡᠭᠡᠨ ᠵᠠᠰᠠᠬᠤ ᠣᠷᠣᠨ ᠪᠡᠯᠡ ᠣᠷᠣᠭᠤᠯᠤᠯᠲᠠ ᠶᠢᠨ ᠲᠦᠷᠦ ᠶᠢᠨ ᠪᠤᠳᠤᠯᠭ᠎ᠠ ᠪᠠ ᠲᠣᠭᠲᠠᠭᠠᠯ ᠢ ᠭᠠᠵᠠᠷ | ᠤᠷᠤᠨ ᠠᠴᠠ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠠᠭᠠᠨ ᠪᠠᠶᠢᠴᠠᠭᠠᠨ᠎ᠠ᠃ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠪᠠ ᠪᠦᠭᠦ ᠬᠤᠲᠠ ᠶᠢᠨ ᠡᠳ᠋ ᠤᠨ ᠵᠠᠰᠠᠭ ᠤᠨ ᠴᠢᠨᠠᠷᠲᠠᠶ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢ ᠳᠤᠬᠢᠷᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ | ᠬᠢᠨᠠᠨ ᠪᠠᠶᠢᠴᠠᠭᠠᠯᠲᠠ ᠬᠢᠨ᠎ᠡ᠃ | ︵ᠠᠷᠪᠠᠨ ᠲᠠᠪᠤ︶ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠪᠠ | ᠥᠭᠡᠷᠡᠴᠢᠯᠡᠯᠲᠡ ᠶᠢᠨ ᠵᠥᠪᠯᠡᠯ ᠠᠴᠠ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠭᠦᠢᠴᠡᠳᠬᠡᠨ᠎ᠡ᠃ |