ᠡᠮᠡᠭᠳᠠᠶᠢᠴᠦᠳ ᠤᠨ ᠡᠷᠭᠡ ᠠᠰᠢᠭ ᠢ ᠪᠠᠳᠤᠯᠠᠬᠤ ᠬᠠᠤᠯᠢ ︵ᠨᠢᠭᠡ︶
ᠨᠡᠶᠢᠲᠡᠯᠡᠭᠰᠡᠨ ᠴᠠᠭ᠄
2024/5/6
     ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠳᠠᠶᠢᠴᠦᠳ ᠤᠨ ᠡᠷᠭᠡ ᠠᠰᠢᠭ ᠢ ᠪᠠᠳᠤᠯᠠᠬᠤ ᠬᠠᠤᠯᠢ ︵1992 ᠣᠨ ᠤ 4 ᠰᠠᠷ᠎ᠠ ᠶᠢᠨ 3 ᠤ ᠡᠳᠦᠷ ᠤᠨ ᠲᠤᠯᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ ᠪᠠᠳᠤᠯᠠᠵᠦ᠂ 2005 ᠤᠨ ᠤ 8 ᠰᠠᠷ᠎ᠡ ᠶᠢᠨ 28 ᠤ ᠡᠳᠦᠷ ᠠᠷᠪᠠᠳᠣᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠲᠤᠯᠤᠳᠤᠭᠠᠷ ᠬᠤᠷᠠᠯᠳᠤᠭᠠᠨ ᠤ ︽︿ᠪᠦᠭᠦᠲᠡ ᠨᠠᠶᠢᠷᠠᠮᠳᠠᠬᠤ ᠳᠤᠮᠳᠠᠳᠤ ᠤᠯᠤᠰ ᠤᠨ ᠡᠮᠡᠭᠳᠠᠶᠢᠴᠦᠳ ᠤᠨ ᠡᠷᠭᠡ ᠠᠰᠢᠭ ᠢ ᠪᠠᠳᠤᠯᠠᠬᠤ ᠬᠠᠤᠯᠢ﹀ ᠳᠤ ᠵᠠᠰᠠᠪᠤᠷᠢ ᠤᠷᠤᠭᠤᠯᠬᠤ ᠲᠤᠬᠠᠢ ᠲᠤᠭᠳᠠᠭᠠᠯ︾ ᠢ ᠦᠨᠳᠦᠰᠦᠯᠡᠵᠦ ᠵᠠᠰᠠᠪᠠ︶      ᠨᠢᠭᠡᠳᠦᠭᠡᠷ ᠪᠦᠯᠦᠭ᠂ ᠶᠠᠷᠦᠩᠭᠡᠢ ᠲᠦᠷᠢᠮ      ᠨᠢᠭᠡᠳᠦᠭᠡᠷ ᠵᠦᠢᠯ᠂ ᠡᠮᠡᠭᠳᠠᠶᠢᠴᠦᠳ ᠤᠨ ᠬᠠᠤᠯᠢ ᠶᠤᠰᠤᠨ ᠤ ᠡᠷᠭᠡ ᠠᠰᠢᠭ ᠢ ᠪᠠᠳᠤᠯᠠᠵᠦ᠂ ᠡᠷᠡᠭᠲᠠᠢ ᠡᠮᠡᠭᠲᠠᠢ ᠡᠷᠭᠡ ᠲᠡᠭᠰᠢ ᠪᠠᠶᠢᠬᠤ ᠶᠢ ᠠᠬᠢᠭᠤᠯᠵᠦ᠂ ᠡᠮᠡᠭᠲᠠᠶᠢᠴᠦᠳ ᠤᠨ ᠨᠡᠶᠢᠭᠡᠮ ᠵᠢᠷᠦᠮ ᠤᠨ ᠤᠳᠤᠬᠢᠴᠢᠯᠠᠬᠤ ᠪᠦᠳᠦᠭᠡᠨ ᠪᠠᠶᠢᠭᠤᠯᠤᠯᠳᠠ ᠶᠢᠨ ᠲᠤᠮᠳᠠᠬᠢ ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠤᠯᠠᠳᠠ ᠦᠨᠳᠦᠰᠦᠨ ᠬᠠᠤᠯᠢ ᠪᠤᠯᠤᠨ ᠮᠠᠨ ᠤ ᠤᠯᠤᠰ ᠤᠨ ᠪᠤᠳᠠᠳᠦ ᠪᠠᠶᠢᠳᠠᠯ ᠢ ᠦᠨᠳᠦᠰᠦᠯᠡᠨ ᠲᠤᠰ ᠬᠠᠤᠯᠢ ᠶᠢ ᠲᠤᠭᠳᠠᠭᠠᠪᠠ᠃      ᠬᠤᠶᠠᠳᠤᠭᠠᠷ ᠵᠦᠢᠯ᠂ ᠡᠮᠡᠭᠲᠠᠶᠢᠴᠦᠳ ᠤᠯᠤᠰ ᠲᠦᠷᠦ᠂ ᠠᠵᠦ ᠠᠬᠤᠢ᠂ ᠰᠤᠶᠤᠯ᠂ ᠨᠡᠶᠢᠭᠡᠮ ᠪᠤᠯᠤᠨ ᠭᠡᠷ ᠪᠦᠯᠢ ᠶᠢᠨ ᠠᠮᠢᠳᠤᠷᠠᠯ ᠵᠡᠷᠭᠡ ᠡᠯ᠎ᠡ ᠲᠠᠯ᠎ᠠ ᠪᠠᠷ ᠡᠷᠡᠭᠲᠠᠶᠢᠴᠦᠳ ᠲᠠᠢ ᠠᠳᠠᠯᠢ ᠲᠡᠭᠰᠢ ᠡᠷᠭᠡ ᠶᠢ ᠡᠳ᠋ᠯᠡᠨ᠎ᠡ᠃ ᠡᠷᠡᠭᠲᠠᠢ ᠡᠮᠡᠭᠲᠠᠢ ᠡᠷᠭᠡ ᠲᠡᠭᠰᠢ ᠪᠠᠶᠢᠬᠤ ᠪᠤᠯ ᠤᠯᠤᠰ ᠤᠨ ᠦᠨᠳᠦᠰᠦᠨ ᠪᠤᠳᠤᠯᠭ᠎ᠠ ᠮᠦᠨ᠃ ᠤᠯᠤᠰ ᠠᠴᠠ ᠴᠢᠬᠤᠯᠠ ᠪᠦᠬᠦᠢ ᠠᠷᠭ᠎ᠠ ᠭᠡᠮᠵᠢᠶ᠎ᠡ ᠠᠪᠴᠦ ᠪᠠᠶᠢᠭᠠᠳ ᠡᠮᠡᠭᠲᠠᠶᠢᠴᠦᠳ ᠤᠨ ᠡᠷᠭᠡ ᠠᠰᠢᠭ ᠢ ᠪᠠᠳᠤᠯᠠᠬᠤ ᠡᠯ᠎ᠡ ᠵᠦᠢᠯ ᠤᠨ ᠲᠦᠷᠢᠮ ᠢ ᠠᠯᠬᠤᠮ ᠠᠯᠬᠤᠮ ᠢᠶᠠᠷ ᠲᠡᠬᠦᠯᠳᠡᠷᠵᠢᠬᠦᠯᠵᠦ᠂ ᠡᠮᠡᠭᠲᠠᠶᠢᠴᠦᠳ ᠲᠤ ᠬᠠᠨᠳᠤᠭᠤᠯᠤᠭᠰᠠᠨ ᠠᠯᠢᠪᠠ ᠭᠡᠯᠪᠡᠷᠢ ᠶᠢᠨ ᠭᠠᠳᠠᠭᠤᠷᠴᠢᠯᠠᠯ ᠢ ᠠᠷᠢᠯᠭᠠᠨ᠎ᠠ᠃ ᠤᠯᠤᠰ ᠠᠴᠠ ᠡᠮᠡᠭᠲᠠᠶᠢᠴᠦᠳ ᠤᠨ ᠬᠠᠤᠯᠢ ᠶᠤᠰᠤᠭᠠᠷ ᠡᠳ᠋ᠯᠡᠬᠦ ᠤᠨᠴᠠᠭᠠᠢ ᠡᠷᠭᠡ ᠠᠰᠢᠭ ᠢ ᠬᠠᠮᠠᠭᠠᠯᠠᠨ᠎ᠠ᠃ ᠡᠮᠡᠭᠲᠠᠶᠢᠴᠦᠳ ᠢ ᠭᠠᠳᠠᠭᠤᠷᠴᠢᠯᠠᠬᠤ᠂ ᠬᠠᠯᠠ ᠦᠵᠡᠬᠦᠯᠬᠦ᠂ ᠭᠤᠯᠤᠵᠦ ᠤᠷᠬᠢᠬᠤ᠂ ᠬᠤᠤᠷᠯᠠᠵᠦ ᠬᠦᠨᠦᠭᠡᠬᠦ ᠶᠢ ᠴᠠᠭᠠᠵᠠᠯᠠᠨ᠎ᠠ᠃      ᠭᠤᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠲᠤᠮᠳᠠᠳᠦ ᠤᠯᠤᠰ ᠤᠨ ᠡᠮᠡᠭᠲᠠᠶᠢᠴᠦᠳ ᠤᠨ ᠬᠦᠭᠵᠢᠯᠳᠡ ᠶᠢᠨ ᠬᠦᠳᠦᠯᠡᠪᠤᠷᠢ ᠶᠢ ᠲᠤᠭᠳᠠᠭᠠᠭᠠᠳ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠬᠦᠯᠭᠡ ᠳᠤ ᠤᠷᠤᠭᠤᠯᠤᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠲᠤᠮᠳᠠᠳᠦ ᠤᠯᠤᠰ ᠤᠨ ᠡᠮᠡᠭᠲᠠᠶᠢᠴᠦᠳ ᠤᠨ ᠬᠦᠭᠵᠢᠯᠳᠡ ᠶᠢᠨ ᠬᠦᠳᠦᠯᠪᠤᠷᠢ ᠶᠢ ᠦᠨᠳᠦᠰᠦᠯᠡᠵᠦ᠂ ᠲᠤᠰ ᠵᠠᠰᠠᠭ ᠵᠠᠬᠢᠷᠭᠠᠨ ᠤ ᠤᠷᠤᠨ ᠤ ᠪᠠᠨ ᠡᠮᠡᠭᠲᠠᠶᠢᠴᠦᠳ ᠤᠨ ᠬᠦᠭᠵᠢᠯᠳᠡ ᠶᠢᠨ ᠲᠦᠯᠦᠪᠵᠢᠬᠦᠯᠭᠡ ᠶᠢ ᠲᠤᠭᠳᠠᠭᠠᠭᠠᠳ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠬᠦᠯᠭᠡ ᠶᠢ ᠲᠤᠭᠳᠠᠭᠠᠭᠠᠳ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠳᠡᠭᠡᠨ ᠤᠷᠤᠭᠤᠯᠤᠨ᠎ᠠ᠃      ᠲᠦᠷᠪᠡᠳᠦᠭᠡᠷ ᠵᠦᠢᠯ᠂ ᠡᠮᠡᠭᠲᠡᠶᠢᠴᠦᠳ ᠤᠨ ᠬᠠᠤᠯᠢ ᠶᠤᠰᠤᠨ ᠤ ᠡᠷᠭᠡ ᠠᠰᠢᠭ ᠢ ᠪᠠᠳᠤᠯᠠᠬᠤ ᠶᠠᠪᠤᠳᠠᠯ ᠪᠤᠯ ᠪᠦᠬᠦ ᠨᠡᠶᠢᠭᠡᠮ ᠤᠨ ᠬᠠᠮᠳᠦ ᠶᠢᠨ ᠬᠠᠷᠢᠭᠤᠴᠠᠯᠭ᠎ᠠ ᠪᠤᠯᠤᠨ᠎ᠠ᠃ ᠲᠦᠷᠦ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠳᠠ ᠬᠦᠳᠡᠭᠡ ᠶᠢᠨ ᠦᠨᠳᠦᠰᠦᠨ ᠱᠠᠳᠤᠨ ᠤ ᠤᠯᠠᠨ ᠲᠦᠮᠡᠨᠴᠢ ᠴᠢᠨᠠᠷ ᠲᠠᠢ ᠦᠪᠡᠷᠳᠡᠭᠡᠨ ᠵᠠᠰᠠᠬᠤ ᠵᠤᠬᠢᠶᠠᠨ ᠪᠠᠶᠢᠭᠤᠯᠤᠯᠳᠠ ᠨᠤᠭᠤᠳ ᠲᠤᠰ ᠬᠠᠤᠯᠢ ᠪᠤᠯᠤᠨ ᠬᠤᠯᠪᠤᠭᠳᠠᠯ ᠪᠦᠬᠦᠢ ᠬᠠᠤᠯᠢ ᠴᠠᠭᠠᠵᠠ ᠶᠢᠨ ᠲᠤᠭᠳᠠᠭᠠᠯ ᠶᠤᠰᠤᠭᠠᠷ ᠡᠮᠡᠭᠲᠠᠶᠢᠴᠦᠳ ᠤᠨ ᠡᠷᠭᠡ ᠠᠰᠢᠭ ᠢ ᠪᠠᠳᠤᠯᠠᠬᠤ ᠬᠡᠷᠡᠭᠲᠠᠢ᠃ ᠤᠯᠤᠰ ᠠᠴᠠ ᠪᠦᠳᠦᠮᠵᠢᠲᠠᠢ ᠠᠷᠭ᠎ᠠ ᠭᠡᠮᠵᠢᠶ᠎ᠡ ᠠᠪᠴᠦ᠂ ᠡᠮᠡᠭᠲᠠᠶᠢᠴᠦᠳ ᠤᠨ ᠬᠠᠤᠯᠢ ᠶᠤᠰᠤᠭᠠᠷ ᠡᠷᠭᠡ ᠪᠠᠨ ᠭᠡᠷᠡᠭᠵᠢᠬᠦᠯᠬᠦ ᠳᠤ ᠴᠢᠬᠤᠯᠠ ᠪᠦᠬᠦᠢ ᠨᠦᠬᠦᠴᠡᠯ ᠢ ᠪᠦᠷᠢᠯᠳᠦᠬᠦᠯᠵᠦ ᠦᠭᠬᠦᠨ᠎ᠡ᠃      ᠲᠠᠪᠣᠳᠤᠭᠠᠷ ᠵᠦᠢᠯ᠂ ᠤᠯᠤᠰ ᠠᠴᠠ ᠡᠮᠡᠭᠲᠠᠶᠢᠴᠦᠳ ᠤᠨ ᠪᠡᠶ᠎ᠡ ᠪᠠᠨ ᠬᠦᠨᠳᠦᠳᠭᠡᠬᠦ᠂ ᠪᠡᠶ᠎ᠡ ᠪᠠᠨ ᠢᠳᠡᠭᠡᠬᠦ᠂ ᠪᠡᠶ᠎ᠡ ᠪᠠᠨ ᠲᠠᠭᠠᠭᠠᠬᠤ᠂ ᠪᠡᠶ᠎ᠡ ᠪᠠᠨ ᠬᠦᠴᠦᠷᠭᠡᠭᠵᠢᠬᠦᠯᠬᠦ ᠪᠠ ᠬᠠᠤᠯᠢ ᠴᠠᠭᠠᠵᠠ ᠶᠢ ᠬᠡᠷᠡᠭᠯᠡᠨ ᠦᠪᠡᠷ ᠤᠨ ᠪᠡᠶ᠎ᠡ ᠶᠢᠨ ᠬᠠᠤᠯᠢ ᠶᠤᠰᠤᠨ ᠤ ᠡᠷᠭᠡ ᠠᠰᠢᠭ ᠢᠶᠠᠨ ᠬᠠᠮᠠᠭᠠᠯᠠᠬᠤ ᠶᠢ ᠵᠤᠷᠢᠭᠵᠢᠭᠤᠯᠤᠨ᠎ᠠ᠃ ᠡᠮᠡᠭᠲᠠᠶᠢᠴᠦᠳ ᠤᠯᠤᠰ ᠤᠨ ᠬᠠᠤᠯᠢ ᠴᠠᠭᠠᠵᠠ ᠶᠢ ᠵᠢᠷᠦᠮᠯᠠᠨ ᠰᠠᠬᠢᠵᠦ᠂ ᠨᠡᠶᠢᠭᠡᠮ ᠨᠡᠶᠢᠳᠡ ᠶᠢᠨ ᠶᠤᠰᠤ ᠮᠤᠷᠠᠯ ᠢ ᠬᠦᠨᠳᠦᠳᠭᠡᠨ᠂ ᠬᠠᠤᠯᠢ ᠴᠠᠭᠠᠵᠠ ᠳᠤ ᠲᠤᠭᠳᠠᠭᠠᠭᠰᠠᠨ ᠡᠬᠦᠷᠭᠡ ᠶᠢ ᠬᠦᠢᠴᠡᠳᠭᠡᠬᠦ ᠬᠡᠷᠡᠭᠲᠠᠢ᠃      ᠵᠢᠷᠭᠤᠳᠦᠭᠠᠷ ᠵᠦᠢᠯ᠂ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠨᠤᠭᠤᠳ ᠡᠮᠡᠭᠲᠡᠶᠢᠴᠦᠳ ᠤᠨ ᠡᠷᠭᠡ ᠠᠰᠢᠭ ᠢ ᠪᠠᠳᠤᠯᠠᠬᠤ ᠠᠵᠢᠯ ᠢ ᠴᠢᠬᠤᠯᠠᠴᠢᠯᠠᠨ ᠴᠢᠩᠭᠠᠳᠬᠠᠬᠤ ᠬᠡᠷᠡᠭᠲᠠᠢ᠃ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠮᠡᠭᠳᠡᠶᠢᠴᠦᠳ ᠭᠡᠤᠭᠡᠳ ᠤᠨ ᠠᠵᠢᠯ ᠢ ᠬᠠᠷᠢᠭᠤᠴᠠᠬᠤ ᠪᠠᠶᠢᠭᠤᠯᠤᠮᠵᠢ ᠨᠤᠭᠤᠳ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠬᠤ᠂ ᠵᠤᠬᠢᠴᠠᠭᠤᠯᠬᠤ᠂ ᠵᠢᠯᠤᠭᠤᠳᠬᠤ ᠪᠠ ᠰᠢᠪᠠᠳᠠᠬᠤ ᠠᠵᠢᠯ ᠢ ᠬᠠᠷᠢᠭᠤᠴᠠᠨ ᠡᠮᠡᠭᠲᠠᠶᠢᠴᠦᠳ ᠤᠨ ᠡᠷᠭᠡ ᠠᠰᠢᠭ ᠢ ᠪᠠᠳᠤᠯᠠᠬᠤ ᠠᠵᠢᠯ ᠢ ᠰᠠᠶᠢᠳᠣᠷ ᠬᠢᠨ᠎ᠡ᠃ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠤᠰ ᠲᠤᠰ ᠤᠨ ᠢᠶᠠᠨ ᠡᠬᠦᠷᠭᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶᠡᠨ ᠳᠤ ᠡᠮᠡᠭᠲᠠᠶᠢᠴᠦᠳ ᠤᠨ ᠡᠷᠭᠡ ᠠᠰᠢᠭ ᠢ ᠪᠠᠳᠤᠯᠠᠬᠤ ᠠᠵᠢᠯ ᠢ ᠰᠠᠶᠢᠳᠤᠷ ᠬᠢᠨ᠎ᠡ᠃      ᠲᠤᠯᠤᠳᠤᠭᠠᠷ ᠵᠦᠢᠯ᠂ ᠪᠦᠬᠦ ᠲᠤᠮᠳᠠᠳᠦ ᠶᠢᠨ ᠡᠮᠡᠭᠲᠠᠶᠢᠴᠦᠳ ᠤᠨ ᠬᠤᠯᠪᠤᠭᠠᠳᠦ ᠬᠤᠷᠠᠯ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠡᠮᠡᠭᠲᠠᠶᠢᠴᠦᠳ ᠤᠨ ᠬᠤᠯᠪᠤᠭᠠᠳᠦ ᠬᠤᠷᠠᠯ ᠤᠳ ᠬᠠᠤᠯᠢ ᠴᠠᠭᠠᠵᠠ ᠪᠤᠯᠤᠨ ᠪᠦᠬᠦ ᠲᠤᠮᠳᠠᠳᠦ ᠶᠢᠨ ᠡᠮᠡᠭᠲᠠᠶᠢᠴᠦᠳ ᠤᠨ ᠬᠤᠯᠪᠤᠭᠠᠳᠦ ᠬᠤᠷᠠᠯ ᠤᠨ ᠲᠦᠷᠢᠮ ᠶᠤᠰᠤᠭᠠᠷ ᠡᠯ᠎ᠡ ᠦᠨᠳᠦᠰᠦᠳᠡᠨ ᠡᠯ᠎ᠡ ᠡᠳᠡᠭᠡᠳ ᠤᠨ ᠡᠮᠡᠭᠲᠠᠶᠢᠴᠦᠳ ᠤᠨ ᠡᠷᠭᠡ ᠠᠰᠢᠭ ᠢ ᠲᠦᠯᠦᠭᠡᠯᠡᠨ ᠬᠠᠮᠠᠭᠠᠯᠠᠵᠦ᠂ ᠡᠮᠡᠭᠲᠠᠶᠢᠴᠦᠳ ᠤᠨ ᠡᠷᠭᠡ ᠠᠰᠢᠭ ᠢ ᠬᠠᠮᠠᠭᠠᠯᠠᠬᠤ ᠠᠵᠢᠯ ᠢ ᠰᠠᠶᠢᠳᠣᠷ ᠬᠢᠨ᠎ᠡ᠃ ᠠᠵᠢᠯᠴᠢᠨ ᠤ ᠡᠪᠯᠡᠯ᠂ ᠡᠪ ᠬᠠᠮᠳᠦ ᠵᠠᠯᠠᠭᠤᠴᠤᠳ ᠤᠨ ᠡᠪᠯᠡᠯ ᠲᠤᠰ ᠲᠤᠰ ᠤᠨ ᠢᠶᠠᠨ ᠠᠵᠢᠯ ᠤᠨ ᠬᠦᠷᠢᠶ᠎ᠡ ᠬᠡᠪᠴᠢᠶᠠᠨ ᠳᠡᠭᠡᠨ ᠡᠮᠡᠭᠲᠠᠶᠢᠴᠦᠳ ᠤᠨ ᠡᠷᠭᠡ ᠠᠰᠢᠭ ᠢ ᠬᠠᠮᠠᠭᠠᠯᠠᠬᠤ ᠠᠵᠢᠯ ᠢ ᠰᠠᠶᠢᠳᠤᠷ ᠬᠢᠬᠦ ᠬᠡᠷᠡᠭᠲᠠᠢ᠃      ᠨᠠᠢᠮᠠᠳᠤᠭᠠᠷ ᠵᠦᠢᠯ ᠡᠮᠡᠭᠲᠠᠶᠢᠴᠦᠳ ᠤᠨ ᠬᠠᠤᠯᠢ ᠶᠤᠰᠤᠨ ᠤ ᠡᠷᠭᠡ ᠠᠰᠢᠭ ᠢ ᠪᠠᠳᠤᠯᠠᠬᠤ ᠲᠠᠯ᠎ᠠ ᠪᠠᠷ ᠮᠡᠳᠡᠭᠳᠡᠬᠦᠶᠢᠴᠡ ᠠᠮᠵᠢᠯᠳᠠ ᠭᠠᠷᠭᠠᠭᠰᠠᠨ ᠵᠤᠬᠢᠶᠠᠨ ᠪᠠᠶᠢᠭᠤᠯᠤᠯᠳᠠ ᠪᠠ ᠬᠤᠪᠢ ᠬᠦᠮᠦᠨ ᠢ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠬᠦᠬᠢᠬᠦᠯᠦᠨ ᠱᠠᠩᠨᠠᠨ᠎ᠠ᠃      ᠬᠤᠶᠠᠳᠤᠭᠠᠷ ᠪᠦᠯᠦᠭ᠂ ᠤᠯᠤᠰ ᠲᠦᠷᠦ ᠶᠢᠨ ᠡᠷᠭᠡ      ᠶᠢᠰᠦᠳᠦᠭᠡᠷ ᠵᠦᠢᠯ᠂ ᠤᠯᠤᠰ ᠠᠴᠠ ᠡᠮᠡᠭᠲᠠᠶᠢᠴᠦᠳ ᠤᠨ ᠡᠷᠡᠭᠲᠠᠶᠢᠴᠦᠳ ᠲᠠᠢ ᠠᠳᠠᠯᠢ ᠲᠡᠭᠰᠢ ᠪᠠᠷ ᠤᠯᠤᠰ ᠲᠦᠷᠦ ᠶᠢᠨ ᠡᠷᠭᠡ ᠡᠳ᠋ᠯᠡᠬᠦ ᠶᠢ ᠪᠠᠳᠤᠯᠠᠨ᠎ᠠ᠃      ᠠᠷᠪᠠᠳᠤᠭᠠᠷ ᠵᠦᠢᠯ᠂ ᠡᠮᠡᠭᠲᠠᠶᠢᠴᠦᠳ ᠡᠯ᠎ᠡ ᠵᠦᠢᠯ ᠤᠨ ᠠᠷᠭ᠎ᠠ ᠪᠠ ᠭᠡᠯᠪᠡᠷᠢ ᠪᠠᠷ ᠲᠠᠮᠵᠢᠵᠦ ᠲᠦᠷᠦ ᠶᠢᠨ ᠶᠠᠪᠤᠳᠠᠯ ᠢ ᠬᠠᠮᠢᠶᠠᠷᠬᠤ᠂ ᠠᠵᠦ ᠠᠬᠤᠢ ᠪᠠ ᠰᠤᠶᠤᠯ ᠤᠨ ᠦᠢᠯᠡᠰ ᠢ ᠬᠠᠮᠢᠶᠠᠷᠬᠤ᠂ ᠨᠡᠶᠢᠭᠡᠮ ᠤᠨ ᠬᠡᠷᠡᠭ ᠶᠠᠪᠤᠳᠠᠯ ᠢ ᠬᠠᠮᠢᠶᠠᠷᠬᠤ ᠡᠷᠭᠡ ᠲᠠᠢ᠃ ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠢᠮ ᠲᠤᠭᠳᠠᠭᠠᠯ ᠪᠤᠯᠤᠨ ᠤᠯᠠᠨ ᠨᠡᠶᠢᠳᠡ ᠶᠢᠨ ᠲᠦᠷᠦ ᠶᠢᠨ ᠪᠤᠳᠤᠯᠭ᠎ᠠ ᠲᠤᠭᠳᠠᠭᠠᠬᠤ ᠳᠠᠭᠠᠨ ᠡᠮᠡᠭᠲᠠᠶᠢᠴᠦᠳ ᠤᠨ ᠡᠷᠭᠡ ᠠᠰᠢᠭ ᠲᠤ ᠬᠤᠯᠪᠤᠭᠳᠠᠭᠰᠠᠨ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠮᠡᠭᠲᠠᠶᠢᠴᠦᠳ ᠤᠨ ᠬᠤᠯᠪᠤᠭᠠᠳᠦ ᠬᠤᠷᠠᠯ ᠤᠨ ᠰᠠᠨᠠᠯ ᠢ ᠰᠤᠨᠤᠰᠬᠤ ᠬᠡᠷᠡᠭᠲᠠᠢ᠃ ᠡᠮᠡᠭᠲᠠᠶᠢᠴᠦᠳ ᠪᠤᠯᠤᠨ ᠡᠮᠡᠭᠲᠠᠶᠢᠴᠦᠳ ᠤᠨ ᠵᠤᠬᠢᠶᠠᠨ ᠪᠠᠶᠢᠭᠤᠯᠤᠯᠳᠠ ᠨᠤᠭᠤᠳ ᠡᠯ᠎ᠡ ᠱᠠᠳᠤᠨ ᠤ ᠲᠦᠷᠦ ᠶᠢᠨ ᠪᠠᠶᠢᠭᠤᠯᠭ᠎ᠠ ᠳᠤ ᠡᠮᠡᠭᠲᠠᠶᠢᠴᠦᠳ ᠤᠨ ᠡᠷᠭᠡ ᠠᠰᠢᠭ ᠢ ᠪᠠᠳᠤᠯᠠᠬᠤ ᠲᠠᠯ᠎ᠠ ᠪᠠᠷ ᠰᠠᠨᠠᠯ ᠪᠠ ᠰᠠᠨᠠᠭᠤᠯᠭ᠎ᠠ ᠲᠤᠷᠠᠳᠬᠤ ᠡᠷᠭᠡ ᠲᠠᠢ᠃      ᠠᠷᠪᠠᠨ ᠨᠢᠭᠡᠳᠦᠭᠡᠷ ᠵᠦᠢᠯ᠂ ᠡᠮᠡᠭᠲᠠᠶᠢᠴᠦᠳ ᠡᠷᠡᠭᠲᠠᠶᠢᠴᠦᠳ ᠲᠠᠢ ᠨᠢᠭᠡ ᠯᠡ ᠠᠳᠠᠯᠢ ᠪᠠᠷ ᠰᠤᠩᠭᠤᠬᠤ ᠡᠷᠭᠡ ᠪᠠ ᠰᠤᠩᠭᠤᠭᠳᠠᠬᠤ ᠡᠷᠭᠡ ᠶᠢ ᠡᠳ᠋ᠯᠡᠨ᠎ᠡ᠃ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠲᠤᠳᠤᠷ᠎ᠡ ᠵᠤᠬᠢᠬᠤ ᠲᠤᠭᠠᠨ ᠤ ᠡᠮᠡᠭᠲᠠᠢ ᠲᠦᠯᠦᠭᠡᠯᠡᠭᠴᠢ ᠪᠠᠶᠢᠬᠤ ᠬᠡᠷᠡᠭᠲᠠᠢ᠃ ᠤᠯᠤᠰ ᠠᠴᠠ ᠠᠷᠭ᠎ᠠ ᠬᠡᠮᠵᠢᠶ᠎ᠡ ᠠᠪᠴᠦ ᠪᠠᠶᠢᠭᠠᠳ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠮᠡᠭᠲᠠᠢ ᠲᠦᠯᠦᠭᠡᠯᠡᠭᠴᠢᠳ ᠤᠨ ᠬᠠᠷᠢᠴᠠᠯ ᠢ ᠠᠯᠬᠤᠮ ᠠᠯᠬᠤᠮ ᠢᠶᠠᠷ ᠲᠡᠭᠡᠭᠰᠢᠯᠡᠬᠦᠯᠦᠨ᠎ᠡ᠃ ᠰᠠᠭᠤᠭᠠᠯᠢ ᠠᠷᠠᠳ ᠤᠨ ᠵᠦᠪᠯᠡᠯ᠂ ᠭᠠᠴᠠᠭᠠᠨ ᠤ ᠠᠷᠠᠳ ᠤᠨ ᠵᠦᠪᠯᠡᠯ ᠤᠨ ᠪᠦᠷᠢᠯᠳᠦᠬᠦᠨ ᠤ ᠲᠤᠳᠤᠷ᠎ᠡ ᠡᠮᠡᠭᠲᠠᠶᠢᠴᠦᠳ ᠵᠤᠬᠢᠬᠤ ᠤᠷᠤᠨ ᠲᠤᠭ᠎ᠠ ᠶᠢ ᠡᠵᠡᠯᠡᠬᠦ ᠬᠡᠷᠡᠭᠲᠠᠢ᠃      ᠠᠷᠪᠠᠨ ᠬᠤᠶᠠᠳᠤᠭᠠᠷ ᠵᠦᠢᠯ᠂ ᠤᠯᠤᠰ ᠠᠴᠠ ᠡᠮᠡᠭᠲᠠᠢ ᠺᠠᠳ᠋ᠷ ᠢ ᠢᠳᠡᠪᠬᠢᠲᠠᠢ ᠪᠠᠷ ᠬᠦᠮᠦᠵᠢᠬᠦᠯᠬᠦ ᠪᠠ ᠰᠢᠯᠢᠨ ᠲᠡᠪᠰᠢᠬᠦᠯᠦᠨ᠎ᠡ᠃ ᠲᠦᠷᠦ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠺᠠᠳ᠋ᠷ ᠢ ᠬᠦᠮᠦᠵᠢᠬᠦᠯᠬᠦ᠂ ᠰᠢᠯᠢᠨ ᠲᠡᠪᠰᠢᠬᠦᠯᠬᠦ ᠪᠠ ᠲᠤᠮᠢᠯᠠᠨ ᠬᠡᠷᠡᠭᠯᠡᠬᠦ ᠳᠡᠭᠡᠨ ᠡᠷᠭᠡᠪᠰᠢ ᠡᠷᠡᠭᠲᠠᠢ ᠡᠮᠡᠭᠲᠠᠢ ᠡᠷᠭᠡ ᠲᠡᠭᠰᠢ ᠪᠠᠶᠢᠬᠤ ᠵᠠᠷᠴᠢᠮ ᠢ ᠪᠠᠷᠢᠮᠳᠠᠯᠠᠬᠤ ᠬᠡᠷᠡᠭᠲᠠᠢ ᠪᠦᠭᠡᠳ ᠵᠤᠬᠢᠬᠤ ᠲᠤᠭᠠᠨ ᠤ ᠡᠮᠡᠭᠲᠠᠶᠢᠴᠦᠳ ᠢᠶᠠᠷ ᠤᠳᠤᠷᠢᠳᠬᠤ ᠪᠦᠷᠢᠯᠳᠦᠬᠦᠨ ᠤ ᠲᠤᠰᠢᠶᠠᠯ ᠢ ᠡᠬᠦᠷᠭᠡᠯᠡᠬᠦᠯᠬᠦ ᠬᠡᠷᠡᠭᠲᠠᠢ᠃ ᠤᠯᠤᠰ ᠠᠴᠠ ᠴᠦᠭᠡᠨ ᠲᠤᠭᠠᠳᠦ ᠦᠨᠳᠦᠰᠦᠳᠡᠨ ᠤ ᠡᠮᠡᠭᠲᠠᠢ ᠺᠠᠳ᠋ᠷ ᠢ ᠬᠦᠮᠦᠵᠢᠬᠦᠯᠬᠦ ᠪᠠ ᠰᠢᠯᠢᠨ ᠲᠡᠪᠰᠢᠬᠦᠯᠬᠦ ᠶᠢ ᠴᠢᠬᠤᠯᠠᠴᠢᠯᠠᠨ᠎ᠠ᠃      ᠠᠷᠪᠠᠨ ᠭᠤᠷᠪᠠᠳᠤᠭᠠᠷ ᠵᠦᠢᠯ᠂ ᠪᠦᠬᠦ ᠲᠤᠮᠳᠠᠳᠦ ᠶᠢᠨ ᠡᠮᠡᠭᠲᠠᠶᠢᠴᠦᠳ ᠤᠨ ᠬᠤᠯᠪᠤᠭᠠᠳᠦ ᠬᠤᠷᠠᠯ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠡᠮᠡᠭᠲᠠᠶᠢᠴᠦᠳ ᠤᠨ ᠬᠤᠯᠪᠤᠭᠠᠳᠦ ᠬᠤᠷᠠᠯ ᠤᠳ ᠡᠮᠡᠭᠲᠠᠶᠢᠴᠦᠳ ᠢ ᠲᠦᠯᠦᠭᠡᠯᠡᠵᠦ ᠤᠯᠤᠰ ᠪᠤᠯᠤᠨ ᠨᠡᠶᠢᠭᠡᠮ ᠤᠨ ᠬᠡᠷᠡᠭ ᠶᠠᠪᠤᠳᠠᠯ ᠤᠨ ᠠᠷᠠᠳᠴᠢᠯᠠᠯ ᠢᠶᠠᠷ ᠰᠢᠢᠳᠪᠤᠷᠢᠳᠦ ᠪᠤᠳᠤᠯᠭ᠎ᠠ ᠲᠤᠭᠳᠠᠭᠠᠬᠤ᠂ ᠠᠷᠠᠳᠴᠢᠯᠠᠭᠰᠠᠨ ᠬᠠᠮᠢᠶᠠᠷᠤᠯᠳᠠ ᠪᠤᠯᠤᠨ ᠠᠷᠠᠳᠴᠢᠯᠠᠯ ᠢᠶᠠᠷ ᠬᠢᠨᠠᠯᠳᠠ ᠲᠠᠯᠪᠢᠬᠤ ᠳᠤ ᠢᠳᠡᠪᠬᠢᠲᠠᠢ ᠤᠷᠤᠯᠴᠠᠨ᠎ᠠ᠃ ᠡᠯ᠎ᠡ ᠱᠠᠳᠣᠨ ᠤ ᠡᠮᠡᠭᠲᠠᠶᠢᠴᠦᠳ ᠤᠨ ᠬᠤᠯᠪᠤᠭᠠᠳᠦ ᠬᠤᠷᠠᠯ ᠬᠢᠭᠡᠳ ᠲᠡᠬᠦᠨ ᠤ ᠪᠦᠯᠬᠦᠮ ᠤᠨ ᠭᠡᠰᠢᠬᠦᠨ ᠨᠢ ᠲᠦᠷᠦ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠡᠮᠡᠭᠲᠠᠢ ᠺᠠᠳ᠋ᠷ ᠢ ᠰᠤᠩᠭᠤᠨ ᠲᠠᠨᠢᠯᠴᠠᠭᠤᠯᠵᠦ ᠪᠤᠯᠤᠨ᠎ᠠ᠃      ᠠᠷᠪᠠᠨ ᠲᠦᠷᠪᠡᠳᠦᠭᠡᠷ ᠵᠦᠢᠯ᠂ ᠡᠮᠡᠭᠲᠠᠶᠢᠴᠦᠳ ᠤᠨ ᠡᠷᠭᠡ ᠠᠰᠢᠭ ᠢ ᠪᠠᠳᠤᠯᠠᠬᠤ ᠳᠤ ᠬᠤᠯᠪᠤᠭᠳᠠᠬᠤ ᠰᠢᠬᠦᠮᠵᠢᠯᠠᠯ ᠪᠤᠶᠤ ᠵᠤᠬᠢᠰᠲᠠᠢ ᠰᠠᠨᠠᠭᠤᠯᠭ᠎ᠠ ᠶᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠰᠤᠨᠤᠰᠬᠤ ᠪᠠ ᠬᠦᠯᠢᠶᠠᠨ ᠠᠪᠬᠤ ᠬᠡᠷᠡᠭᠲᠠᠢ᠃ ᠡᠮᠡᠭᠲᠠᠶᠢᠴᠦᠳ ᠤᠨ ᠡᠷᠭᠡ ᠠᠰᠢᠭ ᠢ ᠬᠤᠬᠢᠷᠠᠭᠤᠯᠤᠭᠰᠠᠨ ᠶᠠᠪᠤᠳᠠᠯ ᠳᠤ ᠬᠤᠯᠪᠤᠭᠳᠠᠬᠤ ᠭᠤᠮᠤᠳᠠᠯ ᠲᠤᠭᠠᠴᠢᠯᠳᠠ᠂ ᠵᠠᠭᠠᠯᠳᠤᠯᠭ᠎ᠠ ᠪᠠ ᠢᠯᠡᠴᠢᠯᠠᠯᠳᠠ ᠶᠢ ᠬᠤᠯᠪᠤᠭᠳᠠᠯ ᠪᠦᠬᠦᠢ ᠰᠠᠯᠠᠭ᠎ᠠ ᠮᠦᠴᠢᠷ ᠡᠷᠭᠡᠪᠰᠢ ᠪᠤᠳᠠᠳᠦ ᠬᠡᠷᠡᠭ ᠢ ᠨᠢ ᠪᠠᠶᠢᠴᠠᠭᠠᠨ ᠲᠤᠳᠤᠯᠠᠵᠦ᠂ ᠬᠠᠷᠢᠭᠤᠴᠠᠨ ᠰᠢᠢᠳᠪᠤᠷᠢᠯᠡᠬᠦ ᠬᠡᠷᠡᠭᠲᠠᠢ᠂ ᠶᠠᠮᠠᠷᠪᠡ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠲᠠᠷᠤᠬᠤ ᠪᠤᠶᠤ ᠬᠠᠷᠢᠭᠤ ᠠᠪᠤᠨ ᠴᠤᠬᠢᠯᠳᠠ ᠦᠭᠴᠦ ᠪᠤᠯᠬᠤ ᠦᠭᠡᠢ᠃      ᠭᠤᠷᠪᠠᠳᠤᠭᠠᠷ ᠪᠦᠯᠦᠭ᠂ ᠰᠤᠶᠤᠯ ᠰᠤᠷᠭᠠᠨ ᠬᠦᠮᠦᠵᠢᠯ ᠤᠨ ᠡᠷᠭᠡ ᠠᠰᠢᠭ      ᠠᠷᠪᠠᠨ ᠲᠠᠪᠤᠳᠤᠭᠠᠷ ᠵᠦᠢᠯ᠂ ᠤᠯᠤᠰ ᠠᠴᠠ ᠡᠮᠡᠭᠲᠠᠶᠢᠴᠦᠳ ᠤᠨ ᠡᠷᠡᠭᠲᠠᠶᠢᠴᠦᠳ ᠲᠠᠢ ᠠᠳᠠᠯᠢ ᠲᠡᠭᠰᠢ ᠪᠠᠷ ᠰᠤᠶᠤᠯ ᠰᠤᠷᠭᠠᠨ ᠬᠦᠮᠦᠵᠢᠯ ᠤᠨ ᠡᠷᠭᠡ ᠡᠳ᠋ᠯᠡᠬᠦ ᠶᠢ ᠪᠠᠳᠤᠯᠠᠨ᠎ᠠ᠃      ᠠᠷᠪᠠᠨ ᠵᠢᠷᠭᠤᠳᠤᠭᠠᠷ ᠵᠦᠢᠯ᠂ ᠰᠤᠷᠭᠠᠭᠤᠯᠢ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠬᠡᠷᠡᠭᠵᠢᠬᠦᠯᠦᠨ᠂ ᠡᠮᠡᠭᠲᠠᠶᠢᠴᠦᠳ ᠤᠨ ᠰᠤᠷᠭᠠᠭᠤᠯᠢ ᠳᠤ ᠤᠷᠤᠬᠤ᠂ ᠰᠤᠷᠭᠠᠭᠤᠯᠢ ᠲᠡᠪᠰᠢᠬᠤ᠂ ᠲᠡᠬᠦᠰᠦᠭᠰᠡᠨ ᠤ ᠬᠤᠶᠢᠨ᠎ᠠ ᠠᠵᠢᠯ ᠬᠤᠪᠢᠶᠠᠷᠢᠯᠠᠬᠤ᠂ ᠡᠷᠳᠡᠮ ᠤᠨ ᠴᠤᠯᠠ ᠤᠯᠬᠤ᠂ ᠭᠠᠳᠠᠭᠠᠳᠦ ᠳᠤ ᠰᠤᠷᠤᠯᠴᠠᠬᠤ ᠪᠠᠷ ᠲᠤᠮᠢᠯᠠᠭᠳᠠᠬᠤ ᠵᠡᠷᠭᠡ ᠲᠠᠯ᠎ᠠ ᠪᠠᠷ ᠡᠷᠡᠭᠲᠠᠶᠢᠴᠦᠳ ᠲᠠᠢ ᠠᠳᠠᠯᠢ ᠲᠡᠭᠰᠢ ᠡᠷᠭᠡ ᠡᠳ᠋ᠯᠡᠬᠦ ᠶᠢ ᠪᠠᠳᠤᠯᠠᠬᠤ ᠬᠡᠷᠡᠭᠲᠠᠢ᠃      ᠰᠤᠷᠭᠠᠭᠤᠯᠢ ᠨᠤᠭᠤᠳ ᠰᠤᠷᠤᠭᠴᠢ ᠡᠯᠰᠡᠬᠦ ᠳᠡᠭᠡᠨ ᠤᠨᠴᠠᠭᠠᠢ ᠲᠤᠰᠬᠠᠢ ᠮᠡᠷᠭᠡᠵᠢᠯ ᠢ ᠭᠠᠷᠭᠠᠪᠠᠯ᠂ ᠬᠦᠢᠰᠦ ᠶᠢᠨ ᠢᠯᠭᠠᠯ ᠢᠶᠠᠷ ᠰᠢᠯᠳᠠᠭ ᠪᠤᠯᠭᠠᠨ ᠡᠮᠡᠭᠲᠠᠢ ᠶᠢ ᠡᠯᠰᠡᠬᠦ ᠦᠭᠡᠢ ᠪᠤᠶᠤ ᠡᠮᠡᠭᠲᠠᠢ ᠶᠢ ᠡᠯᠰᠡᠬᠦ ᠪᠠᠷᠢᠮᠵᠢᠶ᠎ᠡ ᠶᠢ ᠲᠡᠭᠡᠭᠰᠢᠯᠡᠬᠦᠯᠵᠦ ᠪᠤᠯᠬᠤ ᠦᠭᠡᠢ᠃      ᠠᠷᠪᠠᠨ ᠲᠤᠯᠤᠳᠤᠭᠠᠷ ᠵᠦᠢᠯ᠂ ᠰᠤᠷᠭᠠᠭᠤᠯᠢ ᠨᠢ ᠡᠮᠡᠭᠲᠠᠢ ᠵᠠᠯᠠᠭᠤᠴᠤᠳ ᠪᠠᠭᠠᠴᠤᠳ ᠤᠨ ᠤᠨᠴᠠᠯᠢᠭ ᠢ ᠦᠨᠳᠦᠰᠦᠯᠡᠨ ᠰᠤᠷᠭᠠᠨ ᠬᠦᠮᠦᠵᠢᠯ᠂ ᠬᠠᠮᠢᠶᠠᠷᠤᠯᠳᠠ᠂ ᠲᠤᠨᠤᠭ ᠲᠦᠬᠦᠭᠡᠷᠦᠮᠵᠢ ᠵᠡᠷᠭᠡ ᠲᠠᠯ᠎ᠠ ᠪᠠᠷ ᠠᠷᠭ᠎ᠠ ᠭᠡᠮᠵᠢᠶ᠎ᠡ ᠠᠪᠴᠦ ᠡᠮᠡᠭᠲᠠᠢ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠤᠶᠤᠨ ᠰᠠᠨᠠᠭᠠᠨ ᠤ ᠡᠷᠡᠬᠦᠯ ᠢᠶᠠᠷ ᠬᠦᠭᠵᠢᠬᠦ ᠶᠢ ᠪᠠᠳᠤᠯᠠᠬᠤ ᠬᠡᠷᠡᠭᠲᠠᠢ᠃      ᠠᠷᠪᠠᠨ ᠨᠠᠢᠮᠠᠳᠤᠭᠠᠷ ᠵᠦᠢᠯ᠂ ᠡᠴᠢᠭᠡ ᠡᠭᠡ ᠪᠤᠯᠤᠭᠰᠠᠳ ᠪᠤᠶᠤ ᠪᠤᠰᠤᠳ ᠬᠢᠨᠠᠨ ᠬᠠᠮᠠᠭᠠᠯᠠᠭᠰᠠᠳ ᠰᠤᠷᠬᠤ ᠨᠠᠰᠤᠨ ᠤ ᠡᠮᠡᠭᠲᠠᠢ ᠭᠡᠤᠭᠡᠳ ᠪᠠᠭᠠᠴᠤᠳ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠢ ᠪᠠᠳᠤᠯᠠᠬᠤ ᠡᠬᠦᠷᠭᠡ ᠶᠢ ᠡᠷᠭᠡᠪᠰᠢ ᠬᠦᠢᠴᠡᠳᠭᠡᠬᠦ ᠬᠡᠷᠡᠭᠲᠠᠢ᠃ ᠡᠪᠡᠳᠴᠢᠨ ᠡᠮᠭᠡᠭ ᠪᠤᠶᠤ ᠪᠤᠰᠤᠳ ᠤᠨᠴᠠᠭᠠᠢ ᠪᠠᠶᠢᠳᠠᠯ ᠲᠠᠢ ᠠᠴᠠ ᠪᠤᠯᠵᠦ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠭᠰᠡᠨ ᠢ ᠭᠠᠷᠭᠠᠪᠠᠯ᠂ ᠰᠤᠷᠬᠤ ᠨᠠᠰᠤᠨ ᠤ ᠡᠮᠡᠭᠲᠠᠢ ᠭᠡᠤᠭᠡᠳ ᠪᠠᠭᠠᠴᠤᠳ ᠢ ᠰᠤᠷᠭᠠᠭᠤᠯᠢ ᠳᠤ ᠤᠷᠤᠭᠤᠯᠬᠤ ᠦᠭᠡᠢ ᠡᠴᠢᠭᠡ ᠡᠭᠡ ᠪᠤᠯᠤᠭᠰᠠᠳ ᠪᠤᠶᠤ ᠪᠤᠰᠤᠳ ᠬᠢᠨᠠᠨ ᠬᠠᠮᠠᠭᠠᠯᠠᠭᠴᠢᠳ ᠢ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠠᠴᠠ ᠰᠢᠬᠦᠮᠵᠢᠯᠡᠨ᠂ ᠰᠤᠷᠭᠠᠵᠦ ᠬᠦᠮᠦᠵᠢᠬᠦᠯᠬᠦ ᠬᠡᠷᠡᠭᠲᠠᠢ ᠪᠦᠭᠡᠳ ᠪᠦᠳᠦᠮᠵᠢᠲᠠᠢ ᠠᠷᠭ᠎ᠠ ᠭᠡᠮᠵᠢᠶ᠎ᠡ ᠠᠪᠴᠦ ᠵᠠᠷᠯᠢᠭᠳᠠᠵᠦ ᠪᠠᠶᠢᠭᠠᠳ ᠰᠤᠷᠬᠤ ᠨᠠᠰᠤᠨ ᠤ ᠡᠮᠡᠭᠲᠠᠢ ᠭᠡᠤᠭᠡᠳ ᠪᠠᠭᠠᠴᠤᠳ ᠢ ᠰᠤᠷᠭᠠᠭᠤᠯᠢ ᠳᠤ ᠬᠦᠷᠭᠡᠬᠦᠯᠬᠦ ᠬᠡᠷᠡᠭᠲᠠᠢ᠃ ᠵᠠᠰᠠᠭ ᠤᠨ ᠤᠷᠳᠤᠨ᠂ ᠨᠡᠶᠢᠭᠡᠮ᠂ ᠰᠤᠷᠭᠠᠭᠤᠯᠢ ᠨᠤᠭᠤᠳ ᠪᠦᠳᠦᠮᠵᠢᠲᠠᠢ ᠠᠷᠭ᠎ᠠ ᠭᠡᠮᠵᠢᠶ᠎ᠡ ᠠᠪᠴᠦ ᠪᠠᠶᠢᠭᠠᠳ ᠰᠤᠷᠬᠤ ᠨᠠᠰᠤᠨ ᠤ ᠡᠮᠡᠭᠲᠠᠢ ᠭᠡᠤᠭᠡᠳ ᠪᠠᠭᠠᠴᠤᠳ ᠤᠨ ᠰᠤᠷᠭᠠᠭᠤᠯᠢ ᠳᠤ ᠤᠷᠤᠬᠤ ᠲᠠᠯ᠎ᠠ ᠪᠠᠨ ᠤᠷᠤᠰᠢᠵᠦ ᠪᠠᠶᠢᠭ᠎ᠠ ᠪᠤᠳᠠᠳᠦ ᠬᠦᠴᠢᠷᠳᠡᠯ ᠢ ᠨᠢ ᠰᠢᠢᠳᠪᠤᠷᠢᠯᠡᠬᠦ ᠬᠡᠷᠡᠭᠲᠠᠢ ᠪᠦᠭᠡᠳ ᠨᠦᠬᠦᠴᠡᠯ ᠪᠦᠷᠢᠯᠳᠦᠬᠦᠯᠵᠦ ᠪᠠᠶᠢᠭᠠᠳ ᠶᠠᠳᠠᠭᠤ ᠬᠦᠴᠢᠷᠳᠡᠯ ᠲᠠᠢ᠂ ᠵᠡᠮᠳᠡᠭ ᠪᠤᠯᠤᠨ ᠶᠠᠪᠤᠭᠤᠯ ᠬᠦᠮᠦᠨ ᠠᠮᠠ ᠶᠢᠨ ᠲᠤᠳᠤᠷᠠᠬᠢ ᠰᠤᠷᠬᠤ ᠨᠠᠰᠤᠨ ᠤ ᠡᠮᠡᠭᠲᠠᠢ ᠭᠡᠤᠭᠡᠳ ᠪᠠᠭᠠᠴᠤᠳ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠢ ᠪᠦᠷᠢᠨ ᠬᠦᠷᠳᠡᠬᠦ ᠶᠢ ᠪᠠᠳᠤᠯᠠᠬᠤ ᠬᠡᠷᠡᠭᠲᠠᠢ᠃      ᠠᠷᠪᠠ ᠶᠢᠰᠦᠳᠦᠭᠡᠷ ᠵᠦᠢᠯ᠂ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠲᠤᠭᠳᠠᠭᠠᠯ ᠶᠤᠰᠤᠭᠠᠷ ᠡᠮᠡᠭᠲᠠᠶᠢᠴᠦᠳ ᠤᠨ ᠲᠤᠳᠤᠷᠠᠬᠢ ᠰᠤᠶᠤᠯ ᠤᠨ ᠪᠠᠯᠠᠢ᠂ ᠬᠠᠭᠠᠰ ᠰᠤᠶᠤᠯ ᠤᠨ ᠪᠠᠯᠠᠢ ᠶᠢ ᠠᠷᠢᠯᠭᠠᠬᠤ ᠠᠵᠢᠯ ᠢ ᠰᠤᠶᠤᠯ ᠤᠨ ᠪᠠᠯᠠᠢ ᠶᠢ ᠠᠷᠢᠯᠭᠠᠭᠰᠠᠨ ᠤ ᠲᠠᠷᠠᠭᠠᠬᠢ ᠦᠷᠬᠦᠯᠵᠢᠯᠡᠨ ᠰᠤᠷᠭᠠᠨ ᠬᠦᠮᠦᠵᠢᠯ ᠬᠦᠷᠳᠡᠭᠡᠬᠦ ᠲᠦᠯᠦᠪᠵᠢᠬᠦᠯᠭᠡ ᠳᠡᠭᠡᠨ ᠤᠷᠤᠭᠤᠯᠵᠦ᠂ ᠡᠮᠡᠭᠲᠠᠶᠢᠴᠦᠳ ᠤᠨ ᠤᠨᠴᠠᠯᠢᠭ ᠲᠤ ᠲᠤᠬᠢᠷᠠᠭᠰᠠᠨ ᠵᠤᠬᠢᠶᠠᠨ ᠪᠠᠶᠢᠭᠤᠯᠤᠯᠳᠠ ᠶᠢᠨ ᠬᠡᠯᠪᠡᠷᠢ ᠪᠠ ᠠᠵᠢᠯᠯᠠᠬᠤ ᠠᠷᠭ᠎ᠠ ᠶᠢ ᠠᠪᠴᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠬᠤ ᠪᠠ ᠲᠡᠬᠦᠨ ᠳᠤ ᠬᠢᠨᠠᠯᠳᠠ ᠲᠠᠯᠪᠢᠵᠦ ᠪᠠᠶᠢᠭᠠᠳ ᠪᠤᠳᠠᠲᠠᠢ ᠪᠠᠷ ᠬᠡᠷᠡᠭᠵᠢᠬᠦᠯᠬᠦ ᠬᠡᠷᠡᠭᠲᠠᠢ᠃      ᠬᠤᠷᠢᠳᠤᠭᠠᠷ ᠵᠦᠢᠯ᠂ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠪᠤᠯᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠠᠷᠭ᠎ᠠ ᠭᠡᠮᠵᠢᠶ᠎ᠡ ᠠᠪᠴᠦ ᠪᠠᠶᠢᠭᠠᠳ᠂ ᠬᠤᠳᠠ ᠪᠠᠯᠭᠠᠰᠦ ᠪᠤᠯᠤᠨ ᠬᠦᠳᠡᠭᠡ ᠲᠤᠰᠬᠤᠨ ᠤ ᠡᠮᠡᠭᠲᠠᠶᠢᠴᠦᠳ ᠤᠨ ᠬᠡᠷᠡᠭᠴᠡᠭᠡ ᠶᠢ ᠦᠨᠳᠦᠰᠦᠯᠡᠨ᠂ ᠡᠮᠡᠭᠲᠠᠶᠢᠴᠦᠳ ᠢ ᠵᠤᠬᠢᠶᠠᠨ ᠪᠠᠶᠢᠭᠤᠯᠵᠦ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠤᠯᠤᠨ ᠪᠤᠳᠠᠳᠦ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠬᠡᠷᠡᠭᠲᠠᠢ᠃      ᠬᠤᠷᠢᠨ ᠨᠢᠭᠡᠳᠦᠭᠡᠷ ᠵᠦᠢᠯ᠂ ᠲᠦᠷᠦ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ ᠪᠠ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠬᠡᠷᠡᠭᠵᠢᠬᠦᠯᠦᠨ᠂ ᠡᠮᠡᠭᠲᠠᠶᠢᠴᠦᠳ ᠤᠨ ᠰᠢᠨᠵᠢᠯᠡᠬᠦ ᠤᠬᠠᠭᠠᠨ᠂ ᠤᠳᠬ᠎ᠠ ᠵᠤᠬᠢᠶᠠᠯ᠂ ᠤᠷᠠᠯᠢᠭ ᠪᠠ ᠪᠤᠰᠤᠳ ᠰᠤᠶᠤᠯ ᠤᠨ ᠠᠵᠢᠯᠯᠠᠭ᠎ᠠ ᠳᠤ ᠤᠷᠤᠯᠴᠠᠬᠤ ᠲᠠᠯ᠎ᠠ  ᠪᠠᠷ ᠡᠷᠡᠭᠲᠠᠶᠢᠴᠦᠳ ᠲᠠᠢ ᠠᠳᠠᠯᠢ ᠲᠡᠭᠰᠢ ᠡᠷᠭᠡ ᠡᠳ᠋ᠯᠡᠬᠦ ᠶᠢ ᠪᠠᠳᠤᠯᠠᠬᠤ ᠬᠡᠷᠡᠭᠲᠠᠢ᠃      ᠳᠦᠷᠪᠡᠳᠦᠭᠡᠷ ᠪᠦᠯᠦᠭ  ᠬᠦᠳᠡᠯᠮᠤᠷᠢ ᠪᠤᠯᠤᠨ ᠨᠡᠶᠢᠭᠡᠮ ᠤᠨ ᠪᠠᠳᠤᠯᠠᠭ᠎ᠠ ᠶᠢᠨ ᠡᠷᠭᠡ ᠠᠰᠢᠭ      ᠬᠤᠷᠢᠨ ᠬᠤᠶᠠᠳᠤᠭᠠᠷ ᠵᠦᠢᠯ᠂ ᠤᠯᠤᠰ ᠠᠴᠠ ᠡᠮᠡᠭᠲᠠᠶᠢᠴᠦᠳ ᠤᠨ ᠡᠷᠡᠭᠲᠠᠶᠢᠴᠦᠳ ᠲᠠᠢ ᠠᠳᠠᠯᠢ ᠲᠡᠭᠰᠢ ᠬᠦᠳᠡᠯᠮᠤᠷᠢᠯᠡᠬᠦ ᠡᠷᠭᠡ ᠪᠤᠯᠤᠨ ᠨᠡᠶᠢᠭᠡᠮ ᠪᠠᠳᠤᠯᠠᠭ᠎ᠠ ᠶᠢᠨ ᠡᠷᠭᠡ ᠡᠳ᠋ᠯᠡᠬᠦ ᠶᠢ ᠪᠠᠳᠤᠯᠠᠨ᠎ᠠ᠃      ᠬᠤᠷᠢᠨ ᠭᠤᠷᠪᠠᠳᠤᠭᠠᠷ ᠵᠦᠢᠯ᠂ ᠡᠯ᠎ᠡ ᠨᠢᠭᠡᠴᠡ ᠨᠦᠭᠦᠳ ᠠᠵᠢᠯᠳᠠᠨ ᠠᠵᠢᠯᠴᠢᠨ ᠡᠯᠰᠡᠬᠦ ᠳᠡᠭᠡᠨ᠂ ᠡᠮᠡᠭᠲᠠᠶᠢᠴᠦᠳ ᠲᠤ ᠲᠤᠬᠢᠷᠠᠬᠤ ᠦᠭᠡᠢ ᠠᠵᠢᠯ ᠤᠨ ᠲᠦᠷᠦᠯ ᠪᠤᠶᠤ ᠠᠵᠢᠯ ᠤᠨ ᠪᠠᠶᠢᠷᠢ ᠶᠢ ᠭᠠᠷᠭᠠᠪᠠᠯ ᠪᠤᠰᠤᠳ ᠠᠵᠢᠯ ᠳᠤ ᠬᠦᠢᠰᠦ ᠶᠢᠨ ᠢᠯᠭᠠᠯ ᠢᠶᠠᠷ ᠰᠢᠯᠳᠠᠭ ᠪᠤᠯᠭᠠᠨ ᠡᠮᠡᠭᠲᠠᠶᠢᠴᠦᠳ ᠢ ᠡᠯᠰᠡᠵᠦ ᠬᠡᠷᠡᠭᠯᠡᠬᠦ ᠦᠭᠡᠢ ᠪᠤᠶᠤ ᠡᠮᠡᠭᠲᠠᠶᠢᠴᠦᠳ ᠢ ᠡᠯᠰᠡᠵᠦ ᠬᠡᠷᠡᠭᠯᠡᠬᠦ ᠪᠠᠷᠢᠮᠵᠢᠶ᠎ᠠ ᠶᠢ ᠲᠡᠭᠡᠭᠰᠢᠯᠡᠬᠦᠯᠵᠦ ᠪᠤᠯᠬᠤ ᠦᠭᠡᠢ᠃ ᠡᠯ᠎ᠡ ᠨᠢᠭᠡᠴᠡ ᠨᠦᠭᠦᠳ ᠡᠮᠡᠭᠲᠠᠢ ᠠᠵᠢᠯᠴᠢᠨ ᠠᠵᠢᠯᠳᠠᠨ ᠡᠯᠰᠡᠵᠦ ᠬᠡᠷᠡᠭᠯᠡᠬᠦ ᠳᠡᠭᠡᠨ ᠬᠠᠤᠯᠢ ᠶᠤᠰᠤᠭᠠᠷ ᠲᠡᠬᠦᠨ ᠲᠠᠢ ᠬᠦᠳᠡᠯᠮᠤᠷᠢ ︵ᠤᠷᠢᠨ ᠬᠡᠷᠡᠭᠯᠡᠬᠦ︶ ᠶᠢᠨ ᠭᠡᠷ᠎ᠡ ᠪᠤᠶᠤ ᠦᠢᠯᠡᠴᠢᠯᠡᠭᠡᠨ ᠤ ᠬᠡᠯᠡᠯᠴᠡᠭᠡᠷ ᠲᠤᠭᠳᠠᠬᠤ ᠬᠡᠷᠡᠭᠲᠠᠢ᠂ ᠬᠦᠳᠡᠯᠮᠤᠷᠢ ︵ᠤᠷᠢᠨ ᠬᠡᠷᠡᠭᠯᠡᠬᠦ︶ ᠶᠢᠨ ᠭᠡᠷ᠎ᠡ ᠪᠤᠶᠤ ᠦᠢᠯᠡᠴᠢᠯᠡᠭᠡᠨ ᠤ ᠬᠡᠯᠡᠯᠴᠡᠭᠡᠷ ᠲᠤ ᠡᠮᠡᠭᠲᠠᠢ ᠠᠵᠢᠯᠳᠠᠨ ᠠᠵᠢᠯᠴᠢᠨ ᠤ ᠤᠷᠤᠭᠯᠠᠬᠤ᠂ ᠬᠦᠩᠭᠡᠵᠢᠬᠦ ᠶᠢ ᠬᠢᠵᠠᠭᠠᠷᠯᠠᠭᠰᠠᠨ ᠠᠭᠤᠯᠭ᠎ᠠ ᠶᠢ ᠲᠤᠭᠳᠠᠭᠠᠵᠦ ᠪᠤᠯᠬᠤ ᠦᠭᠡᠢ᠃ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠨ ᠡᠮᠡᠭᠲᠠᠶᠢᠴᠦᠳ ᠢ ᠡᠯᠰᠡᠨ ᠬᠡᠷᠡᠭᠯᠡᠬᠦ ᠶᠢ ᠴᠠᠭᠠᠵᠠᠯᠠᠨ᠎ᠠ᠂ ᠤᠯᠤᠰ ᠠᠴᠠ ᠠᠰᠳᠠᠭᠠᠨ ᠲᠤᠭᠳᠠᠭᠠᠯ ᠲᠠᠢ ᠪᠠᠶᠢᠪᠠᠯ ᠡᠬᠦᠨ ᠳᠤ ᠪᠠᠭᠳᠠᠬᠤ ᠦᠭᠡᠢ᠃      ᠬᠤᠷᠢᠨ ᠲᠦᠷᠪᠡᠳᠦᠭᠡᠷ ᠵᠦᠢᠯ᠂ ᠡᠷᠡᠭᠲᠠᠢ ᠡᠮᠡᠭᠲᠠᠢ ᠶᠢᠨ ᠠᠳᠠᠯᠢ ᠠᠵᠢᠯ ᠳᠤ ᠠᠳᠠᠯᠢ ᠬᠠᠷᠠᠮᠵᠢ ᠤᠯᠭᠤᠬᠤ ᠶᠢ ᠭᠡᠷᠡᠭᠵᠢᠬᠦᠯᠦᠨ᠎ᠡ᠃ ᠡᠮᠡᠭᠲᠠᠶᠢᠴᠦᠳ ᠠᠰᠠᠷᠠᠮᠵᠢ ᠬᠠᠷᠠᠭᠠᠯᠵᠠᠯ ᠤᠨ ᠲᠠᠯ᠎ᠠ ᠪᠠᠷ ᠡᠷᠡᠭᠲᠠᠶᠢᠴᠦᠳ ᠲᠠᠢ ᠠᠳᠠᠯᠢ ᠲᠡᠭᠰᠢ ᠡᠷᠭᠡ ᠶᠢ ᠡᠳ᠋ᠯᠡᠨ᠎ᠡ᠃      ᠬᠤᠷᠢᠨ ᠲᠠᠪᠤᠳᠤᠭᠠᠷ ᠵᠦᠢᠯ᠂ ᠲᠤᠰᠢᠶᠠᠯ ᠲᠡᠪᠰᠢᠬᠦᠯᠬᠦ᠂ ᠲᠡᠰ ᠲᠡᠪᠰᠢᠬᠦᠯᠬᠦ᠂ ᠲᠤᠰᠬᠠᠢ ᠮᠡᠷᠭᠡᠵᠢᠯ ᠤᠨ ᠲᠤᠰᠢᠶᠠᠯ ᠢ ᠰᠢᠯᠭᠠᠷᠠᠭᠤᠯᠤᠨ ᠲᠤᠭᠳᠠᠭᠠᠬᠤ ᠵᠡᠷᠭᠡ ᠲᠠᠯ᠎ᠠ ᠪᠠᠷ ᠡᠷᠡᠭᠲᠠᠢ ᠡᠮᠡᠭᠲᠠᠢ ᠳᠤ ᠠᠳᠠᠯᠢ ᠲᠡᠭᠰᠢ ᠪᠠᠷ ᠬᠠᠨᠳᠦᠬᠤ ᠵᠠᠷᠴᠢᠮ ᠢ ᠪᠠᠷᠢᠮᠳᠠᠯᠠᠬᠤ ᠬᠡᠷᠡᠭᠲᠠᠢ᠂ ᠡᠮᠡᠭᠲᠠᠶᠢᠴᠦᠳ ᠢ ᠭᠠᠳᠠᠭᠤᠷᠴᠢᠯᠠᠵᠦ ᠪᠤᠯᠬᠤ ᠦᠭᠡᠢ᠃      ᠬᠤᠷᠢᠨ ᠵᠢᠷᠭᠤᠳᠤᠭᠠᠷ ᠵᠦᠢᠯ᠂ ᠶᠠᠮᠠᠷᠪᠡ ᠨᠢᠭᠡᠴᠡ ᠴᠦᠮ ᠡᠮᠡᠭᠲᠠᠶᠢᠴᠦᠳ ᠤᠨ ᠤᠨᠴᠠᠯᠢᠭ ᠢ ᠦᠨᠳᠦᠰᠦᠯᠡᠨ᠂ ᠡᠮᠡᠭᠲᠠᠶᠢᠴᠦᠳ ᠤᠨ ᠠᠵᠢᠯᠯᠠᠬᠤ ᠪᠠ ᠬᠦᠳᠡᠯᠮᠤᠷᠢᠯᠡᠬᠦ ᠦᠶ᠎ᠡ ᠶᠢᠨ ᠠᠮᠤᠷ ᠲᠦᠪᠰᠢᠨ ᠪᠠ ᠡᠷᠡᠬᠦᠯ ᠮᠠᠨᠳᠦ ᠶᠢ ᠬᠠᠤᠯᠢ ᠶᠤᠰᠤᠭᠠᠷ ᠬᠠᠮᠠᠭᠠᠯᠠᠬᠤ ᠬᠡᠷᠡᠭᠲᠠᠢ᠃ ᠡᠮᠡᠭᠲᠠᠶᠢᠴᠦᠳ ᠲᠤ ᠵᠤᠬᠢᠬᠤ ᠦᠭᠡᠢ ᠠᠵᠢᠯ ᠪᠠ ᠬᠦᠳᠡᠯᠮᠤᠷᠢ ᠳᠤ ᠲᠡᠳᠡᠨ ᠢ ᠲᠤᠬᠢᠷᠠᠭᠤᠯᠵᠦ ᠪᠤᠯᠬᠤ ᠦᠭᠡᠢ᠃ ᠡᠮᠡᠭᠲᠠᠶᠢᠴᠦᠳ ᠤᠨ ᠰᠠᠷ᠎ᠡ ᠶᠢᠨ ᠭᠬᠢᠷ ᠢᠷᠡᠭᠰᠡᠨ ᠬᠤᠭᠤᠴᠠᠭᠠᠨ ᠳᠤ᠂ ᠵᠢᠷᠮᠤᠰᠤᠯᠡᠭᠰᠠᠨ ᠬᠤᠭᠤᠴᠠᠭᠠᠨ ᠳᠤ᠂ ᠬᠦᠩᠭᠡᠵᠢᠭᠰᠡᠨ ᠬᠤᠭᠤᠴᠠᠭᠠᠨ ᠳᠤ᠂ ᠭᠡᠤᠭᠡᠳ ᠬᠦᠬᠦᠬᠦᠯᠵᠦ ᠪᠠᠶᠢᠭ᠎ᠠ ᠬᠤᠭᠤᠴᠠᠭᠠᠨ ᠳᠤ ᠤᠨᠴᠠᠭᠠᠢ ᠬᠠᠮᠠᠭᠠᠯᠠᠯ ᠬᠦᠷᠳᠡᠭᠡᠨ᠎ᠡ᠃      ᠬᠤᠷᠢᠨ ᠲᠤᠯᠤᠳᠤᠭᠠᠷ ᠵᠦᠢᠯ ᠶᠠᠮᠠᠷᠪᠠ ᠨᠢᠭᠡᠴᠡ ᠤᠷᠤᠭᠯᠠᠭᠰᠠᠨ᠂ ᠵᠢᠷᠮᠦᠰᠦᠯᠡᠭᠰᠡᠨ᠂ ᠬᠦᠩᠭᠡᠵᠢᠬᠦ ᠴᠢᠯᠦᠭᠡ ᠠᠪᠤᠭᠰᠠᠨ᠂ ᠭᠡᠤᠭᠡᠳ ᠬᠦᠬᠦᠬᠦᠯᠬᠦ ᠵᠡᠷᠭᠡ ᠪᠠᠶᠢᠳᠠᠯ ᠠᠴᠠ ᠪᠤᠯᠵᠦ᠂ ᠡᠮᠡᠭᠲᠠᠢ ᠠᠵᠢᠯᠳᠠᠨ ᠠᠵᠢᠯᠴᠢᠨ ᠤ ᠴᠠᠯᠢᠩ ᠢ ᠪᠠᠭᠤᠷᠠᠭᠤᠯᠵᠦ᠂ ᠲᠡᠳᠡᠨ ᠢ ᠠᠵᠢᠯ ᠠᠴᠠ ᠨᠢ ᠭᠠᠷᠭᠠᠵᠦ᠂ ᠭᠠᠭᠴᠠ ᠲᠠᠯ᠎ᠠ ᠠᠴᠠ ᠬᠦᠳᠡᠯᠮᠤᠷᠢ ︵ᠤᠷᠢᠨ ᠬᠡᠷᠡᠭᠯᠡᠬᠦ︶ ᠶᠢᠨ ᠬᠡᠷ᠎ᠡ ᠪᠤᠶᠤ ᠦᠢᠯᠡᠴᠢᠯᠡᠭᠡᠨ ᠤ ᠭᠡᠯᠡᠯᠴᠡᠭᠡᠷ ᠢ ᠬᠦᠴᠦᠨ ᠦᠭᠡᠢ ᠪᠤᠯᠭᠠᠵᠦ ᠪᠤᠯᠬᠤ ᠦᠭᠡᠢ᠃ ᠭᠡᠪᠡᠴᠦ ᠡᠮᠡᠭᠲᠠᠢ ᠠᠵᠢᠯᠳᠠᠨ ᠠᠵᠢᠯᠴᠢᠨ ᠬᠦᠳᠡᠯᠮᠤᠷᠢ ︵ᠤᠷᠢᠨ ᠬᠡᠷᠡᠭᠯᠡᠬᠦ︶ ᠶᠢᠨ ᠬᠡᠷ᠎ᠡ ᠪᠤᠶᠤ ᠦᠢᠯᠡᠴᠢᠯᠡᠭᠡᠨ ᠤ ᠭᠡᠯᠡᠯᠴᠡᠭᠡᠷ ᠢ ᠳᠠᠭᠤᠰᠬᠠᠬᠤ ᠭᠡᠵᠦ ᠱᠠᠭᠠᠷᠳᠠᠭᠰᠠᠨ ᠪᠠᠶᠢᠪᠠᠯ ᠡᠬᠦᠨ ᠳᠤ ᠪᠠᠭᠳᠠᠬᠤ ᠦᠭᠡᠢ᠃ ᠡᠯ᠎ᠡ ᠨᠢᠭᠡᠴᠡ ᠨᠦᠭᠦᠳ ᠤᠯᠤᠰ ᠤᠨ ᠠᠵᠢᠯ ᠠᠴᠠ ᠪᠠᠭᠤᠬᠤ ᠲᠦᠷᠢᠮ ᠢ ᠬᠡᠷᠡᠭᠵᠢᠬᠦᠯᠬᠦ ᠳᠡᠭᠡᠨ ᠬᠦᠢᠰᠦ ᠶᠢᠨ ᠢᠯᠭᠠᠯ ᠢᠶᠠᠷ ᠰᠢᠯᠳᠠᠭ ᠪᠤᠯᠭᠠᠨ ᠡᠮᠡᠭᠲᠠᠶᠢᠴᠦᠳ ᠢ ᠭᠠᠳᠠᠭᠤᠷᠴᠢᠯᠠᠵᠦ ᠪᠤᠯᠬᠤ ᠦᠭᠡᠢ᠃      ᠬᠤᠷᠢᠨ ᠨᠠᠢᠮᠠᠳᠤᠭᠠᠷ ᠵᠦᠢᠯ᠂ ᠤᠯᠤᠰ ᠠᠴᠠ ᠨᠡᠶᠢᠭᠡᠮ ᠤᠨ ᠲᠠᠭᠠᠳᠬᠠᠯ᠂ ᠨᠡᠶᠢᠭᠡᠮ ᠤᠨ ᠲᠤᠰᠠᠯᠠᠮᠵᠢ᠂ ᠨᠡᠶᠢᠭᠡᠮ ᠤᠨ ᠠᠰᠠᠷᠠᠮᠵᠢ ᠪᠤᠯᠤᠨ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠰ ᠢ ᠬᠦᠭᠵᠢᠬᠦᠯᠦᠨ᠂ ᠡᠮᠡᠭᠲᠠᠶᠢᠴᠦᠳ ᠤᠨ ᠨᠡᠶᠢᠭᠡᠮ ᠤᠨ ᠲᠠᠭᠠᠳᠬᠠᠯ᠂ ᠨᠡᠶᠢᠭᠡᠮ ᠤᠨ ᠲᠤᠰᠠᠯᠠᠮᠵᠢ᠂ ᠨᠡᠶᠢᠭᠡᠮ ᠤᠨ ᠠᠰᠠᠷᠠᠮᠵᠢ ᠪᠤᠯᠤᠨ ᠡᠷᠡᠬᠦᠯ ᠬᠠᠮᠠᠭᠠᠯᠠᠯ ᠡᠷᠡᠬᠦᠯᠵᠢᠯ ᠵᠡᠷᠭᠡ ᠡᠷᠭᠡ ᠠᠰᠢᠭ ᠡᠳ᠋ᠯᠡᠬᠦ ᠶᠢ ᠪᠠᠳᠤᠯᠠᠨ᠎ᠠ᠃ ᠤᠯᠤᠰ ᠠᠴᠠ ᠡᠮᠡᠭᠲᠠᠶᠢᠴᠦᠳ ᠢ ᠬᠠᠪᠰᠤᠷᠬᠤ ᠵᠤᠷᠢᠯᠭ᠎ᠠ ᠪᠠᠷ ᠦᠷᠨᠢᠬᠦᠯᠦᠭᠰᠡᠨ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠰᠠᠨᠠᠭᠠᠴᠢᠯᠠᠨ ᠵᠤᠷᠢᠭᠵᠢᠭᠤᠯᠤᠨ᠎ᠠ᠃      ᠬᠤᠷᠢ ᠶᠢᠰᠦᠳᠦᠭᠡᠷ ᠵᠦᠢᠯ᠂ ᠤᠯᠤᠰ ᠠᠴᠠ ᠦᠷᠡᠵᠢᠯ ᠤᠨ ᠲᠠᠭᠠᠳᠬᠠᠯ ᠤᠨ ᠲᠦᠷᠢᠮ ᠢ ᠬᠡᠷᠡᠭᠵᠢᠬᠦᠯᠦᠨ᠂ ᠦᠷᠡᠵᠢᠯ ᠲᠠᠢ ᠬᠤᠯᠪᠤᠭᠳᠠᠬᠤ ᠪᠤᠰᠤᠳ ᠪᠠᠳᠤᠯᠠᠭ᠎ᠠ ᠶᠢᠨ ᠲᠦᠷᠢᠮ ᠢ ᠪᠠᠶᠢᠭᠤᠯᠤᠨ ᠲᠡᠬᠦᠯᠳᠡᠷᠵᠢᠬᠦᠯᠦᠨ᠎ᠡ᠃ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠪᠤᠯᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠶᠠᠳᠠᠭᠤ ᠬᠦᠴᠢᠷᠳᠡᠯ ᠲᠠᠢ ᠡᠮᠡᠭᠲᠠᠶᠢᠴᠦᠳ ᠲᠤ ᠴᠢᠬᠤᠯᠠ ᠪᠦᠬᠦᠢ ᠦᠷᠡᠵᠢᠯ ᠤᠨ ᠲᠤᠰᠠᠯᠠᠮᠵᠢ ᠬᠠᠩᠭᠠᠬᠤ ᠬᠡᠷᠡᠭᠲᠠᠢ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号