ᠮᠠᠨ ᠤ ᠬᠤᠳᠠ ᠶᠢᠨ ᠠᠯᠠᠭᠠᠳᠠᠬᠤ ᠪᠦᠮᠪᠦᠭᠡ ᠶᠢᠨ ᠠᠩᠬᠢ ᠰᠢᠯᠢᠳᠡᠭ ᠪᠦᠳᠦᠮᠵᠢ ᠣᠯᠪᠠ
ᠨᠡᠶᠢᠲᠡᠯᠡᠭᠰᠡᠨ ᠴᠠᠭ᠄
2024/5/7
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ 4 ᠰᠠᠷ᠎ᠠ ᠶᠢᠨ 23 ᠤ ᠡᠳᠦᠷ ᠠᠴᠠ 28 ᠤ ᠡᠳᠦᠷ ᠪᠣᠯᠲᠠᠯ᠎ᠠ ᠤᠯᠠᠭᠠᠨᠴᠠᠪ ᠬᠤᠲᠠ ᠳᠤ ᠶᠠᠪᠤᠭᠳᠠᠪᠠ᠃ ᠮᠠᠨ ᠤ ᠬᠤᠲᠠ ᠶᠢᠨ ᠡᠷᠡᠭᠲᠡᠢ ᠶᠢᠨ ᠲᠥᠯᠥᠭᠡᠯᠡᠭᠴᠢᠳ ᠤᠨ ᠠᠩᠭᠢ ᠭᠠᠤᠯᠢᠨ ᠮᠧᠳᠠᠯ ᠬᠦᠷᠳᠡᠵᠦ᠂ ᠡᠮᠡᠭᠲᠡᠢ ᠶᠢᠨ ᠲᠥᠯᠥᠭᠡᠯᠡᠭᠴᠢᠳ ᠤᠨ ᠠᠩᠭᠢ ᠳᠥᠷᠪᠡᠳᠦᠭᠡᠷ ᠲᠤ ᠪᠠᠶᠢᠷᠢᠯᠠᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠤᠨ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠤ ᠲᠥᠷᠥᠯ ᠵᠦᠢᠯ ᠤᠨ ᠤᠷᠤᠯᠳᠤᠭᠠᠨ ᠨᠡᠶᠢᠲᠡ 6 ᠡᠳᠦᠷ ᠶᠠᠪᠤᠭᠳᠠᠵᠤ᠂ 11 ᠡᠷᠡᠭᠲᠡᠶ ᠶᠢᠨ ᠳᠤᠭᠤᠶᠢᠯᠠᠩ᠂ 10 ᠡᠮᠡᠭᠲᠡᠶ ᠶᠢᠨ ᠳᠤᠭᠤᠶᠢᠯᠠᠩ ᠤᠨ ᠨᠡᠶᠢᠲᠡ 273 ᠰᠣᠷᠣᠭᠴᠢ ᠲᠠᠮᠢᠷᠴᠢᠨ ᠤᠷᠤᠯᠳᠤᠭᠠᠨ ᠳᠤ ᠣᠷᠣᠯᠴᠠᠪᠠ᠃ ᠮᠠᠨ ᠤ ᠬᠤᠲᠠ ᠶᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠡᠷᠡᠭᠲᠡᠢ ᠶᠢᠨ ᠠᠯᠠᠭᠠᠳᠠᠬᠤ ᠪᠥᠮᠪᠦᠭᠡ ᠶᠢᠨ ᠠᠩᠭᠢ᠂ ᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠡᠮᠡᠭᠲᠡᠢ ᠶᠢᠨ ᠠᠯᠠᠭᠠᠳᠠᠬᠤ ᠪᠥᠮᠪᠦᠭᠡ ᠶᠢᠨ ᠠᠩᠭᠢ ᠦᠬᠠᠢ ᠬᠤᠲᠠ ᠶᠢ ᠲᠥᠯᠥᠭᠡᠯᠡᠨ ᠤᠷᠤᠯᠳᠤᠭᠠᠨ ᠳᠤ ᠣᠷᠣᠯᠴᠠᠪᠠ᠃ ᠲᠠᠮᠢᠷᠴᠢᠳ ᠡᠩ ᠤᠨ ᠴᠠᠭ ᠲᠤ ᠬᠠᠲᠠᠭᠤᠵᠢᠯᠲᠠᠶ ᠪᠣᠯᠪᠠᠰᠤᠷᠠᠵᠤ᠂ ᠢᠳᠡᠪᠬᠢᠲᠡᠶ ᠪᠠᠷ ᠪᠡᠯᠡᠳᠬᠡᠯ ᠬᠢᠵᠦ᠂ ᠬᠤᠷᠴᠠ ᠰᠢᠷᠦᠭᠦᠨ ᠥᠷᠢᠰᠥᠯᠳᠦᠭᠡᠨ ᠤ ᠳᠤᠮᠳᠠ ᠰᠢᠯᠭᠠᠷᠠᠭᠰᠠᠨ ᠪᠥᠮᠪᠥᠭᠡᠨ ᠮᠡᠷᠭᠡᠵᠢᠯ ᠪᠣᠯᠤᠨ ᠨᠤᠭᠤᠷᠠᠰᠢ ᠥᠬᠡᠶ ᠲᠡᠮᠡᠴᠡᠬᠦ ᠵᠣᠷᠢᠭ ᠰᠠᠨᠠᠭ᠎ᠠ ᠶᠢ ᠢᠯᠡᠷᠡᠭᠦᠯᠵᠦ᠂ ᠬᠠᠮᠤᠭ ᠡᠴᠦᠰ ᠲᠤ ᠡᠷᠡᠭᠲᠡᠶ ᠶᠢᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ᠂ ᠡᠮᠡᠭᠲᠡᠶ ᠶᠢᠨ ᠲᠥᠯᠥᠭᠡᠯᠡᠭᠴᠢᠳ ᠤᠨ ᠠᠩᠭᠢ ᠳᠥᠷᠪᠡᠳᠦᠭᠡᠷ ᠲᠤ ᠪᠠᠶᠢᠷᠢᠯᠠᠵᠤ ᠪᠠᠶᠠᠷᠯᠠᠭᠤᠰᠢᠲᠠᠶ ᠬᠢᠷᠢ ᠪᠦᠲᠦᠮᠵᠢ ᠣᠯᠪᠠ᠃ ᠵᠠᠩ ᠰᠢᠤᠸᠠᠢ᠂ ᠸᠠᠩ ᠶᠠᠨ ᠳ᠋ᠦᠩ ᠪᠠᠭᠰᠢ ᠰᠢᠯᠢᠳᠡᠭ ᠰᠤᠷᠭᠠᠭᠴᠢ ᠪᠠᠷ ᠦᠨᠡᠯᠡᠭᠳᠡᠪᠡ᠃      ᠪᠡᠶ᠎ᠡ ᠶᠢᠨ ᠲᠠᠮᠢᠷ ᠬᠦᠴᠦᠷᠬᠡᠭ ᠪᠣᠯ ᠳᠤᠮᠳᠠᠳᠤ ᠤᠯᠤᠰ ᠬᠦᠴᠦᠷᠭᠡᠭ ᠪᠤᠯᠤᠨ᠎ᠠ᠂ ᠲᠣᠰ ᠤᠳᠠᠭᠠᠨ ᠤ ᠤᠷᠤᠯᠳᠤᠭᠠᠨ ᠢᠶᠠᠷ ᠳᠠᠮᠵᠢᠭᠤᠯᠤᠨ ᠮᠠᠨ ᠤ ᠬᠤᠲᠠ ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠢᠳᠡᠪᠬᠢᠲᠡᠢ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠵᠠᠯᠠᠭᠤᠴᠤᠳ ᠪᠠᠭᠠᠴᠤᠳ ᠤᠨ ᠪᠥᠬᠦ ᠲᠠᠯ᠎ᠠ ᠪᠠᠷ ᠡᠷᠡᠭᠦᠯ ᠢᠶᠠᠷ ᠦᠰᠦᠨ ᠪᠤᠶᠢᠵᠢᠬᠤ ᠶᠢ ᠬᠥᠲᠥᠯᠥᠨ ᠵᠢᠯᠣᠭᠤᠳᠬᠤ ᠶᠢᠨ ᠬᠠᠮᠲᠤ ᠮᠠᠨ ᠤ ᠬᠤᠲᠠ ᠶᠢᠨ ᠠᠯᠠᠭᠠᠳᠠᠬᠤ ᠪᠥᠮᠪᠦᠭᠡ ᠶᠢᠨ ᠲᠥᠷᠥᠯ ᠵᠦᠢᠯ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠬᠦᠴᠦᠨ ᠢ ᠭᠦᠨᠵᠡᠭᠡᠶ ᠠᠭᠤᠳᠠᠯᠤᠨ ᠬᠥᠮᠦᠵᠢᠭᠦᠯᠵᠦ᠂ ᠪᠡᠯᠡᠳᠬᠡᠯ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠤᠨ ᠭᠦᠨᠵᠡᠭᠡᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ ᠴᠢᠳᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号