2024 ᠣᠨ ᠤ 4 ᠰᠠᠷ᠎ᠠ ᠶᠢᠨ 30 ᠤ ᠡᠳᠦᠷ ᠤᠨ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/5/6
     ᠼᠦᠢ ᠵᠢᠩ ᠶᠢᠩ᠄ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠬᠤᠳᠠ ᠶᠢᠨ ᠭᠡᠷᠡᠯᠲᠦᠭᠦᠯᠭᠡ ᠶᠢᠨ ᠲᠥᠯᠥᠪᠵᠢᠭᠦᠯᠭᠡ ᠶᠢᠨ ᠲᠥᠰᠦᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃      ᠭᠧᠩ ᠬᠠᠢ ᠵᠢᠶᠦ᠋ᠨ᠄ ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠵᠢᠴᠢ ᠦᠨ᠎ᠡ ᠬᠠᠩᠰᠢ ᠶᠢᠨ ᠬᠢᠨᠠᠨ ᠬᠠᠮᠢᠶᠠᠷᠤᠯᠲᠠ ᠶᠢᠨ ᠠᠵᠢᠯ ᠤᠨ ᠲᠤᠬᠠᠢ ᠬᠢᠨᠠᠨ ᠵᠢᠯᠣᠭᠤᠳᠴᠤ ᠪᠠᠢᠴᠠᠭᠠᠪᠡ᠃      ᠭᠦᠸᠧ ᠢ ᠵᠢᠶᠧ᠄ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠬᠤᠲᠠ ᠶᠢᠨ ᠭᠡᠷᠡᠯᠲᠦᠭᠦᠯᠭᠡ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠤ᠂ ᠢᠯᠴᠢ ᠬᠠᠩᠭᠠᠬᠤ ᠪᠠᠭᠲᠠᠭᠠᠮᠵᠢ ᠶᠢ ᠥᠷᠭᠡᠳᠭᠡᠨ ᠥᠭᠡᠷᠡᠴᠢᠯᠡᠬᠦ ᠲᠥᠷᠥᠯ ᠵᠦᠢᠯ ᠤᠨ ᠪᠠᠶᠢᠳᠠᠯ ᠤᠨ ᠲᠤᠬᠠᠢ ᠰᠤᠳᠤᠯᠪᠠ᠃      ᠸᠠᠩ ᠵᠢᠶ ᠫᠢᠩ᠄ 2024 ᠣᠨ ᠤ ᠪᠥᠬᠦ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠳᠤ ᠣᠷᠣᠯᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ᠃      ᠵᠠᠩ ᠮᠢᠩ ᠮᠢᠩ᠄ ᠦᠬᠠᠶ ᠬᠤᠲᠠ ᠶᠢᠨ ᠭᠤᠤᠯ ᠬᠤᠳᠠᠯᠳᠤᠭᠠᠨ ᠤ ᠶᠠᠪᠤᠳᠠᠯ ᠤᠨ ᠭᠦᠢᠴᠡᠳᠬᠡᠯ ᠲᠤᠭ᠎ᠠ ᠶᠢ ᠲᠣᠬᠢᠷᠠᠭᠤᠯᠬᠤ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠣᠯᠣᠳᠤᠭᠠᠷ ᠬᠤᠭᠤᠴᠠᠭᠠᠨ ᠤ ᠮᠤᠷᠢᠨ ᠵᠢᠩ ᠤᠨ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠮᠠᠰᠢᠨ ᠲᠡᠷᠭᠡᠨ ᠤ ᠭᠡᠷ ᠤᠨ ᠭᠠᠳᠠᠨᠠᠬᠢ ᠬᠡᠭᠡᠷ᠎ᠡ ᠪᠠᠭᠤᠳᠠᠯᠯᠠᠬᠤ ᠶᠡᠭᠡ ᠬᠤᠷᠠᠯ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠵᠦ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠳᠤ ᠲᠤᠬᠢᠷᠠᠭᠤᠯᠤᠯᠳᠠ ᠬᠢᠪᠡ᠃      ᠭᠤᠣ ᠪᠦᠸᠧ᠄ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠤᠯᠠᠷᠢᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠸᠢᠳᠢᠣ᠋ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃      ᠵᠠᠩ ᠸᠧᠶ᠄ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠭᠡᠮ ᠢ ᠴᠡᠭᠴᠡᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠴᠢᠳᠠᠪᠤᠷᠢᠲᠠᠨ ᠤ ᠳᠠᠭᠠᠭᠠᠴᠢᠯᠠᠨ ᠬᠤᠯᠪᠤᠭᠠᠯᠠᠭᠰᠠᠨ ᠠᠵᠤ ᠠᠬᠤᠶᠢᠯᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠦᠬᠠᠢ ᠶᠢᠨ ᠳᠣᠯᠣᠳᠤᠭᠠᠷ ᠬᠤᠭᠤᠴᠠᠭᠠᠨ ᠤ ᠮᠤᠷᠢᠨ ᠵᠢᠩ ᠤᠨ ᠶᠡᠭᠡ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠮᠠᠰᠢᠨ ᠲᠡᠷᠭᠡᠨ ᠤ ᠭᠡᠷ ᠤᠨ ᠭᠠᠳᠠᠨᠠᠬᠢ ᠬᠡᠭᠡᠷ᠎ᠡ ᠪᠠᠭᠤᠳᠠᠯᠯᠠᠬᠤ ᠶᠡᠭᠡ ᠬᠤᠷᠠᠯ ᠤᠨ ᠲᠤᠬᠠᠢ ᠶᠢᠨ ᠲᠠᠯᠠᠪᠠᠢ ᠳᠤ ᠬᠦᠷᠴᠦ ᠬᠢᠨᠠᠨ ᠵᠢᠯᠣᠭᠤᠳᠴᠤ ᠪᠠᠶᠢᠴᠠᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号