ᠪᠥᠬᠦ ᠬᠤᠲᠠ ᠶᠢᠨ ᠭᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠵᠢᠴᠢ ᠨᠠᠰᠤᠲᠠᠶᠢᠴᠤᠳ ᠤᠨ ᠬᠤᠭᠤᠯᠠ ᠣᠮᠳᠠ ᠶᠢ ᠲᠤᠰᠠᠯᠠᠬᠤ ᠦᠢᠯᠡᠴᠢᠯᠡᠭᠡᠨ ᠤ ᠤᠳᠠ ᠲᠣᠭᠤᠷᠢᠭ ᠤᠨ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/5/9
     5 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠪᠦᠬᠦ ᠬᠤᠳᠠ ᠶᠢᠨ ᠭᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠵᠢᠴᠢ ᠨᠠᠰᠤᠲᠠᠶᠢᠴᠤᠳ ᠤᠨ ᠬᠤᠭᠤᠯᠠ ᠤᠮᠳᠠ ᠶᠢ ᠲᠤᠰᠠᠯᠠᠬᠤ ᠦᠢᠯᠡᠴᠢᠯᠡᠭᠡᠨ ᠤ ᠤᠳᠠ ᠲᠣᠭᠤᠷᠢᠭ ᠤᠨ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠪᠠ᠃      ᠬᠤᠷᠠᠯ ᠳᠤ ᠣᠷᠣᠯᠴᠠᠭᠰᠠᠳ ᠤᠷᠢᠳ ᠬᠤᠵᠢᠳ ᠤᠳᠠ ᠲᠣᠭᠤᠷᠢᠭ ᠤᠨ ᠯᠢᠶᠠᠩ ᠵᠢᠶᠠ ᠭᠧᠦ ᠵᠡᠭᠡᠯᠢ ᠭᠤᠳᠤᠮᠵᠢ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠲᠣᠭᠤᠷᠢᠭ ᠤᠨ ᠨᠠᠰᠤᠲᠠᠶᠢᠴᠤᠳ ᠤᠨ ᠰᠤᠪᠢᠯᠠᠯᠲᠠ ᠶᠢᠨ ᠬᠦᠷᠢᠶᠡᠯᠡᠩ᠂ ᠪᠢᠨ ᠬᠠᠢ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠬᠦᠷᠴᠦ᠂ ᠡᠯ᠎ᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠡᠯᠡᠳᠬᠡᠮᠵᠢ ᠲᠥᠬᠦᠭᠡᠷᠦᠮᠵᠢ ᠶᠢ ᠲᠣᠬᠢᠷᠠᠭᠤᠯᠤᠨ ᠪᠠᠶᠢᠭᠤᠯᠤᠭᠰᠠᠨ᠂ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠷᠬᠦᠲᠦᠭᠰᠡᠨ᠂ ᠨᠡᠶᠢᠭᠡᠮ ᠤᠨ ᠬᠢᠨ ᠤ ᠨᠠᠰᠤᠵᠢᠯ ᠤᠨ ᠠᠰᠠᠷᠠᠮᠵᠢ ᠶᠢᠨ ᠦᠢᠯᠡᠰ ᠲᠤ ᠣᠷᠣᠯᠴᠠᠭᠰᠠᠨ ᠵᠡᠷᠭᠡ ᠪᠠᠶᠢᠳᠠᠯ ᠢ ᠨᠢ ᠨᠠᠷᠢᠨ ᠣᠶᠢᠯᠠᠭᠠᠬᠤ ᠶᠢᠨ ᠬᠠᠮᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠪᠠ ᠠᠵᠢᠯ ᠤᠨ ᠰᠠᠨᠠᠭᠤᠯᠭ᠎ᠠ ᠶᠢᠨ ᠲᠤᠬᠠᠢ ᠶᠠᠷᠢᠯᠴᠠᠨ ᠰᠣᠯᠢᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠲᠠ ᠲᠣᠭᠤᠷᠢᠭ ᠬᠤᠶᠠᠷ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠭᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠤᠬᠠᠢ ᠶᠢᠨ ᠲᠠᠯᠠᠪᠤᠷ ᠤᠨ ᠬᠤᠷᠠᠯ ᠢ ᠮᠠᠨ ᠤ ᠬᠤᠲᠠ ᠳᠤ ᠬᠤᠷᠠᠯᠳᠣᠭᠤᠯᠣᠭᠰᠠᠨ ᠲᠣᠬᠢᠶᠠᠯ ᠢ ᠠᠮᠵᠢᠵᠤ᠂ ᠭᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ︽ᠭᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ  ᠪᠠᠨ ᠲᠠᠰ ᠳᠡᠪᠰᠢᠭᠦᠯᠬᠦ᠂ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠪᠴᠢᠶ᠎ᠡ ᠪᠠᠨ ᠥᠷᠭᠡᠳᠬᠡᠬᠦ᠂ ᠶᠡᠷᠦᠩᠬᠡᠶᠢᠯᠡᠭᠰᠡᠨ ᠪᠠᠲᠤᠯᠠᠭ᠎ᠠ ᠪᠠᠷ ᠰᠠᠭᠤᠷᠢ ᠪᠠᠨ ᠴᠢᠩᠭᠠᠳᠬᠠᠬᠤ︾ ᠳᠥᠷᠪᠡᠨ ᠵᠦᠢᠯ ᠤᠨ ᠭᠤᠣᠯᠳᠠᠯᠭ᠎ᠠ ᠲᠠᠢ ᠭᠡᠷ ᠲᠡᠭᠡᠨ ᠰᠠᠭᠤᠬᠤ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠪᠠᠨ ᠭᠦᠢᠴᠡᠳ ᠬᠥᠭᠵᠢᠭᠦᠯᠦᠭᠰᠡᠨ᠂ ᠡᠮᠴᠢᠯᠡᠭᠡ ᠰᠤᠪᠢᠯᠠᠯᠲᠠ ᠶᠢ ᠣᠷᠭᠠᠨᠢᠭ ᠢᠶᠠᠷ ᠤᠶᠠᠯᠳᠤᠭᠤᠯᠤᠭᠰᠠᠨ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠵᠤ᠂ ᠭᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ  ᠨᠠᠰᠤᠲᠠᠶᠢᠴᠤᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠰᠠᠶᠢᠨ ᠡᠳ᠋ᠯᠡᠭᠦᠯᠵᠦ᠂ ᠵᠣᠯ ᠵᠢᠷᠭᠠᠯ ᠲᠠᠢ ᠥᠲᠡᠯᠦᠭᠡ ᠨᠠᠰᠤ ᠶᠢ ᠨᠢ ᠡᠳ᠋ᠯᠡᠭᠦᠯᠬᠦ ᠬᠡᠷᠡᠭᠳᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号