ᠮᠠᠨ ᠤ ᠬᠤᠲᠠ ᠠᠩᠬᠠᠳᠠᠭᠴᠢ ᠴᠠᠭᠳᠠᠭ᠎ᠠ ᠪᠠ ᠠᠵᠤ ᠠᠬᠤᠶᠢᠯᠠᠯ ᠤᠨ ᠬᠠᠮᠵᠢᠯᠴᠠᠭᠠᠨ ᠤ ᠦᠢᠯᠡᠴᠢᠯᠡᠭᠡᠨ ᠤ ᠥᠷᠲᠡᠭᠡ ᠪᠠᠶᠢᠭᠤᠯᠪᠠ
ᠨᠡᠶᠢᠲᠡᠯᠡᠭᠰᠡᠨ ᠴᠠᠭ᠄
2024/5/9
     ᠣᠶᠢᠷ᠎ᠠ ᠳᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠥᠪᠥᠷ ᠮᠣᠩᠭᠤᠯ ᠤᠨ ᠶᠦᠩ ᠲᠠᠢ ᠬᠢᠮᠢ ᠶᠢᠨ ᠬᠢᠵᠠᠭᠠᠷᠲᠤ ᠺᠣᠮᠫᠠᠨᠢ ᠳᠤ ᠮᠠᠨ ᠤ ᠬᠤᠲᠠ ᠶᠢᠨ ᠠᠩᠬᠠᠳᠠᠭᠴᠢ ᠴᠠᠭᠳᠠᠭ᠎ᠠ ᠪᠠ ᠠᠵᠤ ᠠᠬᠤᠶᠢᠯᠠᠯ ᠤᠨ ᠬᠠᠮᠵᠢᠯᠴᠠᠭᠠᠨ ᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠪᠡ᠂ ᠡᠨᠡ ᠨᠢ ᠬᠠᠤᠯᠢ ᠪᠠᠷᠢᠬᠤ ᠠᠵᠢᠯ ᠤᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢᠶᠠᠨ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢᠨ ᠲᠥᠯᠥᠭᠡ ᠶᠤᠮ᠃      ᠡᠨᠡᠬᠦ ᠴᠠᠭᠳᠠᠭ᠎ᠠ ᠪᠠ ᠠᠵᠤ ᠠᠬᠤᠶᠢᠯᠠᠯ ᠤᠨ ᠬᠠᠮᠵᠢᠯᠴᠠᠭᠠᠨ ᠤ ᠤᠶᠢᠯᠡᠴᠢᠯᠡᠭᠡᠨ ᠤ ᠥᠷᠲᠡᠭᠡ ᠨᠢ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠠᠵᠤ ᠠᠬᠤᠶᠢᠯᠠᠯ ᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠴᠢᠩᠭ᠎ᠠ ᠬᠠᠮᠠᠭᠠᠯᠠᠵᠤ᠂ ᠵᠦᠶ ᠵᠣᠬᠢᠰᠲᠠᠶ ᠬᠡᠷᠡᠭᠯᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠢ ᠬᠥᠭᠵᠢᠭᠡᠨ᠂ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠨᠢ ᠴᠢᠩᠭᠠᠷᠠᠭᠤᠯᠤᠨ᠎ᠠ︔ ᠠᠵᠤ ᠠᠬᠤᠶᠢᠯᠠᠯ᠂ ᠠᠵᠢᠯᠲᠠᠨ ᠠᠵᠢᠯᠴᠢᠨ ᠳᠤ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠡᠮᠵᠢᠯᠡᠭᠦᠯᠬᠦ᠂ ᠬᠠᠤᠯᠢ ᠴᠠᠭᠠᠵᠠ ᠶᠢᠨ ᠮᠡᠳᠡᠯᠭᠡ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠦᠢᠯᠡᠴᠢᠯᠡᠭᠡ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠬᠠᠩᠭᠠᠵᠤ᠂ ᠠᠵᠤ ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ᠂ ᠴᠠᠭᠳᠠᠭ᠎ᠠ ᠪᠠ ᠠᠵᠤ ᠠᠬᠤᠶᠢᠯᠠᠯ ᠤᠨ ᠥᠨᠳᠥᠷ ᠪᠦᠲᠦᠮᠵᠢᠲᠡᠶ ᠪᠠᠷ ᠬᠠᠮᠲᠤᠷᠠᠯᠴᠠᠬᠤ ᠶᠢ ᠠᠬᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠨᠥᠬᠦᠴᠡᠯ ᠬᠠᠩᠭᠠᠨ᠎ᠠ᠃      ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠣᠷᠴᠢᠨ ᠲᠣᠭᠤᠷᠢᠨ ᠢᠳᠡᠭᠡᠨ ᠡᠮ ᠤᠨ ᠵᠦᠢᠯᠡᠰ ᠢ ᠲᠤᠷᠰᠢᠨ ᠪᠠᠶᠢᠴᠠᠭᠠᠬᠤ ᠰᠠᠯᠪᠤᠷᠢ ᠠᠩᠭᠢ ᠶᠢᠨ ᠳᠠᠷᠤᠭ᠎ᠠ ᠯᠢᠦ ᠳ᠋ᠢᠶᠠᠨ ᠶᠢᠩ᠄ ︽ᠦᠢᠯᠡᠴᠢᠯᠡᠭᠡᠨ ᠤ ᠥᠷᠲᠡᠭᠡ ᠪᠠᠶᠢᠭᠤᠯᠬᠤ᠂ ᠬᠠᠮᠵᠢᠯᠴᠠᠬᠤ ᠲᠣᠭᠲᠠᠴᠠ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ ᠠᠬᠤᠶᠢᠯᠠᠯ ᠳᠤ ᠬᠠᠤᠯᠢ ᠪᠠ ᠬᠥᠮᠦᠵᠢᠯ ᠢ ᠬᠦᠷᠭᠡᠵᠦ᠂ ᠦᠢᠯᠡᠴᠢᠯᠡᠭᠡᠨ ᠤ ᠥᠷᠲᠡᠭᠡ ᠶᠢ ᠠᠵᠤ ᠠᠬᠤᠶᠢᠯᠠᠯ᠂ ᠠᠵᠢᠯᠲᠠᠨ ᠠᠵᠢᠯᠴᠢᠨ ᠤ ᠳᠡᠷᠭᠡᠳᠡᠬᠢ ᠠᠮᠤᠷ ᠲᠦᠪᠰᠢᠨ ᠤ ᠥᠷᠲᠡᠭᠡ᠂ ᠰᠠᠨᠠᠭ᠎ᠠ ᠠᠮᠤᠷ ᠥᠷᠲᠡᠭᠡ ᠪᠣᠯᠭᠠᠨ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠪᠦᠬᠦ ᠬᠦᠴᠦᠨ ᠪᠠᠷ ᠢᠶᠠᠨ ᠬᠠᠮᠠᠭᠠᠯᠠᠨ᠎ᠠ︾ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号