︽ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢᠯᠡᠬᠦ ᠳᠦᠷᠢᠮ︾
ᠨᠡᠶᠢᠲᠡᠯᠡᠭᠰᠡᠨ ᠴᠠᠭ᠄
2024/5/6
ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ                          779 ᠳ᠋ᠦ᠋ᠭᠡᠷ ᠲᠣᠭᠠᠲᠤ      ︽ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ︾ ᠢ 2024 ᠣᠨ ᠤ 2 ᠰᠠᠷ᠎ᠠ ᠶᠢᠨ 23 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ 26 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠪᠠᠲᠤᠯᠠᠵᠤ᠂ ᠡᠳᠦᠭᠡ ᠨᠡᠶᠢᠲᠡᠯᠡᠵᠦ᠂ 2024 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                    ᠶᠡᠷᠦᠩᠬᠡᠢ ᠰᠠᠶᠢᠳ    ᠯᠢ ᠴᠢᠶᠠᠩ                                    2024 ᠣᠨ ᠤ 4 ᠰᠠᠷ᠎ᠠ ᠶᠢᠨ 6 ᠤ ᠡᠳᠦᠷᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢᠯᠡᠬᠦ ᠳᠦᠷᠢᠮ      ᠨᠢᠭᠡᠳᠦᠭᠡᠷ ᠪᠦᠯᠦᠭ᠂ ᠶᠡᠷᠦᠩᠬᠡᠢ ᠳᠦᠷᠢᠮ      ᠨᠢᠭᠡᠳᠦᠭᠡᠷ ᠵᠦᠢᠯ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢ ᠴᠢᠩᠭᠠᠳᠬᠠᠨ ᠵᠢᠷᠤᠮᠵᠢᠭᠤᠯᠵᠤ᠂ ᠡᠯ᠎ᠡ ᠲᠠᠯ᠎ᠠ ᠶᠢᠨ ᠠᠮᠢ ᠠᠬᠤᠶ ᠶᠢᠨ ᠬᠠᠮᠠᠭᠠᠯᠠᠯᠲᠠ ᠳᠤ ᠣᠷᠣᠯᠴᠠᠬᠤ ᠢᠳᠡᠪᠬᠢᠵᠢᠯ ᠢ ᠳᠡᠶᠢᠴᠢᠯᠡᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭᠠᠵᠠ ᠶᠢ ᠦᠨᠳᠦᠰᠦᠯᠡᠨ᠂ ᠲᠤᠰ ᠳᠦᠷᠢᠮ ᠢ ᠲᠣᠭᠲᠠᠭᠠᠪᠠ᠃      ᠬᠤᠶᠠᠳᠤᠭᠠᠷ ᠵᠦᠢᠯ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ ᠵᠢᠴᠢ ᠬᠠᠷᠢᠶ᠎ᠠ ᠪᠦᠬᠦᠢ ᠪᠤᠰᠤᠳ ᠳᠠᠯᠠᠶ ᠶᠢᠨ ᠣᠷᠣᠨ ᠳᠤ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠵᠢᠴᠢ ᠬᠠᠮᠢᠶ᠎ᠠ ᠪᠦᠬᠦᠢ ᠠᠵᠢᠯᠯᠠᠭ᠎ᠠ ᠥᠷᠨᠢᠭᠦᠯᠬᠦ ᠳᠤ ᠲᠤᠰ ᠲᠦᠷᠢᠮ ᠲᠣᠬᠢᠷᠠᠨ᠎ᠠ᠃ ᠬᠠᠤᠯᠢ ᠳᠣᠭᠲᠠᠭᠠᠯ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠥᠭᠡᠷ᠎ᠡ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      ᠲᠤᠰ ᠲᠦᠷᠢᠮ ᠳᠤ ᠬᠡᠯᠡᠵᠦ ᠪᠠᠶᠢᠭ᠎ᠠ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠭᠡᠳᠡᠭ ᠨᠢ ᠡᠳ᠋ ᠤᠨ ᠵᠠᠰᠠᠭ ᠤᠨ ᠭᠤᠯᠳᠤ ᠪᠠᠷ ᠨᠥᠬᠦᠪᠥᠷᠢᠯᠡᠬᠦ᠂ ᠭᠠᠵᠠᠷ ᠣᠷᠣᠨ ᠤ ᠬᠤᠭᠤᠷᠣᠨᠳᠤᠬᠢ ᠬᠥᠨᠳᠡᠯᠡᠨ ᠨᠥᠬᠦᠪᠥᠷᠢ᠂ ᠵᠠᠬ᠎ᠠ ᠳᠡᠯᠭᠡᠭᠦᠷ ᠤᠨ ᠲᠣᠭᠲᠠᠴᠠ ᠪᠠᠷ ᠨᠥᠬᠦᠪᠥᠷᠢᠯᠡᠬᠦ ᠵᠡᠷᠭᠡ ᠲᠣᠭᠲᠠᠴᠠ ᠪᠠᠷ ᠳᠠᠮᠵᠢᠭᠤᠯᠤᠨ᠂ ᠲᠣᠭᠲᠠᠭᠠᠯ ᠪᠤᠶᠤ ᠪᠣᠯᠵᠣᠨ ᠲᠣᠭᠲᠠᠭᠰᠠᠨ ᠶᠣᠰᠣᠭᠠᠷ ᠠᠮᠢ ᠠᠬᠤᠶ ᠶᠢᠨ ᠬᠠᠮᠠᠭᠠᠯᠠᠯᠲᠠ ᠶᠢ ᠥᠷᠨᠢᠭᠦᠯᠬᠦ ᠨᠢᠭᠡᠴᠡ ᠪᠣᠯᠤᠨ ᠬᠤᠪᠢ ᠬᠥᠮᠦᠨ ᠳᠤ ᠨᠥᠬᠦᠪᠥᠷᠢ ᠣᠯᠭᠤᠬᠤ ᠶᠢᠨ ᠤᠷᠮᠠᠰᠢᠭᠤᠯᠬᠤ ᠴᠢᠨᠠᠷᠲᠠᠶ ᠳᠦᠷᠢᠮ ᠤᠨ ᠲᠣᠬᠢᠷᠠᠭᠤᠯᠤᠯᠲᠠ ᠶᠢ ᠵᠢᠭᠠᠵᠤ ᠪᠤᠶ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢ ᠪᠡᠯᠡ ᠮᠥᠩᠭᠦ ᠪᠠᠷ ᠨᠥᠬᠦᠪᠥᠷᠢᠯᠡᠬᠦ᠂ ᠰᠢᠰᠲ᠋ᠧᠮᠵᠢᠭᠰᠡᠨ ᠬᠡᠯᠡᠯᠴᠡᠭᠡᠷ᠂ ᠠᠵᠤ ᠦᠢᠯᠡᠰ ᠢ ᠰᠢᠯᠵᠢᠭᠦᠯᠬᠦ᠂ ᠴᠢᠳᠠᠪᠤᠷᠢᠲᠠᠨ ᠢ ᠪᠣᠯᠪᠠᠰᠤᠷᠠᠭᠤᠯᠬᠤ᠂ ᠬᠦᠷᠢᠶᠡᠯᠡᠩ ᠲᠣᠭᠤᠷᠢᠭ ᠢ ᠬᠠᠮᠲᠤᠪᠠᠷ ᠪᠠᠶᠢᠭᠤᠯᠬᠤ᠂ ᠠᠮᠢ ᠠᠬᠤᠶ ᠶᠢᠨ ᠦᠢᠯᠡᠳᠬᠦᠨ ᠪᠠ ᠦᠢᠯᠡᠴᠢᠯᠡᠭᠡᠨ ᠢ ᠬᠤᠳᠠᠯᠳᠤᠨ ᠠᠪᠬᠤ ᠵᠡᠷᠭᠡ ᠣᠯᠠᠨ ᠵᠦᠢᠯ ᠤᠨ ᠨᠥᠬᠦᠪᠥᠷᠢᠯᠡᠬᠦ ᠠᠷᠭ᠎ᠠ ᠮᠠᠶ᠋ᠢᠭ ᠢ ᠠᠪᠴᠤ ᠪᠣᠯᠤᠨ᠎ᠠ᠃      ᠡᠮᠦᠨᠡᠬᠢ ᠵᠤᠷᠪᠤᠰ ᠲᠤ ᠬᠡᠯᠡᠵᠦ ᠪᠠᠶᠢᠭ᠎ᠠ ᠨᠢᠭᠡᠴᠡ ᠪᠣᠯᠤᠨ ᠬᠤᠪᠢ ᠬᠥᠮᠦᠨ ᠭᠡᠳᠡᠭ ᠲᠤ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠪᠦᠷᠢᠯᠳᠦᠬᠦᠨ ᠵᠢᠴᠢ ᠨᠥᠬᠦᠪᠥᠷᠢ ᠣᠯᠬᠤ ᠶᠣᠰᠣᠲᠠᠶ ᠪᠤᠰᠤᠳ ᠨᠢᠭᠡᠴᠡ ᠪᠣᠯᠤᠨ ᠬᠤᠪᠢ ᠬᠥᠮᠦᠨ ᠢ ᠪᠠᠭᠲᠠᠭᠠᠨ᠎ᠠ᠃      ᠭᠤᠷᠪᠠᠳᠤᠭᠠᠷ ᠵᠦᠢᠯ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠤᠨ ᠬᠢᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ᠂ ᠨᠢᠭᠡᠳᠦᠯᠲᠡᠶ ᠲᠥᠯᠥᠪᠯᠡᠨ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠶ ᠶᠢᠨ ᠦᠷ᠎ᠡ ᠠᠰᠢᠭ ᠬᠢᠭᠡᠳ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠨ ᠬᠠᠷᠢᠯᠴᠠᠨ ᠨᠢᠭᠡᠳᠬᠦ ᠶᠢ ᠪᠠᠷᠢᠮᠲᠠᠯᠠᠬᠤ ᠬᠡᠷᠡᠭᠲᠡᠶ᠃      ᠳᠥᠷᠪᠡᠳᠦᠭᠡᠷ ᠵᠦᠢᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠠᠵᠢᠯ ᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠲᠣᠭᠲᠠᠭᠤᠨ ᠨᠥᠬᠦᠪᠥᠷᠢ ᠥᠭᠬᠦ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃      ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠡᠯᠡ ᠮᠥᠩᠭᠦ ᠶᠢᠨ ᠠᠷᠭ᠎ᠠ ᠵᠠᠮ ᠢ ᠥᠷᠭᠡᠳᠬᠡᠵᠦ ᠪᠣᠯᠤᠨ᠎ᠠ᠃      ᠲᠠᠪᠤᠳᠤᠭᠠᠷ ᠵᠦᠢᠯ᠂ ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠤᠰᠤᠨ ᠤ ᠵᠠᠰᠠᠭ ᠵᠠᠬᠢᠷᠭᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠬᠥᠳᠡᠭᠡ ᠲᠣᠰᠬᠤᠨ᠂ ᠣᠶ ᠰᠢᠭᠤᠶ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠬᠤ ᠬᠡᠷᠡᠭᠲᠡᠶ᠃      ᠵᠢᠷᠭᠤᠳᠤᠭᠠᠷ ᠵᠦᠢᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠤᠨ ᠬᠠᠮᠢᠶ᠎ᠠ ᠪᠦᠬᠦᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠷᠢᠶ᠎ᠠ ᠪᠦᠬᠦᠢ ᠰᠠᠯᠠᠭ᠎ᠠ ᠮᠥᠴᠢᠷ ᠪᠣᠯᠤᠨ ᠳᠣᠤᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠨ ᠰᠢᠮᠳᠠᠭᠤᠯᠵᠤ ᠪᠠᠶᠢᠭᠠᠳ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠢ ᠥᠷᠨᠢᠭᠦᠯᠬᠦ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ᠳᠣᠯᠣᠳᠤᠭᠠᠷ ᠵᠦᠢᠯ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠤᠨ ᠳᠤᠮᠳᠠ ᠲᠣᠪᠤᠶᠢᠮ᠎ᠠ ᠠᠮᠵᠢᠯᠲᠠ ᠭᠠᠷᠭᠠᠭᠰᠠᠨ ᠨᠢᠭᠡᠴᠡ ᠪᠣᠯᠤᠨ ᠬᠤᠪᠢ ᠬᠥᠮᠦᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠬᠤ ᠪᠠ ᠱᠠᠩᠨᠠᠨ᠎ᠠ᠃      ᠬᠤᠶᠠᠳᠤᠭᠠᠷ ᠪᠦᠯᠦᠭ᠂ ᠡᠳ᠋ ᠤᠨ ᠵᠠᠰᠠᠭ ᠤᠨ ᠭᠤᠯᠳᠤ ᠴᠢᠭᠯᠡᠯ ᠢᠶᠠᠷ ᠨᠥᠬᠦᠪᠥᠷᠢᠯᠡᠬᠦ      ᠨᠠᠢᠮᠠᠳᠤᠭᠠᠷ ᠵᠦᠢᠯ᠂ ᠤᠯᠤᠰ ᠠᠴᠠ ᠡᠳ᠋ ᠤᠨ ᠵᠠᠰᠠᠭ ᠤᠨ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠢᠬᠤᠯᠠ ᠠᠮᠢ ᠠᠬᠤᠶ ᠶᠢᠨ ᠣᠷᠴᠢᠨ ᠲᠣᠭᠤᠷᠢᠨ ᠤ ᠴᠢᠬᠤᠯᠠ ᠬᠦᠴᠦᠨ ᠵᠦᠢᠯ ᠤᠨ ᠬᠠᠮᠠᠭᠠᠯᠠᠯᠲᠠ ᠶᠢ ᠥᠷᠨᠢᠭᠦᠯᠦᠭᠰᠡᠨ ᠨᠢᠭᠡᠴᠡ ᠪᠠ ᠬᠤᠪᠢ ᠬᠥᠮᠦᠨ ᠵᠢᠴᠢ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠭᠰᠠᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠦ ᠣᠷᠣᠨ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠡᠷᠭᠡ ᠠᠮᠢ ᠠᠬᠤᠶ ᠶᠢᠨ ᠴᠢᠳᠠᠮᠵᠢᠲᠦ ᠴᠢᠬᠤᠯᠠ ᠣᠷᠣᠨ ᠪᠦᠰᠡ ᠳᠤ ᠠᠮᠢ ᠠᠬᠤᠶ ᠶᠢᠨ ᠬᠠᠮᠠᠭᠠᠯᠠᠯᠲᠠ ᠶᠢ ᠥᠷᠨᠢᠭᠦᠯᠦᠭᠰᠡᠨ ᠨᠢᠭᠡᠴᠡ ᠪᠠ ᠬᠤᠪᠢ ᠬᠥᠮᠦᠨ ᠳᠤ ᠨᠥᠬᠦᠪᠥᠷᠢ ᠥᠭᠭᠦᠨ᠎ᠡ᠃      ᠶᠢᠰᠦᠳᠦᠭᠡᠷ ᠵᠦᠢᠯ᠂ ᠠᠮᠢ ᠠᠬᠤᠢ ᠶᠢᠨ ᠣᠷᠴᠢᠨ ᠲᠣᠭᠤᠷᠢᠨ ᠤ ᠴᠢᠬᠤᠯᠠ ᠬᠦᠴᠦᠨ ᠵᠦᠢᠯ ᠤᠨ ᠬᠠᠮᠠᠭᠠᠯᠠᠯᠲᠠ ᠶᠢ ᠥᠷᠨᠢᠭᠦᠯᠦᠭᠰᠡᠨ ᠨᠢᠭᠡᠴᠡ ᠪᠣᠯᠣᠨ ᠬᠤᠪᠢ ᠬᠥᠮᠥᠨ ᠢ ᠲᠥᠪ ᠤᠨ ᠡᠳ᠋ ᠤᠨ ᠵᠠᠰᠠᠭ ᠠᠴᠠ ᠳᠣᠣᠷᠠᠬᠢ ᠮᠡᠲᠦ ᠲᠥᠷᠥᠯ ᠬᠤᠪᠢᠶᠠᠨ ᠨᠥᠬᠦᠪᠦᠷᠢ ᠣᠯᠭᠤᠨ᠎ᠠ ︵ᠳᠣᠷᠣᠭᠰᠢ ᠲᠥᠷᠥᠯ ᠬᠤᠪᠢᠶᠠᠨ ᠨᠥᠬᠦᠪᠦᠷᠢ ᠣᠯᠭᠤᠨ᠎ᠠ︶᠄      ︵ᠨᠢᠭᠡ︶ ᠣᠢ ᠰᠢᠭᠤᠢ᠂      ︵ᠬᠤᠶᠠᠷ︶ ᠲᠠᠯ᠎ᠠ ᠨᠤᠲᠤᠭ᠂      ︵ᠭᠤᠷᠪᠠ︶ ᠨᠦᠢᠲᠠᠨ ᠭᠠᠵᠠᠷ᠂      ︵ᠲᠦᠷᠪᠡ︶ ᠴᠦᠯᠯᠡᠷᠭᠡᠭ ᠭᠠᠵᠠᠷ᠂      ︵ᠲᠠᠪᠤ︶ ᠳᠠᠯᠠᠢ ᠲᠠᠩᠭᠢᠰ᠂      ︵ᠵᠢᠷᠭᠤᠭ᠎ᠠ︶ ᠤᠰᠤᠨ ᠤᠷᠤᠰᠬᠠᠯ᠂      ︵ᠳᠤᠯᠤᠭ᠎ᠠ︶ ᠲᠠᠷᠢᠶᠠᠨ ᠭᠠᠵᠠᠷ᠂      ︵ᠨᠠᠢᠮᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠤᠯᠤᠰ ᠠᠴᠠ ᠲᠣᠭᠲᠠᠭᠠᠭᠰᠠᠨ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ᠂ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠵᠡᠷᠭᠡ ᠪᠤᠰᠤᠳ ᠴᠢᠬᠤᠯᠠ ᠠᠮᠢ ᠠᠬᠤᠶ ᠶᠢᠨ ᠣᠷᠴᠢᠨ ᠲᠣᠭᠤᠷᠢᠨ ᠤ ᠴᠢᠬᠤᠯᠠ ᠬᠦᠴᠦᠨ ᠵᠦᠢᠯ᠃      ᠡᠮᠦᠨᠡᠬᠢ ᠵᠤᠷᠪᠤᠰ ᠲᠤ ᠲᠣᠭᠲᠠᠭᠠᠭᠰᠠᠨ ᠨᠥᠬᠦᠪᠥᠷᠢ ᠥᠭᠬᠦ ᠪᠣᠳᠠᠲᠠᠶ ᠬᠡᠪᠴᠢᠶ᠎ᠡ᠂ ᠨᠥᠬᠦᠪᠥᠷᠢ ᠥᠭᠬᠦ ᠠᠷᠭ᠎ᠠ ᠮᠠᠶ᠋ᠢᠭ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ ᠪᠠᠶᠢᠭᠠᠳ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ᠂ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠵᠡᠷᠭᠡ ᠬᠦᠴᠦᠨ ᠵᠦᠢᠯ ᠢ ᠦᠨᠳᠦᠰᠦᠯᠡᠨ ᠲᠥᠷᠥᠯ ᠬᠤᠪᠢᠶᠠᠨ ᠲᠣᠭᠲᠠᠭᠠᠬᠤ ᠶᠢᠨ ᠬᠠᠮᠲᠤ᠂ ᠨᠥᠬᠦᠪᠥᠷᠢ ᠥᠭᠬᠦ ᠪᠡᠯᠡ ᠮᠥᠩᠭᠦ ᠶᠢᠨ ᠬᠡᠷᠡᠭᠯᠡᠯᠲᠡ ᠵᠢᠴᠢ ᠬᠢᠨᠠᠯᠲᠠ ᠬᠠᠮᠢᠶᠠᠷᠤᠯᠲᠠ ᠵᠡᠷᠭᠡ ᠵᠦᠢᠯ ᠤᠳ ᠲᠠᠢ ᠨᠡᠶᠢᠯᠡᠭᠦᠯᠦᠨ ᠬᠠᠤᠯᠢ ᠶᠣᠰᠣᠭᠠᠷ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠲᠥᠪ ᠤᠨ ᠡᠳ᠋ ᠤᠨ ᠵᠠᠰᠠᠭ ᠠᠴᠠ ᠲᠥᠷᠥᠯ ᠬᠤᠪᠢᠶᠠᠨ ᠨᠥᠬᠦᠪᠥᠷᠢᠯᠡᠬᠦ ᠪᠣᠳᠠᠲᠠᠶ ᠠᠷᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠦᠷᠢᠶ᠎ᠡ ᠬᠤᠪᠢᠶᠠᠨ ᠲᠣᠭᠲᠠᠭᠠᠨ᠎ᠠ᠃      ᠠᠷᠪᠠᠳᠤᠭᠠᠷ ᠵᠦᠢᠯ᠂ ᠲᠥᠪ ᠤᠨ ᠡᠳ᠋ ᠤᠨ ᠵᠠᠰᠠᠭ ᠠᠴᠠ ᠲᠥᠷᠥᠯ ᠬᠤᠪᠢᠶᠠᠨ ᠨᠥᠬᠦᠪᠦᠷᠢ ᠥᠭᠭᠦᠭᠰᠡᠨ ᠰᠠᠭᠤᠷᠢᠨ ᠳᠡᠭᠡᠷ᠎ᠡ᠂ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠵᠠᠷᠴᠢᠮ ᠶᠣᠰᠣᠭᠠᠷ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠲᠥᠷᠥᠯ ᠬᠤᠪᠢᠶᠠᠨ ᠨᠥᠬᠦᠪᠦᠷᠢ ᠥᠭᠬᠦ ᠳᠦᠷᠢᠮ ᠢ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠴᠢᠬᠤᠯᠠ ᠡᠯᠧᠮᠧᠨ᠋ᠲ ᠢ ᠬᠠᠮᠠᠭᠠᠯᠠᠬᠤ ᠠᠵᠢᠯ ᠢ ᠥᠷᠨᠢᠭᠦᠯᠦᠭᠰᠡᠨ ᠨᠢᠭᠡᠴᠡ ᠪᠠ ᠬᠤᠪᠢ ᠬᠥᠮᠥᠨ ᠳᠤ ᠨᠥᠬᠦᠪᠦᠷᠢ ᠥᠭᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃      ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠤᠶᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠥᠪ ᠤᠨ ᠡᠳ᠋ ᠤᠨ ᠵᠠᠰᠠᠭ ᠪᠣᠯᠤᠨ ᠣᠷᠣᠨ ᠨᠤᠲᠤᠭ ᠤᠨ ᠡᠳ᠋ ᠤᠨ ᠵᠠᠰᠠᠭ ᠠᠴᠠ ᠬᠠᠮᠲᠤ ᠪᠠᠷ ᠪᠡᠯᠡ ᠭᠠᠷᠭᠠᠵᠤ ᠲᠥᠷᠥᠯ ᠬᠤᠪᠢᠶᠠᠨ ᠨᠥᠬᠦᠪᠥᠷᠢ ᠥᠭᠬᠦ ᠶᠢ ᠬᠡᠷᠡᠭᠵᠢᠭᠦᠯᠬᠦ ᠪᠤᠶᠤ ᠣᠷᠣᠨ ᠨᠤᠲᠤᠭ ᠤᠨ ᠡᠳ᠋ ᠤᠨ ᠵᠠᠰᠠᠭ ᠠᠴᠠ ᠪᠡᠯᠡ ᠭᠠᠷᠭᠠᠵᠤ ᠲᠥᠷᠥᠯ ᠬᠤᠪᠢᠶᠠᠨ ᠨᠥᠬᠦᠪᠥᠷᠢ ᠥᠭᠬᠦ ᠶᠢ ᠬᠡᠷᠡᠭᠵᠢᠭᠦᠯᠬᠦ ᠪᠠᠷ ᠱᠠᠭᠠᠷᠳᠠᠭᠰᠠᠨ ᠪᠠᠶᠢᠪᠠᠯ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠲᠣᠭᠲᠠᠭᠠᠯ ᠶᠣᠰᠣᠭᠠᠷ ᠪᠡᠯᠡ ᠮᠥᠩᠭᠦ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠬᠤ ᠬᠡᠷᠡᠭᠲᠡᠶ᠃      ᠠᠷᠪᠠᠨ ᠨᠢᠭᠡᠳᠦᠭᠡᠷ ᠵᠦᠢᠯ᠂ ᠲᠥᠪ ᠤᠨ ᠡᠳ᠋ ᠤᠨ ᠵᠠᠰᠠᠭ ᠠᠴᠠ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠰᠢᠯᠵᠢᠭᠦᠯᠦᠨ ᠥᠭᠬᠦ ᠶᠢ ᠲᠣᠬᠢᠷᠠᠭᠤᠯᠵᠤ᠂ ᠡᠳ᠋ ᠤᠨ ᠬᠦᠴᠦᠨ ᠤ ᠪᠠᠶᠢᠳᠠᠯ ᠲᠠᠢ ᠤᠶᠠᠯᠳᠤᠭᠤᠯᠤᠨ ᠰᠢᠯᠵᠢᠭᠦᠯᠦᠨ ᠥᠭᠬᠦ ᠬᠡᠪᠴᠢᠶ᠎ᠡ ᠶᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠠᠮᠢ ᠠᠬᠤᠶ ᠶᠢᠨ ᠦᠷ᠎ᠡ ᠠᠰᠢᠭ ᠤᠨ ᠭᠠᠳᠠᠭᠰᠢ ᠪᠢᠯᠬᠠᠬᠤ ᠴᠢᠨᠠᠷ᠂ ᠠᠮᠢ ᠠᠬᠤᠶ ᠶᠢᠨ ᠴᠢᠳᠠᠮᠵᠢ ᠶᠢᠨ ᠴᠢᠬᠤᠯᠠ ᠴᠢᠨᠠᠷ᠂ ᠠᠮᠢ ᠠᠬᠤᠶ ᠶᠢᠨ ᠣᠷᠴᠢᠨ ᠲᠣᠭᠤᠷᠢᠨ ᠤ ᠰᠡᠷᠭᠡᠭ ᠴᠢᠨᠠᠷ ᠪᠠ ᠬᠡᠪᠡᠷᠡᠭ ᠴᠢᠨᠠᠷ ᠵᠡᠷᠭᠡ ᠣᠨᠴᠠᠯᠢᠭ ᠢ ᠦᠨᠳᠦᠰᠦᠯᠡᠨ᠂ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠦ ᠣᠷᠣᠨ ᠤ ᠰᠢᠯᠵᠢᠭᠦᠯᠦᠨ ᠥᠭᠬᠦ ᠳᠤ ᠵᠦᠷᠢᠶᠡᠴᠢᠯᠡᠭᠰᠡᠨ ᠨᠥᠬᠦᠪᠥᠷᠢ ᠥᠭᠬᠦ ᠶᠢ ᠬᠡᠷᠡᠭᠵᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠤᠷᠬᠤ ᠬᠠᠷᠢᠴᠠᠯ ᠨᠡᠯᠢᠶᠡᠳ ᠥᠨᠳᠥᠷ ᠭᠠᠵᠠᠷ ᠣᠷᠣᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃      ᠲᠥᠷᠥ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠰᠢᠯᠵᠢᠭᠦᠯᠦᠨ ᠥᠭᠬᠦ ᠬᠡᠪᠴᠢᠶ᠎ᠡ ᠪᠠ ᠰᠢᠯᠵᠢᠭᠦᠯᠦᠨ ᠥᠭᠬᠦ ᠪᠡᠯᠡ ᠮᠥᠩᠭᠦ ᠶᠢᠨ ᠬᠤᠪᠢᠶᠠᠷᠢᠯᠠᠬᠤ ᠠᠷᠭ᠎ᠠ ᠮᠠᠶ᠋ᠢᠭ ᠢ ᠲᠣᠳᠣᠷᠬᠠᠶᠢᠯᠠᠬᠤ ᠬᠡᠷᠡᠭᠲᠡᠶ᠃      ᠠᠷᠪᠠᠨ ᠬᠤᠶᠠᠳᠤᠭᠠᠷ ᠵᠦᠢᠯ᠂ ᠤᠯᠤᠰ ᠠᠴᠠ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠲᠥᠪ ᠤᠨ ᠡᠳ᠋ ᠤᠨ ᠵᠠᠰᠠᠭ ᠪᠣᠯᠤᠨ ᠣᠷᠣᠨ ᠨᠤᠲᠤᠭ ᠤᠨ ᠡᠳ᠋ ᠤᠨ ᠵᠠᠰᠠᠭ ᠠᠴᠠ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠠᠭᠠᠯᠠᠯᠲᠠ ᠶᠢ ᠥᠷᠨᠢᠭᠦᠯᠦᠭᠰᠡᠨ ᠨᠢᠭᠡᠴᠢ ᠪᠣᠯᠤᠨ ᠬᠤᠪᠢ ᠬᠥᠮᠦᠨ ᠳᠤ ᠲᠥᠷᠥᠯ ᠬᠤᠪᠢᠶᠠᠨ ᠲᠠᠰ ᠬᠤᠪᠢᠶᠠᠨ ᠨᠥᠬᠦᠪᠥᠷᠢ ᠥᠭᠴᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠥᠷᠥᠯ ᠬᠡᠯᠪᠡᠷᠢ᠂ ᠲᠠᠰ᠂ ᠬᠡᠪᠴᠢᠶ᠎ᠡ ᠪᠠ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠵᠡᠷᠭᠡ ᠶᠢ ᠦᠨᠳᠦᠰᠦᠯᠡᠨ ᠰᠢᠯᠵᠢᠭᠦᠯᠦᠨ ᠥᠭᠬᠦ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠨ᠎ᠠ᠃      ᠠᠷᠪᠠᠨ ᠭᠤᠷᠪᠠᠳᠤᠭᠠᠷ ᠵᠦᠢᠯ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠯᠤᠭᠰᠠᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠡᠯᠡ ᠮᠥᠩᠭᠦ ᠶᠢ ᠲᠣᠭᠲᠠᠭᠠᠭᠰᠠᠨ ᠬᠡᠷᠡᠭᠯᠡᠮᠵᠢ ᠶᠣᠰᠣᠭᠠᠷ ᠬᠡᠷᠡᠭᠯᠡᠬᠦ ᠬᠡᠷᠡᠭᠲᠡᠶ᠃      ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠡᠯᠡ ᠮᠥᠩᠭᠦ ᠪᠠᠨ ᠠᠮᠢ ᠠᠬᠤᠶ ᠶᠢᠨ ᠬᠠᠮᠠᠭᠠᠯᠠᠯᠲᠠ ᠶᠢ ᠥᠷᠨᠢᠭᠦᠯᠬᠦ ᠨᠢᠭᠡᠴᠡ ᠪᠣᠯᠤᠨ ᠬᠤᠪᠢ ᠬᠥᠮᠦᠨ ᠳᠤ ᠲᠣᠭᠲᠠᠭᠠᠯ ᠶᠣᠰᠣᠭᠠᠷ ᠴᠠᠭ ᠲᠤᠬᠠᠶ ᠳᠤᠨᠢ ᠨᠥᠬᠦᠪᠥᠷᠢᠯᠡᠨ ᠥᠭᠬᠦ ᠬᠡᠷᠡᠭᠲᠡᠶ᠂ ᠦᠯᠡᠳᠡᠭᠡᠨ ᠠᠪᠴᠤ᠂ ᠡᠵᠡᠯᠡᠨ ᠬᠡᠷᠡᠭᠯᠡᠵᠦ᠂ ᠨᠡᠭᠦᠯᠭᠡᠨ ᠬᠡᠷᠡᠭᠯᠡᠬᠦ ᠪᠤᠶᠤ ᠥᠷᠢᠲᠦᠵᠦ ᠪᠣᠯᠬᠤ ᠦᠭᠡᠶ᠃      ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠬᠡᠷᠡᠭᠯᠡᠭᠰᠡᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠡᠯᠡ ᠮᠥᠩᠭᠦ ᠶᠢ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ᠂ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠪᠠ ᠵᠠᠰᠠᠨ ᠰᠡᠷᠭᠦᠭᠡᠬᠦ ᠵᠡᠷᠭᠡ ᠳᠤ ᠤᠷᠢᠳᠠᠪᠠᠷ ᠬᠡᠷᠡᠭᠯᠡᠬᠦ ᠬᠡᠷᠡᠭᠲᠡᠶ᠃      ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠪᠠᠶᠢᠭ᠎ᠠ ᠭᠠᠵᠠᠷ ᠤᠨ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠨᠥᠬᠦᠪᠥᠷᠢ ᠮᠥᠩᠭᠦ ᠶᠢ ᠨᠢᠭᠡᠳᠦᠯᠲᠡᠶ ᠲᠥᠯᠥᠪᠯᠡᠨ ᠬᠡᠷᠡᠭᠯᠡᠬᠦ ᠶᠢ ᠯᠠᠪᠳᠠᠭᠤᠨ ᠢᠶᠠᠷ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠪᠦᠬᠦᠯᠢ ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃      ᠭᠤᠷᠪᠠᠳᠤᠭᠠᠷ ᠪᠦᠯᠦᠭ᠂ ᠭᠠᠵᠠᠷ ᠣᠷᠣᠨ ᠤ ᠬᠤᠭᠤᠷᠣᠨᠳᠣᠬᠢ ᠬᠥᠨᠳᠡᠯᠡᠨ ᠨᠥᠬᠦᠪᠥᠷᠢ      ᠠᠷᠪᠠᠨ ᠳᠥᠷᠪᠡᠳᠦᠭᠡᠷ ᠵᠦᠢᠯ᠂ ᠤᠯᠤᠰ ᠠᠴᠠ ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠬᠢᠭᠡᠳ ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠵᠥᠪᠳᠡᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢᠯᠡᠬᠦ ᠲᠣᠭᠲᠠᠴᠠ ᠶᠢ ᠪᠠᠶᠢᠭᠤᠯᠵᠤ᠂ ᠭᠠᠵᠠᠷ ᠣᠷᠣᠨ ᠤ ᠬᠤᠭᠤᠷᠣᠨᠳᠣᠬᠢ ᠠᠮᠢ ᠠᠬᠤᠶ ᠶᠢᠨ ᠬᠠᠮᠠᠭᠠᠯᠠᠯᠲᠠ ᠶᠢᠨ ᠬᠥᠨᠳᠡᠯᠡᠨ ᠨᠥᠬᠦᠪᠥᠷᠢ ᠶᠢ ᠥᠷᠨᠢᠭᠦᠯᠬᠦ ᠶᠢ ᠵᠣᠷᠢᠭᠵᠢᠭᠤᠯᠤᠨ᠎ᠠ᠃      ᠠᠮᠢ ᠠᠬᠤᠶ ᠶᠢᠨ ᠬᠠᠮᠠᠭᠠᠯᠠᠯᠲᠠ ᠶᠢᠨ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠣᠤᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠭᠤᠷᠣᠨᠳᠣ ᠪᠠᠨ ᠭᠠᠵᠠᠷ ᠣᠷᠣᠨ ᠤ ᠬᠤᠭᠤᠷᠣᠨᠳᠣ ᠪᠠᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠣᠯᠤᠨ᠎ᠠ᠃      ᠠᠷᠪᠠᠨ ᠲᠠᠪᠤᠳᠤᠭᠠᠷ ᠵᠦᠢᠯ᠂ ᠭᠠᠵᠠᠷ ᠣᠷᠣᠨ ᠤ ᠬᠤᠭᠤᠷᠣᠨᠳᠣᠬᠢ ᠠᠮᠢ ᠠᠬᠤᠶ ᠶᠢᠨ ᠬᠠᠮᠠᠭᠠᠯᠠᠯᠲᠠ ᠶᠢᠨ ᠬᠥᠨᠳᠡᠯᠡᠨ ᠨᠥᠬᠦᠪᠥᠷᠢ ᠶᠢ ᠳᠣᠤᠷᠠᠬᠢ ᠣᠷᠣᠨ ᠪᠦᠰᠡ ᠳᠤ ᠬᠠᠨᠳᠤᠭᠤᠯᠤᠨ ᠦᠷᠨᠢᠭᠦᠯᠤᠨ᠎ᠠ᠄      ︵ᠨᠢᠭᠡ︶ ᠭᠤᠣᠯ ᠮᠥᠷᠡᠨ ᠤ ᠰᠠᠪᠠ ᠭᠠᠵᠠᠷ ᠤᠨ ᠳᠡᠭᠡᠳᠦ ᠳᠣᠣᠷᠠᠳᠤ ᠤᠷᠤᠰᠬᠠᠯ᠂ ᠵᠡᠭᠦᠨ ᠪᠠᠷᠠᠭᠤᠨ ᠡᠷᠭᠢ᠂ ᠭᠤᠣᠯ ᠰᠠᠯᠪᠤᠷᠢ ᠤᠷᠤᠰᠬᠠᠯ ᠤᠨ ᠪᠠᠶᠢᠭ᠎ᠠ ᠭᠠᠵᠠᠷ ᠣᠷᠣᠨ᠃      ︵ᠬᠤᠶᠠᠷ︶ ᠴᠢᠬᠤᠯᠠ ᠠᠮᠢ ᠠᠬᠤᠢ ᠶᠢᠨ ᠣᠷᠴᠢᠨ ᠲᠣᠭᠤᠷᠢᠨ ᠤ ᠬᠦᠴᠦᠨ ᠵᠦᠢᠯ ᠤᠨ ᠪᠠᠶᠢᠭ᠎ᠠ ᠣᠷᠣᠨ ᠪᠦᠰᠡ ᠵᠢᠴᠢ ᠪᠤᠰᠤᠳ ᠠᠮᠢ ᠠᠬᠤᠢ ᠶᠢᠨ ᠴᠢᠳᠠᠮᠵᠢ ᠶᠢᠨ ᠴᠢᠬᠤᠯᠠ ᠣᠷᠣᠨ ᠪᠦᠰᠡ᠃      ︵ᠭᠤᠷᠪᠠ︶ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤᠨ ᠰᠤᠷᠪᠤᠯᠵᠢ ᠶᠢᠨ ᠭᠠᠵᠠᠷ ᠵᠢᠴᠢ ᠵᠠᠮ ᠳᠠᠭᠠᠤ ᠶᠢᠨ ᠬᠠᠮᠠᠭᠠᠯᠠᠯᠲᠠ ᠶᠢᠨ ᠣᠷᠣᠨ᠃      ︵ᠲᠦᠷᠪᠡ︶ ᠵᠥᠪᠯᠡᠯᠴᠡᠭᠡᠷ ᠤᠨ ᠶᠣᠰᠣᠭᠠᠷ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠪᠤᠰᠤᠳ ᠣᠷᠣᠨ᠃      ᠠᠷᠪᠠᠨ ᠵᠢᠷᠭᠤᠳᠤᠭᠠᠷ ᠵᠦᠢᠯ᠂ ᠠᠮᠢ ᠠᠬᠤᠶ ᠶᠢᠨ ᠴᠢᠳᠠᠮᠵᠢ ᠨᠢ ᠤᠨᠴᠠᠭᠠᠢ ᠴᠢᠬᠤᠯᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠥᠪᠡᠷᠲᠡᠭᠡᠨ ᠵᠠᠰᠠᠬᠤ ᠵᠧᠦ ᠠᠯᠤᠰᠯᠠᠭᠰᠠᠨ᠂ ᠲᠣᠭᠤᠷᠢᠭ ᠲᠠᠢ ᠬᠤᠲᠠ ᠶᠢᠨ ᠭᠤᠤᠯᠳᠠᠯᠭ᠎ᠠ ᠲᠠᠢ ᠣᠷᠣᠨ ᠳᠤ ᠥᠷᠨᠢᠭᠦᠯᠦᠭᠰᠡᠨ ᠭᠠᠵᠠᠷ ᠣᠷᠣᠨ ᠤ ᠬᠤᠭᠤᠷᠣᠨᠳᠣᠬᠢ ᠠᠮᠢ ᠠᠬᠤᠶ ᠶᠢᠨ ᠬᠠᠮᠠᠭᠠᠯᠠᠯᠲᠠ ᠶᠢᠨ ᠬᠥᠨᠳᠡᠯᠡᠨ ᠨᠥᠬᠦᠪᠥᠷᠢ ᠶᠢ ᠪᠣᠯ ᠲᠥᠪ ᠤᠨ ᠡᠳ᠋ ᠤᠨ ᠵᠠᠰᠠᠭ ᠪᠣᠯᠤᠨ ᠮᠤᠵᠢ ᠶᠢᠨ ᠱᠠᠲᠤᠨ ᠤ ᠡᠳ᠋ ᠤᠨ ᠵᠠᠰᠠᠭ ᠠᠴᠠ ᠬᠥᠲᠥᠯᠥᠨ ᠵᠢᠯᠣᠭᠤᠳᠴᠤ ᠳᠡᠮᠵᠢᠵᠦ ᠪᠣᠯᠤᠨ᠎ᠠ᠃      ᠭᠠᠵᠠᠷ ᠣᠷᠣᠨ ᠤ ᠬᠤᠭᠤᠷᠣᠨᠳᠣᠬᠢ ᠠᠮᠢ ᠠᠬᠤᠶ ᠶᠢᠨ ᠬᠠᠮᠠᠭᠠᠯᠠᠯᠲᠠ ᠶᠢᠨ ᠬᠥᠨᠳᠡᠯᠡᠨ ᠨᠥᠬᠦᠪᠥᠷᠢ ᠶᠢ ᠥᠷᠨᠢᠭᠦᠯᠦᠭᠡᠳ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠪᠠᠯ᠂ ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠠᠴᠠ ᠲᠥᠯᠥᠪᠵᠢᠭᠦᠯᠬᠦ᠂ ᠪᠡᠯᠡ ᠮᠥᠩᠭᠦ᠂ ᠲᠥᠷᠥᠯ ᠵᠦᠢᠯ ᠤᠨ ᠲᠣᠬᠢᠷᠠᠭᠤᠯᠤᠯᠲᠠ ᠵᠡᠷᠭᠡ ᠲᠠᠯ᠎ᠠ ᠪᠠᠷ ᠵᠣᠬᠢᠰᠲᠠᠶ ᠳᠡᠮᠵᠢᠯᠭᠡ ᠦᠵᠡᠭᠦᠯᠵᠦ ᠪᠣᠯᠤᠨ᠎ᠠ᠃      ᠠᠷᠪᠠᠨ ᠳᠣᠯᠣᠳᠤᠭᠠᠷ ᠵᠦᠢᠯ᠂ ᠭᠠᠵᠠᠷ ᠣᠷᠣᠨ ᠤ ᠬᠤᠭᠤᠷᠣᠨᠳᠣᠬᠢ ᠠᠮᠢ ᠠᠬᠤᠶ ᠶᠢᠨ ᠬᠠᠮᠠᠭᠠᠯᠠᠯᠲᠠ ᠶᠢᠨ ᠬᠥᠨᠳᠡᠯᠡᠨ ᠨᠥᠬᠦᠪᠥᠷᠢ ᠶᠢ ᠥᠷᠨᠢᠭᠦᠯᠵᠦ᠂ ᠬᠤᠯᠪᠣᠭᠳᠠᠯ ᠪᠥᠬᠦᠶ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠢᠴᠢᠭ ᠤᠨ ᠬᠡᠯᠡᠯᠴᠡᠭᠡᠷ ︵ᠳᠣᠷᠣᠭᠰᠢ ᠨᠥᠬᠦᠪᠥᠷᠢ ᠥᠭᠬᠦ ᠬᠡᠯᠡᠯᠴᠡᠭᠡᠷ ᠭᠡᠨ᠎ᠡ︶ ᠲᠣᠭᠲᠠᠵᠤ᠂ ᠳᠣᠤᠷᠠᠬᠢ ᠵᠦᠢᠯᠡᠰ ᠢ ᠲᠣᠳᠣᠷᠬᠠᠶᠢᠯᠠᠬᠤ ᠬᠡᠷᠡᠭᠲᠡᠶ᠄      ︵ᠨᠢᠭᠡ︶ ᠨᠥᠬᠦᠪᠥᠷᠢ ᠶᠢᠨ ᠪᠣᠳᠠᠲᠠᠢ ᠬᠦᠷᠢᠶ᠎ᠡ ᠬᠡᠪᠴᠢᠶ᠎ᠡ᠃      ︵ᠬᠤᠶᠠᠷ︶ ᠠᠮᠢ ᠠᠬᠤᠢ ᠶᠢᠨ ᠬᠠᠮᠠᠭᠠᠯᠠᠯᠲᠠ ᠶᠢᠨ ᠵᠢᠱᠢᠭᠰᠡᠨ ᠬᠠᠷᠠᠯᠲᠠ ᠵᠢᠴᠢ ᠬᠢᠨᠠᠨ ᠬᠡᠮᠵᠢᠬᠦ᠂ ᠦᠨᠡᠯᠡᠨ ᠮᠠᠭᠠᠳᠯᠠᠬᠤ ᠭᠦᠢᠴᠡᠳᠬᠡᠯ ᠲᠤᠭ᠎ᠠ᠃      ︵ᠭᠤᠷᠪᠠ︶ ᠠᠮᠢ ᠠᠬᠤᠢ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ᠃      ︵ᠲᠦᠷᠪᠡ︶ ᠨᠦᠬᠦᠪᠦᠷᠢ ᠦᠭᠬᠦ ᠠᠷᠭ᠎ᠠ ᠮᠠᠶ᠋ᠢᠭ ᠵᠢᠴᠢ ᠨᠦᠬᠦᠪᠦᠷᠢ ᠦᠭᠬᠦ ᠬᠠᠮᠢᠶ᠎ᠠ ᠪᠦᠬᠦᠢ ᠲᠣᠬᠢᠷᠡᠭᠤᠯᠥᠯᠳᠡ ᠶᠢ ᠨᠡᠶᠢᠳᠡᠪᠦᠷᠢᠵᠢᠭᠤᠯᠥᠨ᠎ᠠ᠃      ︵ᠲᠠᠪᠤ︶ ᠬᠡᠯᠡᠯᠴᠡᠭᠡᠷ ᠤᠨ ᠬᠤᠭᠤᠴᠠᠭ᠎ᠠ᠃      ︵ᠵᠢᠷᠭᠤᠭ᠎ᠠ︶ ᠬᠡᠯᠡᠯᠴᠡᠭᠡᠷ ᠢ ᠵᠦᠷᠢᠴᠡᠭᠰᠡᠨ ᠢ ᠰᠢᠢᠳᠪᠦᠷᠢᠯᠡᠬᠦ᠃      ︵ᠳᠤᠯᠤᠭ᠎ᠠ︶ ᠪᠤᠰᠤᠳ ᠵᠦᠢᠯ᠃      ᠨᠥᠬᠦᠪᠥᠷᠢᠯᠡᠬᠦ ᠬᠡᠯᠡᠯᠴᠡᠭᠡᠷ ᠤᠨ ᠠᠭᠤᠯᠭ᠎ᠠ ᠶᠢ ᠲᠣᠭᠲᠠᠭᠠᠬᠤ ᠳᠤ ᠠᠮᠢ ᠠᠬᠤᠶ ᠶᠢᠨ ᠬᠠᠮᠠᠭᠠᠯᠠᠯᠲᠠ ᠶᠢᠨ ᠣᠳᠣᠬᠢ ᠪᠠᠶᠢᠳᠠᠯ᠂ ᠠᠮᠢ ᠠᠬᠤᠶ ᠶᠢᠨ ᠬᠠᠮᠠᠭᠠᠯᠠᠯᠲᠠ ᠶᠢᠨ ᠥᠪᠡᠷ ᠤᠨ ᠥᠷᠲᠡᠭ᠂ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠵᠢᠴᠢ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠬᠤ ᠬᠡᠷᠡᠭᠲᠡᠶ᠃      ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠡᠯᠡ ᠮᠥᠩᠭᠦ ᠶᠢ ᠲᠤᠰ ᠭᠠᠵᠠᠷ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠪᠠ ᠰᠡᠷᠭᠦᠭᠡᠯᠲᠡ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠵᠡᠷᠭᠡ ᠳᠤ ᠬᠡᠷᠡᠭᠯᠡᠬᠦ ᠬᠡᠷᠡᠭᠲᠡᠶ᠃ ᠨᠢᠭᠡᠴᠡ ᠪᠠ ᠬᠤᠪᠢ ᠬᠥᠮᠦᠨ ᠳᠤ ᠰᠢᠭᠤᠳ ᠨᠥᠬᠦᠪᠥᠷᠢ ᠥᠭᠬᠦ ᠴᠢᠬᠤᠯᠠ ᠲᠠᠢ ᠪᠣᠯ ᠲᠣᠭᠲᠠᠭᠠᠯ ᠶᠣᠰᠣᠭᠠᠷ ᠴᠠᠭ ᠲᠤᠬᠠᠶ ᠳᠤᠨᠢ ᠨᠥᠬᠦᠪᠥᠷᠢ ᠥᠭᠬᠦ ᠬᠡᠷᠡᠭᠲᠡᠶ᠃ ᠦᠯᠡᠳᠡᠭᠡᠨ ᠠᠪᠴᠤ᠂ ᠡᠵᠡᠯᠡᠨ ᠬᠡᠷᠡᠭᠯᠡᠵᠦ᠂ ᠨᠡᠭᠦᠯᠭᠡᠨ ᠬᠡᠷᠡᠭᠯᠡᠬᠦ ᠪᠤᠶᠤ ᠥᠷᠢᠲᠦᠵᠦ ᠪᠣᠯᠬᠤ ᠦᠭᠡᠶ᠃      ᠠᠷᠪᠠᠨ ᠨᠠᠢᠮᠠᠳᠤᠭᠠᠷ ᠵᠦᠢᠯ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠭᠠᠷ ᠤᠨ ᠦᠰᠦᠭ ᠵᠢᠷᠤᠭᠰᠠᠨ ᠨᠥᠬᠦᠪᠥᠷᠢ ᠶᠢᠨ ᠵᠥᠪᠯᠡᠯᠴᠡᠭᠡᠷ ᠢ ᠴᠢᠩᠭ᠎ᠠ ᠭᠦᠢᠴᠡᠳᠭᠡᠬᠦ ᠬᠡᠷᠡᠭᠲᠡᠢ᠃ ᠠᠮᠢ ᠠᠬᠤᠶ ᠶᠢᠨ ᠬᠠᠮᠠᠭᠠᠯᠠᠯᠲᠠ ᠶᠢᠨ ᠭᠠᠵᠠᠷ ᠣᠷᠣᠨ ᠨᠤᠭᠤᠳ ᠠᠮᠢ ᠠᠬᠤᠶ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠵᠥᠪᠯᠡᠯᠴᠡᠭᠡᠷ ᠤᠨ ᠶᠣᠰᠣᠭᠠᠷ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠠᠰᠢᠭ ᠬᠦᠷᠲᠡᠬᠦ ᠭᠠᠵᠠᠷ ᠣᠷᠣᠨ ᠨᠤᠭᠤᠳ ᠪᠣᠯᠵᠣᠨ ᠲᠣᠭᠲᠠᠭᠰᠠᠨ ᠶᠣᠰᠣᠭᠠᠷ ᠨᠥᠬᠦᠪᠥᠷᠢᠯᠡᠬᠦ ᠬᠠᠷᠢᠭᠤᠴᠠᠯᠭ᠎ᠠ ᠪᠠᠨ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠬᠡᠷᠡᠭᠲᠡᠶ᠃      ᠨᠥᠬᠦᠪᠥᠷᠢ ᠥᠭᠬᠦ ᠵᠥᠪᠳᠡᠯᠴᠡᠬᠡᠷ ᠢ ᠬᠡᠷᠡᠭᠵᠢᠭᠦᠯᠦᠭᠰᠡᠨ ᠠᠴᠠ ᠪᠣᠯᠵᠤ ᠮᠠᠷᠭᠤᠭᠠᠨ ᠭᠠᠷᠤᠭᠰᠠᠨ ᠪᠣᠯ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠥᠪᠳᠡᠯᠴᠡᠨ ᠰᠢᠢᠳᠪᠦᠷᠢᠯᠡᠬᠦ ᠬᠡᠷᠡᠭᠲᠡᠶ᠃ ᠵᠥᠪᠳᠡᠯᠴᠡᠭᠡᠳ ᠪᠦᠲᠦᠭᠰᠡᠨ ᠦᠭᠡᠶ ᠪᠣᠯ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠣᠬᠢᠴᠠᠭᠤᠯᠤᠨ ᠰᠢᠢᠳᠪᠦᠷᠢᠯᠡᠭᠦᠯᠵᠦ᠂ ᠴᠢᠬᠤᠯᠠ ᠲᠠᠢ ᠦᠶ᠎ᠡ ᠳᠤ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠣᠭᠲᠠᠭᠠᠯ ᠭᠠᠷᠭᠠᠵᠤ ᠪᠣᠯᠤᠨ᠎ᠠ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠬᠡᠷᠡᠭᠵᠢᠭᠦᠯᠬᠦ ᠬᠡᠷᠡᠭᠲᠡᠶ᠃      ᠠᠷᠪᠠᠨ ᠶᠢᠰᠦᠳᠦᠭᠡᠷ ᠵᠦᠢᠯ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠥᠬᠦᠪᠥᠷᠢ ᠥᠭᠬᠦ ᠬᠡᠯᠡᠯᠴᠡᠭᠡᠷ ᠤᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ᠂ ᠪᠣᠳᠠᠲᠠᠶ ᠬᠡᠷᠡᠭᠴᠡᠭᠡ ᠪᠠᠨ ᠦᠨᠳᠦᠰᠦᠯᠡᠨ ᠨᠥᠬᠦᠪᠥᠷᠢ ᠥᠭᠬᠦ ᠵᠥᠪᠳᠡᠯᠴᠡᠬᠡᠷ ᠲᠤ ᠦᠷᠭᠦᠯᠵᠢᠯᠡᠨ ᠭᠠᠷ ᠤᠨ ᠦᠰᠦᠭ ᠵᠢᠷᠤᠵᠤ᠂ ᠨᠥᠬᠦᠪᠥᠷᠢ ᠥᠭᠬᠦ ᠵᠥᠪᠳᠡᠯᠴᠡᠬᠡᠷ ᠲᠤ ᠭᠠᠷ ᠤᠨ ᠦᠰᠦᠭ ᠵᠢᠷᠤᠬᠤ ᠳᠠᠭᠠᠨ ᠬᠤᠯᠪᠣᠭᠳᠠᠯ ᠪᠦᠬᠦᠢ ᠵᠦᠢᠯᠡᠰ ᠢ ᠳᠠᠬᠢᠨ ᠰᠢᠨ᠎ᠡ ᠪᠠᠷ ᠵᠥᠪᠳᠡᠯᠴᠡᠵᠦ ᠪᠣᠯᠤᠨ᠎ᠠ᠃      ᠳᠥᠷᠪᠡᠳᠦᠭᠡᠷ ᠪᠦᠯᠦᠭ᠂ ᠵᠠᠬ᠎ᠠ ᠳᠡᠯᠭᠡᠭᠦᠷ ᠤᠨ ᠲᠣᠭᠲᠠᠴᠠ ᠶᠢᠨ ᠨᠥᠬᠦᠪᠥᠷᠢ      ᠬᠤᠷᠢᠳᠤᠭᠠᠷ ᠵᠦᠢᠯ᠂ ᠤᠯᠤᠰ ᠠᠴᠠ ᠵᠠᠬ᠎ᠠ ᠳᠡᠯᠭᠡᠭᠦᠷ ᠤᠨ ᠲᠣᠭᠲᠠᠴᠠ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢ ᠠᠬᠢᠭᠤᠯᠵᠤ᠂ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠵᠠᠭᠪᠤᠷ ᠢ ᠥᠷᠭᠡᠳᠬᠡᠨ᠎ᠡ᠃      ᠬᠤᠷᠢᠨ ᠨᠢᠭᠡᠳᠦᠭᠡᠷ ᠵᠦᠢᠯ᠂ ᠤᠯᠤᠰ ᠠᠴᠠ ᠠᠵᠤ ᠠᠬᠤᠶᠢᠯᠠᠯ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠬᠦᠴᠦᠨ ᠵᠢᠴᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠵᠠᠬ᠎ᠠ ᠳᠡᠯᠭᠡᠭᠦᠷ ᠤᠨ ᠳᠦᠷᠢᠮ ᠤᠨ ᠶᠣᠰᠣᠭᠠᠷ᠂ ᠠᠮᠢ ᠠᠬᠤᠶ ᠶᠢᠨ ᠦᠢᠯᠡᠳᠬᠦᠨ ᠪᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠶᠢ ᠵᠣᠷᠢᠭᠵᠢᠭᠤᠯᠤᠨ᠎ᠠ᠃      ᠬᠤᠷᠢᠨ ᠬᠤᠶᠠᠳᠤᠭᠠᠷ ᠵᠦᠢᠯ᠂ ᠤᠯᠤᠰ ᠠᠴᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠪᠣᠬᠢᠷᠲᠤᠯ ᠭᠠᠳᠠᠭᠰᠢᠯᠠᠭᠤᠯᠬᠤ ᠡᠷᠬᠡ᠂ ᠤᠰᠤ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠡᠷᠬᠡ ᠵᠡᠷᠭᠡ ᠠᠷᠠᠯᠵᠢᠶᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠤᠨ᠂ ᠠᠷᠠᠯᠵᠢᠶᠠᠨ ᠤ ᠳᠦᠷᠢᠮ ᠢ ᠲᠡᠭᠦᠯᠳᠡᠷᠵᠢᠭᠦᠯᠦᠨ᠎ᠡ᠃      ᠬᠤᠷᠢᠨ ᠭᠤᠷᠪᠠᠳᠤᠭᠠᠷ ᠵᠦᠢᠯ᠂ ᠤᠯᠤᠰ ᠠᠴᠠ ᠠᠮᠢ ᠠᠬᠤᠶ ᠶᠢᠨ ᠬᠠᠮᠠᠭᠠᠯᠠᠯᠲᠠ ᠬᠢᠭᠡᠳ ᠠᠮᠢ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠵᠣᠷᠢᠭᠵᠢᠭᠤᠯᠤᠨ ᠳᠡᠮᠵᠢᠵᠦ᠂ ᠠᠮᠢ ᠠᠬᠤᠶ ᠶᠢᠨ ᠦᠷ᠎ᠡ ᠠᠰᠢᠭ ᠢ ᠪᠠᠲᠤᠯᠠᠭᠰᠠᠨ ᠤᠷᠢᠲᠠᠯ ᠳᠣᠤᠷ᠎ᠠ᠂ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠠᠮᠢ ᠠᠬᠤᠶ ᠶᠢᠨ ᠠᠵᠤ ᠦᠢᠯᠡᠰ ᠢ ᠬᠥᠭᠵᠢᠭᠦᠯᠵᠦ᠂ ᠠᠮᠢ ᠠᠬᠤᠶ ᠶᠢᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠳᠡᠭᠡᠭᠰᠢᠯᠡᠭᠦᠯᠦᠨ᠎ᠡ᠃      ᠠᠮᠢ ᠠᠬᠤᠶ ᠶᠢᠨ ᠠᠵᠤ ᠦᠢᠯᠡᠰ ᠢ ᠬᠥᠭᠵᠢᠭᠦᠯᠬᠦ ᠳᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠰᠠᠭᠤᠭᠠᠯᠢ ᠠᠷᠠᠳ ᠣᠷᠣᠯᠴᠠᠬᠤ ᠠᠷᠭ᠎ᠠ ᠮᠠᠶ᠋ᠢᠭ ᠢ ᠲᠡᠭᠦᠯᠳᠡᠷᠵᠢᠭᠦᠯᠵᠦ᠂ ᠦᠷᠭᠦᠯᠵᠢᠯᠡᠭᠰᠡᠨ ᠴᠢᠨᠠᠷᠲᠠᠶ ᠠᠰᠢᠭ ᠬᠦᠷᠲᠡᠭᠡᠵᠦ ᠬᠤᠪᠢᠶᠠᠨ ᠡᠳ᠋ᠯᠡᠬᠦ ᠲᠣᠭᠲᠠᠴᠠ ᠶᠢ ᠪᠠᠶᠢᠭᠤᠯᠤᠨ᠂ ᠠᠮᠢ ᠠᠬᠤᠶ ᠶᠢᠨ ᠬᠠᠮᠠᠭᠠᠯᠠᠯᠲᠠ ᠶᠢᠨ ᠭᠤᠤᠯ ᠴᠣᠭᠴᠠ ᠶᠢᠨ ᠠᠰᠢᠭ ᠲᠤᠰᠠ ᠳᠤ ᠪᠦᠲᠦᠮᠵᠢᠲᠡᠶ ᠨᠥᠬᠦᠪᠥᠷᠢ ᠣᠯᠭᠤᠬᠤ ᠶᠢ ᠠᠬᠢᠭᠤᠯᠬᠤ ᠬᠡᠷᠡᠭᠲᠡᠶ᠃      ᠣᠷᠣᠨ ᠨᠤᠲᠤᠭ ᠤᠨ ᠡᠯ᠎ᠡ ᠱᠠᠲᠤᠨ ᠤ ᠠᠷᠠᠳ‌‍ᠤᠨ ᠵᠠᠰᠠᠭ‌‍ᠤᠨ ᠣᠷᠳᠣᠨ ᠨᠤᠭᠤᠳ ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠠᠮᠢ ᠠᠬᠤᠶ ᠶᠢᠨ ᠦᠢᠯᠡᠳᠬᠦᠨ ᠤ ᠵᠠᠬ᠎ᠠ ᠳᠡᠯᠭᠡᠭᠦᠷ‌‍ᠤᠨ ᠡᠵᠡᠩᠨᠡᠯᠲᠡ ᠨᠡᠭᠡᠭᠡᠯᠲᠡ‌‍ᠶᠢᠨ ᠭᠤᠤᠯ ᠴᠣᠭᠴᠠ ᠶᠢ ᠲᠦᠷᠭᠡᠳᠬᠡᠨ ᠪᠤᠶᠢᠵᠢᠭᠤᠯᠵᠤ᠂ ᠠᠮᠢ ᠠᠬᠤᠶ‌‍ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠠᠮᠢ ᠠᠬᠤᠶ‌‍ᠶᠢᠨ ᠬᠠᠮᠠᠭᠠᠯᠠᠯᠲᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ᠂ ᠲᠤᠰᠬᠠᠶ ᠮᠡᠷᠭᠡᠵᠢᠯ‌‍ᠤᠨ ᠲᠤᠯᠭᠠᠭᠤᠷᠢᠯᠠᠯ ᠬᠠᠩᠭᠠᠬᠤ᠂ ᠠᠮᠢ ᠠᠬᠤᠶ‌‍ᠶᠢᠨ ᠦᠢᠯᠡᠳᠬᠦᠨ‌‍ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠲᠦᠯᠬᠢᠨ ᠠᠬᠢᠭᠤᠯᠬᠤ ᠵᠡᠷᠭᠡ ᠲᠠᠯ᠎ᠠ‌‍ᠶᠢᠨ ᠳᠠᠪᠠᠭᠤᠯᠢᠭ ᠪᠣᠯᠤᠨ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠶ᠃      ᠬᠤᠷᠢᠨ ᠳᠥᠷᠪᠡᠳᠦᠭᠡᠷ ᠵᠦᠢᠯ᠂ ᠤᠯᠤᠰ ᠠᠴᠠ ᠨᠡᠶᠢᠭᠡᠮ ᠤᠨ ᠪᠡᠯᠡ ᠮᠥᠩᠭᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠨ ᠠᠵᠢᠯᠯᠠᠬᠤ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠰᠠᠭᠤᠷᠢ ᠮᠥᠩᠭᠦ ᠶᠢ ᠪᠠᠶᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠳᠤ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠣᠷᠣᠯᠴᠠᠭᠤᠯᠤᠨ᠎ᠠ᠃      ᠲᠠᠪᠤᠳᠤᠭᠠᠷ ᠪᠦᠯᠦᠭ᠂ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ      ᠬᠤᠷᠢᠨ ᠲᠠᠪᠤᠳᠤᠭᠠᠷ ᠵᠦᠢᠯ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠪᠠᠭᠤᠯᠭᠠᠬᠤ ᠪᠠ ᠬᠢᠨᠠᠨ ᠰᠠᠯᠭᠠᠨ ᠥᠭᠴᠦ᠂ ᠨᠥᠬᠦᠪᠥᠷᠢ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠵᠠᠰᠠᠭ ᠤᠨ ᠣᠷᠳᠣᠨ ᠵᠢᠴᠢ ᠳᠡᠬᠦᠨ ᠤ ᠬᠤᠯᠪᠤᠠᠠᠳᠡᠯ ᠪᠦᠬᠦᠢ ᠰᠠᠯᠠᠭ᠎ᠠ ᠮᠦᠴᠢᠷ ᠨᠢ ᠪᠡᠯᠡ ᠮᠦᠡᠭᠬᠦ ᠶᠢᠨ ᠭᠡᠷᠡᠭᠴᠡᠭᠡ ᠳᠤ ᠬᠢᠨᠡᠯᠳᠡ ᠬᠠᠮᠢᠶᠡᠷᠦᠯᠳᠡ ᠬᠢᠬᠦ ᠪᠠᠨ ᠴᠢᠩᠭᠠᠳᠬᠠᠵᠦ᠂ ᠲᠣᠠᠠᠳᠠᠭᠠᠯ ᠶᠣᠰᠣᠭᠠᠷ ᠠᠮᠢ ᠠᠬᠤᠢ ᠶᠢᠨ ᠬᠠᠮᠠᠭᠠᠯᠠᠯᠳᠡ ᠶᠢᠨ ᠨᠦᠬᠦᠪᠦᠷᠢ ᠶᠢᠨ ᠪᠡᠯᠡ ᠮᠦᠡᠭᠬᠦ ᠶᠢᠨ ᠳᠥᠰᠥᠪ ᠤᠨ ᠠᠮᠵᠢᠯᠳᠡ ᠪᠦᠳᠦᠮᠵᠢ ᠶᠢᠨ ᠬᠠᠮᠢᠶᠡᠷᠦᠯᠳᠡ ᠶᠢ ᠭᠡᠷᠡᠭᠵᠢᠬᠦᠯᠵᠦ᠂ ᠠᠮᠢ ᠠᠬᠤᠢ ᠶᠢᠨ ᠬᠠᠮᠠᠭᠠᠯᠠᠯᠳᠡ ᠶᠢᠨ ᠬᠠᠷᠢᠭᠤᠴᠠᠯᠭ᠎ᠠ ᠶᠢ ᠨᠠᠶᠢᠳᠡᠪᠦᠷᠢᠵᠢᠭᠤᠯᠬᠤ ᠶᠢᠨ ᠣᠷᠮᠠᠰᠢᠭᠤᠯᠥᠨ ᠬᠢᠵᠠᠭᠠᠷᠯᠠᠬᠤ ᠲᠣᠠᠠᠳᠡᠴᠠ ᠶᠢ ᠳᠡᠬᠦᠯᠳᠡᠷᠵᠢᠬᠦᠯᠥᠨ᠎ᠠ᠃      ᠬᠤᠷᠢᠨ ᠵᠢᠷᠭᠤᠳᠤᠭᠠᠷ ᠵᠦᠢᠯ᠂ ᠤᠯᠤᠰ ᠠᠴᠠ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠵᠥᠪᠰᠢᠶᠡᠷᠡᠵᠦ ᠲᠡᠮᠳᠡᠭᠯᠡᠬᠦ ᠶᠢ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠬᠢᠨᠠᠨ ᠬᠡᠮᠵᠢᠯᠲᠡ ᠶᠢᠨ ᠲᠤᠯᠭᠠᠭᠤᠷᠢᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠦᠷᠢᠳᠬᠡᠯ ᠤᠨ ᠰᠢᠰᠲ᠋ᠧᠮᠵᠢ ᠶᠢ ᠪᠠᠶᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃      ᠬᠤᠷᠢᠨ ᠳᠤᠯᠤᠳᠤᠭᠠᠷ ᠵᠦᠢᠯ᠂ ᠤᠯᠤᠰ ᠠᠴᠠ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠯᠦᠭᠡ ᠢᠵᠢ ᠪᠦᠷᠢᠳᠦᠭᠰᠡᠨ ᠡᠳ᠋ ᠤᠨ ᠵᠠᠰᠠᠭ᠂ ᠮᠦᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠬᠤ ᠴᠢᠳᠠᠮᠵᠢ ᠶᠢ ᠪᠠᠳᠠᠷᠠᠭᠤᠯᠤᠨ᠂ ᠵᠦᠢ ᠶᠤᠰᠤᠨ ᠤ ᠮᠦᠩᠭᠦᠨ ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃      ᠬᠤᠷᠢᠨ ᠨᠠᠢᠮᠠᠳᠤᠭᠠᠷ ᠵᠦᠢᠯ᠂ ᠣᠯᠥᠰ ᠠᠴᠠ ᠪᠣᠬᠢᠷᠳᠦᠯ ᠦᠭᠡᠢ ᠪᠦᠳᠦᠭᠡᠭᠳᠡᠬᠦᠨ ᠤ ᠨᠢᠭᠡᠳᠦᠯᠳᠡᠢ ᠪᠡᠷᠢᠮᠵᠢᠶ᠎ᠠ᠂ ᠭᠡᠷᠡᠴᠢᠯᠡᠯ᠂ ᠢᠯᠭᠠᠬᠤ ᠳᠡᠮᠳᠡᠭ ᠤᠨ ᠰᠢᠰᠲ᠋ᠧᠮᠵᠢ ᠶᠢ ᠪᠠᠶᠢᠭᠤᠯᠥᠨ ᠪᠦᠷᠢᠨᠰᠢᠬᠦᠯᠵᠦ᠂ ᠪᠣᠬᠢᠷᠳᠦᠯ ᠦᠭᠡᠢ ᠪᠦᠳᠦᠭᠡᠭᠳᠡᠬᠦᠨ ᠤ ᠵᠠᠬ᠎ᠠ ᠳᠡᠯᠭᠡᠬᠦᠷ ᠤᠨ ᠪᠠᠶᠢᠭᠤᠯᠥᠯᠳᠡ ᠶᠢ ᠠᠬᠢᠭᠤᠯᠥᠨ᠂ ᠵᠠᠰᠠᠭ ᠤᠨ ᠣᠷᠳᠣᠨ ᠤ ᠪᠣᠬᠢᠷᠳᠦᠯ ᠦᠭᠡᠢ ᠬᠤᠳᠠᠯᠳᠣᠨ ᠠᠪᠬᠤ ᠳᠥᠷᠥ ᠶᠢᠨ ᠪᠤᠳᠣᠯᠭ᠎ᠠ ᠶᠢ ᠭᠡᠷᠡᠭᠵᠢᠬᠦᠯᠵᠦ᠂ ᠪᠣᠬᠢᠷᠳᠦᠯ ᠦᠭᠡᠢ ᠬᠤᠳᠠᠯᠳᠣᠨ ᠠᠪᠠᠨ᠋ᠥ ᠶᠢ ᠬᠦᠳᠦᠯᠥᠨ ᠵᠢᠯᠥᠭᠤᠳᠬᠤ ᠲᠣᠠᠠᠳᠡᠴᠠ ᠶᠢ ᠪᠠᠶᠢᠭᠤᠯᠥᠨ᠎ᠠ᠃      ᠬᠤᠷᠢ ᠶᠢᠰᠦᠳᠦᠭᠡᠷ ᠵᠦᠢᠯ᠂ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠪᠣᠯᠤᠨ ᠬᠡᠷᠡᠭᠵᠢᠭᠦᠯᠦᠭᠰᠡᠨ ᠦᠷ᠎ᠡ ᠪᠦᠲᠦᠮᠵᠢ ᠶᠢᠨ ᠤᠬᠠᠭᠤᠯᠭ᠎ᠠ ᠪᠠᠨ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠠᠵᠢᠯ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠭᠤᠴᠢᠳᠤᠭᠠᠷ ᠵᠦᠢᠯ᠂ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠤᠨ ᠪᠠᠶᠢᠳᠠᠯ ᠢᠶᠠᠨ ᠬᠠᠤᠯᠢ ᠶᠣᠰᠣᠭᠠᠷ ᠴᠠᠭ ᠲᠤᠬᠠᠶ ᠳᠤᠨᠢ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠲᠠᠯᠪᠢᠯᠲᠠ ᠪᠣᠯᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃      ᠬᠢᠨᠠᠨ ᠪᠤᠳᠤᠬᠤ ᠪᠠᠶᠢᠭᠤᠯᠭ᠎ᠠ ᠠᠴᠠ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠨ᠎ᠠ᠃      ᠭᠤᠴᠢᠨ ᠨᠢᠭᠡᠳᠦᠭᠡᠷ ᠵᠦᠢᠯ᠂ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠡᠯᠡ ᠮᠥᠩᠭᠦ ᠶᠢ ᠳᠤᠮᠳᠠ ᠠᠴᠠ ᠨᠢ ᠲᠠᠰᠤᠳᠠᠨ ᠦᠯᠡᠳᠡᠭᠡᠭᠰᠡᠨ᠂ ᠡᠵᠡᠯᠡᠨ ᠬᠡᠷᠡᠭᠯᠡᠭᠰᠡᠨ᠂ ᠨᠡᠭᠦᠯᠭᠡᠨ ᠬᠡᠷᠡᠭᠯᠡᠭᠰᠡᠨ᠂ ᠥᠷᠢᠲᠦᠭᠰᠡᠨ ᠪᠤᠶᠤ ᠲᠣᠭᠲᠠᠭᠠᠯ ᠶᠣᠰᠣᠭᠠᠷ ᠬᠡᠷᠡᠭᠯᠡᠭᠰᠡᠨ ᠦᠭᠡᠶ ᠪᠣᠯ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠃ ᠬᠤᠭᠤᠴᠠᠭ᠎ᠠ ᠥᠩᠭᠡᠷᠡᠲᠡᠯ᠎ᠡ ᠵᠠᠯᠠᠷᠠᠭᠤᠯᠬᠤ ᠦᠭᠡᠶ ᠪᠣᠯ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠡᠯᠡ ᠮᠥᠩᠭᠦ ᠶᠢ ᠬᠤᠶᠢᠰᠢᠯᠠᠭᠤᠯᠤᠨ ᠰᠠᠯᠭᠠᠨ ᠥᠭᠬᠦ᠂ ᠬᠠᠰᠤᠵᠤ ᠥᠭᠬᠦ᠂ ᠰᠠᠯᠭᠠᠨ ᠥᠭᠬᠦ ᠶᠢ ᠵᠣᠭᠰᠣᠭᠠᠬᠤ ᠪᠤᠶᠤ ᠨᠡᠬᠡᠮᠵᠢᠯᠡᠨ ᠠᠪᠴᠤ ᠪᠣᠯᠤᠨ᠎ᠠ᠃      ᠬᠤᠳᠠᠯ ᠬᠠᠭᠤᠷᠮᠠᠭ ᠠᠷᠭ᠎ᠠ ᠪᠠᠷᠢᠯ ᠢᠶᠠᠷ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠡᠯᠡ ᠮᠥᠩᠭᠦ ᠶᠢ ᠮᠡᠬᠡᠯᠡᠨ ᠠᠪᠤᠭᠰᠠᠨ ᠪᠣᠯ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ ᠰᠢᠳᠬᠡᠨ ᠲᠣᠷᠭᠠᠬᠤ ᠬᠡᠷᠡᠭᠲᠡᠶ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ᠭᠤᠴᠢᠨ ᠬᠤᠶᠠᠳᠤᠭᠠᠷ ᠵᠦᠢᠯ᠂ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠳ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠤᠨ ᠳᠤᠮᠳᠠ ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠦᠢᠯᠡ ᠠᠵᠢᠯᠯᠠᠭ᠎ᠠ ᠲᠠᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠭᠤᠳᠤᠭᠠᠷ ᠪᠦᠯᠦᠭ᠂ ᠳᠠᠭᠠᠯᠳᠤᠭᠤᠯᠤᠯ ᠳᠦᠷᠢᠮ      ᠭᠤᠴᠢᠨ ᠭᠤᠷᠪᠠᠳᠤᠭᠠᠷ ᠵᠦᠢᠯ᠂ ᠲᠣᠰ ᠲᠦᠷᠢᠮ ᠢ 2024 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号