2024 ᠣᠨ ᠤ 5 ᠰᠠᠷ᠎ᠠ ᠶᠢᠨ 8 ᠤ ᠡᠳᠦᠷ ᠤᠨ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/5/9
     ᠼᠦᠢ ᠵᠢᠩ ᠶᠢᠩ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠠ᠃      ᠭᠧᠩ ᠬᠠᠢ ᠵᠢᠶᠦ᠋ᠨ᠄ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠠᠵᠢᠯ ᠤᠨ ᠲᠤᠬᠠᠢ ᠰᠣᠳᠣᠯᠵᠣ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢᠶᠠᠨ ᠠᠬᠢᠭᠤᠯᠵᠤ ᠪᠠᠶᠢᠭ᠎ᠠ ᠪᠠᠶᠢᠳᠠᠯ ᠳᠤ ᠲᠤᠬᠢᠷᠠᠭᠤᠯᠤᠯᠳᠠ ᠬᠢᠪᠡ᠃      ᠭᠦᠸᠧ ᠢ ᠵᠢᠶᠧ᠄ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃      ᠸᠠᠩ ᠵᠢᠢ ᠫᠢᠩ᠄ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃      ᠵᠠᠩ ᠮᠢᠩ ᠮᠢᠩ᠄ ᠦᠬᠠᠢ ᠬᠤᠲᠠ ᠶᠢᠨ ᠭᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠵᠢᠴᠢ ᠨᠠᠰᠤᠲᠠᠶᠢᠴᠤᠳ ᠤᠨ ᠬᠤᠭᠤᠯᠨ ᠣᠮᠳᠠ ᠳᠤ ᠲᠤᠰᠠᠯᠠᠬᠤ ᠦᠢᠯᠡᠴᠢᠯᠡᠭᠡᠨ ᠤ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠵᠤ᠂ ᠦᠬᠠᠢ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ︽ᠨᠠᠢᠮᠠ + N︾ ᠳᠤ ᠣᠷᠣᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷᠡᠭᠯᠡᠭᠡ ᠶᠢ ᠠᠬᠢᠭᠤᠯᠬᠤ ᠱᠠᠩᠨᠠᠯ ᠤᠨ ᠠᠷᠭ᠎ᠠ ᠬᠡᠮᠵᠢᠶ᠎ᠡ ᠶᠢ ᠲᠣᠭᠲᠠᠭᠠᠭᠰᠠᠨ ᠪᠠᠶᠢᠳᠠᠯ ᠤᠨ ᠲᠤᠬᠠᠢ ᠰᠤᠳᠤᠯᠪᠠ᠃      ᠭᠤᠸ ᠪᠥᠸᠧ᠄ ᠦᠬᠠᠢ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠡ᠃      ᠵᠠᠩ ᠸᠧᠢ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号