ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠴᠢᠳ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠠᠩ ᠢᠯᠡᠭᠦᠦ ᠬᠦᠷᠲᠡᠮᠵᠢ ᠶᠢᠨ ᠲᠥᠷᠥᠭᠳᠡᠯ ᠣᠯᠭᠤᠨ᠎ᠠ
ᠨᠡᠶᠢᠲᠡᠯᠡᠭᠰᠡᠨ ᠴᠠᠭ᠄
2024/5/9
     ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠪᠦᠬᠦ ᠤᠯᠤᠰ ᠤᠨ ᠡᠯ᠎ᠡ ᠭᠠᠵᠠᠷ ᠲᠤ ᠥᠷᠨᠢᠭᠦᠯᠵᠦ ᠪᠤᠢ᠂ ᠬᠡᠷᠬᠢᠨ ᠬᠡᠷᠡᠭᠯᠡᠭᠴᠢᠳ ᠲᠤ ᠦᠨᠡᠨ ᠬᠦ ᠠᠰᠢᠭ ᠬᠦᠷᠲᠡᠭᠡᠬᠦ ᠪᠤᠢ︖ ᠬᠤᠳᠠᠯᠳᠤᠭᠠᠨ ᠤ ᠶᠠᠪᠤᠳᠠᠯ ᠤᠨ ᠶᠠᠮᠤᠨ ᠤ ᠵᠠᠬ᠎ᠠ ᠳᠡᠯᠭᠡᠭᠦᠷ ᠤᠨ ᠠᠵᠢᠯᠯᠠᠭ᠎ᠠ ᠪᠠ ᠬᠡᠷᠡᠭᠯᠡᠭᠡ ᠶᠢ ᠠᠬᠢᠭᠤᠯᠬᠤ ᠵᠤᠷᠭᠠᠨ ᠤ ᠳᠠᠷᠤᠭ᠎ᠠ ᠰᠢᠦᠢ ᠰᠢᠩ ᠹᠧᠩ ᠲᠦᠷᠦᠭᠦᠬᠡᠨ ᠢᠯᠡᠷᠬᠡᠶᠢᠯᠡᠭᠰᠡᠨ ᠨᠢ᠂ ᠬᠡᠷᠡᠭᠯᠡᠭᠴᠢᠳ ᠤᠨ ᠬᠦᠰᠡᠯᠲᠡ ᠶᠢ ᠬᠦᠨᠳᠦᠳᠬᠡᠬᠦ᠂ ᠬᠡᠷᠡᠭᠯᠡᠭᠴᠢᠳ ᠤᠨ ᠱᠠᠭᠠᠷᠳᠠᠯᠭ᠎ᠠ ᠳᠤ ᠬᠠᠷᠢᠭᠤ ᠥᠭᠬᠦ ᠵᠠᠷᠴᠢᠮ ᠶᠣᠰᠣᠭᠠᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠣᠯᠠᠨ ᠰᠠᠯᠠᠭ᠎ᠠ ᠮᠥᠴᠢᠷ ᠤᠳ ᠲᠠᠢ ᠬᠠᠮᠲᠤᠷᠠᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠴᠢᠳ ᠲᠤ ᠨᠠᠩ ᠢᠯᠡᠭᠦᠦ ᠬᠦᠷᠲᠡᠮᠵᠢ ᠶᠢᠨ ᠲᠥᠷᠥᠭᠳᠡᠯ ᠣᠯᠭᠤᠨ᠎ᠠ ᠭᠡᠵᠡᠢ᠃      ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠠᠯ᠎ᠠ ᠪᠠᠷ᠂ ᠨᠢᠭᠡ ᠳᠤ ᠮᠠᠰᠢᠨ ᠲᠡᠷᠭᠡ ᠬᠤᠳᠠᠯᠳᠤᠨ ᠠᠪᠬᠤ ᠳᠤ ᠨᠠᠩ ᠠᠰᠢᠭᠲᠠᠢ ᠪᠣᠯᠭᠠᠵᠤ᠂ ᠡᠳ᠋ ᠤᠨ ᠵᠠᠰᠠᠭ᠂ ᠭᠠᠶᠢᠯᠢ ᠲᠠᠲᠠᠪᠤᠷᠢ᠂ ᠢᠲᠡᠭᠡᠮᠵᠢᠲᠦ ᠵᠢᠭᠡᠯᠡᠯᠭᠡ᠂ ᠳᠠᠭᠠᠳᠬᠠᠯ ᠵᠡᠷᠭᠡ ᠡᠯ᠎ᠡ ᠵᠠᠩᠭᠢᠯᠠᠭ᠎ᠠ ᠨᠤᠭᠤᠳ ᠠᠴᠠ ᠠᠰᠢᠭ ᠣᠯᠭᠤᠵᠤ᠂ ᠮᠠᠰᠢᠨ ᠲᠡᠷᠭᠡ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠤᠨ᠎ᠠ︔ ᠬᠤᠶᠠᠷ ᠲᠤ ᠮᠠᠰᠢᠨ ᠲᠡᠷᠭᠡ ᠬᠡᠷᠡᠭᠯᠡᠬᠦ ᠳᠤ ᠨᠠᠩ ᠳᠥᠭᠦᠮᠯᠡᠵᠦ᠂ ᠴᠠᠬᠢᠯᠭᠠᠨ ᠴᠡᠨᠡᠭᠯᠡᠬᠦ᠂ ᠲᠡᠷᠭᠡ ᠵᠣᠭᠰᠤᠭᠠᠬᠤ᠂ ᠣᠶᠤᠨᠲᠤ ᠵᠠᠮ ᠬᠠᠷᠢᠯᠴᠠᠭ᠎ᠠ ᠵᠡᠷᠭᠡ ᠰᠠᠭᠤᠷᠢ ᠪᠡᠯᠡᠳᠬᠡᠮᠵᠢ ᠨᠦᠭᠦᠳ ᠢ ᠤᠯᠠᠮ ᠲᠡᠭᠦᠯᠳᠡᠷᠵᠢᠭᠦᠯᠵᠦ᠂ ᠮᠠᠰᠢᠨ ᠲᠡᠷᠭᠡᠨ ᠤ ᠭᠦᠢᠯᠭᠡᠭᠡ ᠶᠢᠨ ᠬᠡᠷᠡᠭᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠵᠦ᠂ ᠮᠠᠰᠢᠨ ᠲᠡᠷᠭᠡ ᠶᠢ ᠥᠭᠡᠷᠡᠴᠢᠯᠡᠨ ᠤᠭᠰᠠᠷᠠᠬᠤ᠂ ᠲᠦᠷᠢᠶᠡᠰᠦᠯᠡᠬᠦ᠂ ᠭᠡᠷ ᠲᠡᠷᠭᠡ ᠪᠠᠷ ᠬᠡᠭᠡᠷ᠎ᠡ ᠪᠠᠭᠤᠳᠠᠯᠯᠠᠬᠤ᠂ ᠪᠡᠶ᠎ᠡ ᠶᠢᠨ ᠲᠠᠮᠢᠷ ᠤᠨ ᠤᠷᠤᠯᠳᠤᠭᠠᠨ ᠶᠠᠪᠤᠭᠤᠯᠬᠤ᠂ ᠤᠯᠠᠮᠵᠢᠯᠠᠯᠲᠤ ᠰᠣᠩᠭᠤᠳᠠᠭ ᠮᠠᠰᠢᠨ ᠲᠡᠷᠭᠡ ︵ᠬᠠᠭᠤᠴᠢᠨ ᠤ ᠲᠡᠷᠭᠡ︶ ᠵᠡᠷᠭᠡ ᠠᠵᠢᠯ ᠲᠥᠷᠥᠯ ᠤᠳ ᠤᠨ ᠬᠥᠭᠵᠢᠯᠲᠡ ᠶᠢ ᠳᠡᠮᠵᠢᠨ᠎ᠡ︔ ᠭᠤᠷᠪᠠ ᠳᠤ ᠮᠠᠰᠢᠨ ᠲᠡᠷᠭᠡ ᠬᠤᠳᠠᠯᠳᠤᠬᠤ ᠳᠤ ᠨᠠᠩ ᠰᠠᠨᠠᠭ᠎ᠠ ᠠᠮᠤᠷ ᠪᠣᠯᠭᠠᠵᠤ᠂ ᠭᠠᠷ ᠳᠠᠮᠵᠢᠭᠰᠠᠨ ᠮᠠᠰᠢᠨ ᠲᠡᠷᠭᠡ ᠶᠢ ᠪᠥᠬᠦ ᠤᠯᠤᠰ ᠤᠨ ᠬᠡᠪᠴᠢᠶᠡᠨ ᠳᠤ ᠰᠢᠯᠵᠢᠭᠦᠯᠬᠦ ᠬᠢᠵᠠᠭᠠᠷᠯᠠᠯ ᠢ ᠴᠤᠴᠠᠯᠬᠤ ᠶᠢ ᠠᠬᠢᠭᠤᠯᠵᠤ᠂ ᠭᠠᠷ ᠳᠠᠮᠵᠢᠭᠰᠠᠨ ᠮᠠᠰᠢᠨ ᠲᠡᠷᠭᠡ ᠶᠢᠨ ᠮᠡᠳᠡᠭᠡ ᠵᠠᠩᠭᠢ ᠶᠢ ᠯᠠᠪᠯᠠᠬᠤ ᠲᠠᠪᠴᠠᠩ ᠢ ᠪᠠᠶᠢᠭᠤᠯᠤᠨ᠎ᠠ︔ ᠳᠥᠷᠪᠡ ᠳᠤ ᠬᠡᠷᠡᠭᠯᠡᠭᠡᠨ ᠠᠴᠠ ᠭᠠᠷᠭᠠᠬᠤ ᠳᠤ ᠨᠠᠩ ᠳᠥᠭᠦᠮᠯᠡᠵᠦ᠂ ᠵᠠᠳᠠᠯᠵᠤ ᠰᠠᠯᠭᠠᠬᠤ ᠠᠵᠤ ᠠᠬᠤᠶᠢᠯᠠᠯ ᠤᠨ ᠭᠡᠷ ᠲᠤ ᠨᠢ ᠬᠦᠷᠴᠦ ᠲᠡᠷᠭᠡ ᠬᠤᠷᠢᠶᠠᠬᠤ ᠶᠢ ᠵᠣᠷᠢᠭᠵᠢᠭᠤᠯᠵᠤ᠂ ᠲᠡᠷᠭᠡᠨ ᠤ ᠡᠵᠡᠨ ᠤ ᠬᠡᠷᠡᠭᠯᠡᠭᠡᠨ ᠠᠴᠠ ᠭᠠᠷᠭᠠᠭᠰᠠᠨ ᠲᠡᠷᠭᠡ ᠪᠠᠨ ᠬᠤᠳᠠᠯᠳᠤᠬᠤ ᠳᠤ ᠨᠠᠩ ᠳᠥᠭᠦᠮᠯᠡᠨ᠎ᠡ᠃      ᠭᠡᠷ ᠤᠨ ᠴᠠᠬᠢᠯᠭᠠᠨ ᠬᠡᠷᠡᠭᠰᠡᠯ᠂ ᠭᠡᠷ ᠤᠨ ᠴᠢᠮᠡᠭᠯᠡᠯ ᠲᠣᠭᠤᠭᠠᠨ ᠭᠡᠷ ᠵᠣᠷᠯᠣᠩ ᠤᠨ ᠰᠢᠨ᠎ᠡ ᠶᠢ ᠰᠣᠯᠢᠬᠤ ᠲᠠᠯ᠎ᠠ ᠪᠠᠷ᠂ ᠨᠢᠭᠡ ᠳᠤ ᠬᠡᠷᠡᠭᠯᠡᠭᠡ ᠳᠤ ᠳᠥᠭᠦᠮᠯᠡᠬᠦ ᠶᠢ ᠳᠣᠪᠤᠶᠢᠯᠭᠠᠵᠤ᠂ ︽ᠬᠠᠳᠠᠭᠠᠯᠠᠬᠤ ᠥᠷᠥᠭᠡ︾ ︽ᠬᠤᠷᠢᠶᠠᠬᠤ ᠥᠷᠲᠡᠭᠡ︾ ︽ᠡᠷᠭᠢᠯᠲᠡ ᠶᠢᠨ ᠥᠷᠥᠭᠡ︾ ᠪᠠᠶᠢᠭᠤᠯᠬᠤ ᠶᠢ ᠵᠣᠷᠢᠭᠵᠢᠭᠤᠯᠵᠤ᠂ ᠪᠠᠰᠠ ︽ᠢᠨᠲ᠋ᠧᠷ ᠰᠦᠯᠵᠢᠶ᠎ᠡ+ ᠬᠤᠷᠢᠶᠠᠬᠤ︾᠂ ︽ᠬᠠᠭᠤᠴᠢᠨ ᠢ ᠬᠤᠷᠢᠶᠠᠬᠤ᠂ ᠰᠢᠨ᠎ᠡ ᠶᠢ ᠬᠦᠷᠭᠡᠬᠦ᠂ ᠵᠠᠳᠠᠯᠵᠤ ᠤᠭᠰᠠᠷᠠᠬᠤ ᠶᠢ ᠨᠢᠭᠡ ᠥᠷᠲᠡᠭᠡᠴᠢᠯᠡᠬᠦ︾ ᠶᠢ ᠵᠣᠷᠢᠭᠵᠢᠭᠤᠯᠤᠨ᠎ᠠ︔ ᠬᠤᠶᠠᠷ ᠲᠤ ᠮᠡᠳᠡᠭᠡ ᠵᠠᠩᠭᠢ ᠶᠢᠨ ᠢᠯᠡ ᠪᠠᠶᠢᠬᠤ ᠶᠢ ᠲᠣᠪᠤᠶᠢᠯᠭᠠᠨ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠥᠷᠨᠢᠭᠦᠯᠵᠦ᠂ ᠨᠠᠰᠤᠵᠢᠯ ᠳᠤ ᠲᠣᠬᠢᠷᠠᠭᠰᠠᠨ ᠭᠡᠷ ᠤᠨ ᠬᠡᠷᠡᠭᠰᠡᠯ ᠤᠨ ᠨᠡᠷᠡᠰ ᠤᠨ ᠵᠢᠭᠰᠠᠭᠠᠯᠲᠠ ᠶᠢ ᠬᠥᠳᠡᠯᠦᠩᠭᠦᠢ ᠪᠠᠷ ᠲᠡᠭᠦᠯᠳᠡᠷᠵᠢᠭᠦᠯᠵᠦ᠂ ᠭᠡᠷ ᠤᠨ ᠴᠢᠮᠡᠭᠯᠡᠯ ᠤᠨ ︽ᠵᠠᠭᠪᠤᠷ ᠥᠷᠥᠭᠡ︾ ᠶᠢ ᠬᠤᠳᠠᠯᠳᠤᠭᠠᠨ ᠤ ᠲᠠᠯᠠᠪᠤᠷ ᠲᠤ᠂ ᠨᠡᠶᠢᠭᠡᠮ ᠲᠣᠭᠤᠷᠢᠭ ᠲᠤ᠂ ᠲᠠᠪᠴᠠᠩ ᠳᠤ ᠣᠷᠣᠭᠤᠯᠬᠤ ᠶᠢ ᠠᠬᠢᠭᠤᠯᠤᠨ᠎ᠠ︔ ᠭᠤᠷᠪᠠ ᠳᠤ ᠣᠶᠤᠨᠲᠤ ᠮᠥᠷᠲᠡᠭᠡᠨ ᠳᠥᠭᠦᠮ ᠢ ᠲᠤᠪᠤᠶᠢᠯᠭᠠᠵᠦ᠂ ᠣᠶᠤᠨᠲᠤ ᠭᠡᠷ ᠤᠨ ᠬᠡᠷᠡᠭᠰᠡᠯ ᠤᠨ ᠬᠤᠯᠪᠣᠯᠳᠤᠨ ᠨᠡᠪᠲᠡᠷᠡᠯᠴᠡᠬᠦ ᠪᠠᠷᠢᠮᠵᠢᠶ᠎ᠠ ᠶᠢ ᠲᠦᠷᠭᠡᠨ ᠲᠡᠭᠦᠯᠳᠡᠷᠵᠢᠭᠦᠯᠵᠦ᠂ ᠣᠶᠤᠨᠲᠤ ᠪᠦᠲᠦᠭᠡᠭᠳᠡᠬᠦᠨ ᠨᠦᠭᠦᠳ ᠢ ᠨᠡᠩ ᠤᠯᠠᠨ ᠠᠮᠢᠳᠤᠷᠠᠯ ᠤᠨ ᠲᠠᠯᠠᠪᠤᠷ ᠲᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔ ᠳᠥᠷᠪᠡ ᠳᠤ ᠣᠷᠴᠢᠨ ᠠᠬᠤᠢ ᠶᠢ ᠰᠢᠯᠢᠳᠡᠭᠵᠢᠭᠦᠯᠬᠦ ᠶᠢ ᠳᠣᠪᠤᠶᠢᠯᠭᠠᠵᠤ᠂ ︽ᠰᠠᠨᠠᠭ᠎ᠠ ᠠᠮᠤᠷ ᠭᠡᠷ ᠤᠨ ᠬᠡᠷᠡᠭᠰᠡᠯ ᠢ ᠨᠡᠶᠢᠭᠡᠮ ᠲᠣᠭᠤᠷᠢᠭ ᠲᠤ ᠣᠷᠣᠭᠤᠯᠬᠤ︾᠂ ᠭᠡᠷ ᠤᠨ ᠴᠠᠬᠢᠯᠭᠠᠨ ᠬᠡᠷᠡᠭᠰᠡᠯ ᠤᠨ ᠪᠣᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠠᠵᠢᠯᠯᠠᠭ᠎ᠠ ᠨᠤᠭᠤᠳ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号