ᠵᠢᠶᠠᠩ ᠬᠤᠩ ᠮᠠᠨ ᠤ ᠬᠤᠲᠠ ᠳᠤ ᠭᠡᠷ ᠲᠡᠭᠡᠨ ᠰᠠᠭᠤᠬᠤ ᠨᠡᠶᠢᠭᠡᠮ ᠲᠤᠭᠤᠷᠢᠭ ᠤᠨ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠭᠡ ᠵᠢᠴᠢ ᠨᠠᠰᠦᠳᠠᠶᠢᠴᠤᠳ ᠤᠨ ᠬᠤᠭᠤᠯᠠᠨ ᠳᠤ ᠲᠣᠰᠠᠯᠠᠬᠤ ᠦᠢᠯᠡᠴᠢᠯᠡᠭᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/11
     6 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠢᠶᠠᠩ ᠬᠤᠩ ᠮᠠᠨ ᠤ ᠬᠤᠲᠠ ᠳᠤ ᠢᠷᠡᠵᠦ ᠭᠡᠷ ᠲᠡᠭᠡᠨ ᠰᠠᠭᠤᠬᠤ ᠨᠡᠶᠢᠭᠡᠮ ᠲᠤᠭᠤᠷᠢᠭ ᠤᠨ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠭᠡ ᠵᠢᠴᠢ ᠨᠠᠰᠦᠳᠠᠶᠢᠴᠤᠳ ᠤᠨ ᠬᠤᠭᠤᠯᠠᠨ ᠳᠤ ᠲᠣᠰᠠᠯᠠᠬᠤ ᠦᠢᠯᠡᠴᠢᠯᠡᠭᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠵᠠᠩ ᠮᠢᠩ ᠮᠢᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠬᠠᠶᠢᠷᠤᠪ ᠤᠨ ᠲᠤᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠴᠠᠩ ᠴᠢᠩ ᠨᠡᠶᠢᠭᠡᠮ ᠲᠣᠭᠤᠷᠢᠭ ᠤᠨ ᠠᠵᠤ ᠦᠢᠯᠡᠳᠪᠦᠷᠢ ᠶᠢᠨ ᠪᠠᠩᠬᠢ ᠶᠢᠨ ᠡᠮᠦᠨ᠎ᠡ ᠰᠠᠭᠤᠭᠠᠯᠢ ᠲᠣᠭᠤᠷᠢᠭ ᠤᠨ ᠨᠠᠰᠤᠲᠠᠶᠢᠴᠤᠳ ᠤᠨ ᠭᠡᠷ ᠪᠦᠯᠢ ᠳᠤ᠂ ᠵᠢᠶᠠᠩ ᠬᠤᠩ ᠨᠡᠶᠢᠭᠡᠮ ᠲᠣᠭᠤᠷᠢᠭ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠨᠠᠰᠤᠲᠠᠶᠢᠴᠤᠳ ᠤᠨ ᠭᠡᠷ ᠪᠦᠯᠢ ᠪᠣᠯᠤᠨ ︽ᠠᠳᠠᠯ ᠠᠬᠤᠢ+ ᠨᠠᠰᠤᠵᠢᠯ︾ ᠤᠨ ᠵᠠᠭᠪᠤᠷ ᠤᠨ ᠠᠵᠢᠯᠯᠠᠭᠠᠨ ᠤ ᠪᠠᠶᠢᠳᠠᠯ ᠢ  ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠠᠨ ᠤ ᠬᠤᠲᠠ ᠶᠢᠨ ︽ᠵᠢᠷᠭᠤᠭᠠᠨ ᠳᠡᠰ ᠵᠢᠷᠭᠤᠭᠠᠨ ᠲᠠᠯ᠎ᠠ︾ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠭᠰᠠᠨ ᠶᠠᠪᠤᠳᠠᠯ ᠢ ᠨᠤᠲᠠᠯᠠᠪᠠ᠃ ᠲᠡᠷᠡ ᠬᠡᠯᠡᠭᠰᠡᠨ ᠨᠢ᠂ ᠭᠡᠷ ᠲᠡᠭᠡᠨ ᠰᠠᠭᠤᠵᠤ ᠪᠠᠶᠢᠭᠠᠳ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢ ᠬᠦᠷᠳᠡᠬᠦ ᠪᠣᠯ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠵᠠᠩᠭᠢᠯᠠᠭ᠎ᠠ ᠶᠢᠨ ᠪᠦᠷᠢᠯᠳᠦᠬᠦᠨ ᠬᠡᠰᠡᠭ ᠮᠥᠨ᠂ ᠠᠳᠠᠯ ᠠᠬᠤᠶ ᠶᠢᠨ ᠠᠵᠤ ᠠᠬᠤᠶᠢᠯᠠᠯ ᠤᠨ ᠨᠡᠶᠢᠭᠡᠮ ᠲᠣᠭᠤᠷᠢᠭ ᠲᠤ ᠪᠠᠶᠢᠩᠭᠤ ᠰᠠᠭᠤᠬᠤ᠂ ᠰᠠᠭᠤᠭᠠᠯᠢ ᠠᠷᠠᠳ ᠯᠤᠭ᠎ᠠ ᠦᠢᠷᠬᠠᠨ᠂ ᠲᠣᠰᠬᠠᠯ ᠲᠦᠷᠭᠡᠨ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠲᠣ ᠶᠢᠨ ᠪᠠᠶᠢᠭ᠎ᠠ ᠡᠬᠢ ᠪᠠᠶᠠᠯᠢᠭ ᠲᠤ ᠲᠦᠰᠢᠭᠯᠡᠬᠦ ᠪᠠ ᠡᠮᠬᠢᠯᠡᠨ ᠨᠡᠶᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠂ ᠨᠠᠰᠤᠲᠠᠶᠢᠴᠤᠳ ᠤᠨ ᠣᠯᠠᠨ ᠶᠠᠩᠵᠤᠴᠢᠯᠠᠭᠰᠠᠨ᠂ ᠥᠪᠡᠷᠮᠢᠴᠡ ᠣᠨᠴᠠᠯᠢᠭ ᠲᠠᠢ ᠬᠡᠷ ᠲᠡᠭᠡᠨ ᠰᠠᠭᠤᠬᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠢ ᠬᠠᠩᠭᠠᠬᠤ ᠬᠡᠷᠡᠭᠲᠡᠶ ᠭᠡᠵᠡᠢ᠃      ᠳᠠᠷᠠᠭ᠎ᠠ ᠨᠢ᠂ ᠵᠢᠶᠠᠩ ᠬᠤᠩ ᠤᠳᠠ ᠲᠣᠭᠤᠷᠢᠭ ᠤᠨ ᠠᠷᠠᠳ ᠲᠤ ᠠᠰᠢᠭ ᠬᠦᠷᠲᠡᠭᠡᠬᠦ ᠬᠤᠭᠤᠯᠠᠨ ᠭᠡᠷ ᠲᠤ ᠬᠦᠷᠴᠦ᠂ ᠬᠤᠭᠤᠯᠠᠨ ᠭᠡᠷ ᠤᠨ ᠡᠵᠡᠩᠨᠡᠯᠲᠡ᠂ ᠤᠶᠤᠨᠴᠢᠯᠠᠭᠰᠠᠨ ᠪᠦᠲᠦᠭᠡᠨ ᠪᠠᠶᠢᠭᠤᠯᠤᠯᠲᠠ᠂ ᠨᠠᠰᠤᠵᠢᠯ ᠤᠨ ᠠᠰᠠᠷᠠᠮᠵᠢ ᠶᠢᠨ ᠲᠤᠰᠠᠯᠠᠮᠵᠢ ᠵᠡᠷᠭᠡ ᠪᠠᠶᠢᠳᠠᠯ ᠢ ᠨᠢ ᠨᠠᠷᠢᠨ ᠣᠶᠢᠯᠠᠭᠠᠬᠤ ᠶᠢᠨ ᠬᠠᠮᠲᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠪᠠᠶᠢᠭᠤᠯᠤᠮᠵᠢ ᠶᠢ ᠤᠯᠠᠮ ᠨᠢᠭᠡ ᠠᠯᠬᠤᠮ ᠣᠯᠠᠨ ᠡᠰᠢᠲᠦ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠨᠡᠶᠢᠭᠡᠮᠴᠢᠯᠡᠭᠰᠡᠨ ᠡᠵᠡᠩᠨᠡᠯᠲᠡ ᠪᠠᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠲᠤᠰᠠᠯᠠᠬᠤ ᠦᠢᠯᠡᠴᠢᠯᠡᠭᠡ ᠶᠢ ᠪᠠᠲᠤᠯᠠᠬᠤ ᠶᠢ ᠬᠦᠰᠡᠪᠡ᠃ ᠲᠡᠷᠡ ᠬᠡᠯᠡᠭᠰᠡᠨ ᠨᠢ᠂ ᠨᠠᠰᠣᠳᠠᠶᠢᠴᠤᠳ ᠲᠤ ᠲᠤᠰᠠᠯᠠᠬᠤ ᠠᠵᠤ ᠠᠬᠤᠶ ᠪᠣᠯ ᠬᠡᠷᠡᠭᠯᠡᠭᠡᠨ ᠤ ᠵᠠᠬ᠎ᠠ ᠳᠡᠯᠭᠡᠭᠦᠷ ᠤᠨ ︽ᠰᠢᠨ᠎ᠡ ᠵᠠᠭᠪᠤᠷ︾ ᠮᠥᠨ᠂ ᠦᠬᠠᠶ ᠬᠤᠲᠠ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠵᠤ᠂ ᠦᠨᠳᠦᠰᠦᠨ ᠵᠦᠢᠯ ᠢ ᠪᠠᠲᠤᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠪᠦᠯᠦᠭᠵᠢᠭᠰᠡᠨ᠂ ᠨᠠᠷᠠᠲᠤ ᠲᠡᠮᠳᠡᠭᠵᠢᠭᠰᠡᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠪᠣᠶ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ ᠬᠢᠭᠡᠳ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠪᠥᠬᠦ ᠣᠷᠣᠨ ᠤ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ ᠶᠢ ᠪᠠᠶᠢᠭᠤᠯᠬᠤ ᠳᠤ ᠢᠯᠡᠭᠦᠬᠡᠨ ᠲᠤᠷᠰᠢᠯᠭ᠎ᠠ ᠭᠠᠷᠭᠠᠵᠤ᠂ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃      ᠬᠠᠶᠢᠨᠠᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ᠂ ᠵᠢᠶᠠᠩ ᠬᠤᠩ ᠪᠠᠶᠢᠭᠤᠯᠤᠮᠵᠢ ᠶᠢᠨ ᠪᠠᠶᠢᠭᠤᠯᠤᠯᠲᠠ ᠡᠵᠡᠩᠨᠡᠯᠲᠡ ᠵᠢᠴᠢ ᠡᠯ᠎ᠡ ᠴᠢᠳᠠᠮᠵᠢᠳᠤ ᠣᠷᠣᠨ ᠤ ᠦᠢᠯᠡᠴᠢᠯᠡᠭᠡ ᠥᠷᠨᠢᠭᠦᠯᠦᠭᠰᠡᠨ ᠪᠠᠶᠢᠳᠠᠯ ᠢ ᠨᠢ ᠯᠠᠪᠯᠠᠨ ᠠᠰᠠᠭᠤᠪᠠ᠃ ᠲᠡᠷᠡ ᠬᠡᠯᠡᠭᠰᠡᠨ ᠨᠢ᠂ ᠨᠠᠰᠤᠲᠠᠶᠢᠴᠤᠳ ᠤᠨ ᠬᠡᠷ ᠲᠡᠭᠡᠨ ᠰᠠᠭᠤᠬᠤ ᠨᠠᠰᠤᠵᠢᠯ ᠤᠨ ᠠᠰᠠᠷᠠᠮᠵᠢ᠂ ᠡᠪᠡᠳᠴᠢᠨ ᠦᠵᠡᠭᠦᠯᠵᠦ ᠡᠮ ᠬᠡᠷᠡᠭᠯᠡᠬᠦ ᠵᠡᠷᠭᠡ ᠪᠠᠴᠢᠮ ᠬᠦᠴᠢᠷ ᠵᠤᠪᠠᠨᠢᠯ ᠡᠷᠡᠮᠡᠯᠵᠡᠯ ᠤᠨ ᠠᠰᠠᠭᠤᠳᠠᠯ ᠢ ᠨᠢ ᠰᠠᠶᠢᠲᠤᠷ ᠰᠢᠢᠳᠪᠦᠷᠢᠯᠡᠬᠦ ᠶᠢ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠭᠤᠤᠯᠳᠠᠯᠭ᠎ᠠ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠠᠵᠢᠯ ᠤᠨ ᠬᠥᠭᠵᠢᠯᠲᠡ ᠶᠢᠨ ᠲᠣᠭᠲᠠᠴᠠ ᠪᠠᠨ ᠪᠦᠷᠢᠨᠰᠢᠬᠦᠯᠤᠨ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠨ ᠬᠥᠭᠵᠢᠭᠦᠯᠬᠦ ᠳᠤ ᠬᠦᠴᠦᠲᠡᠶ ᠲᠦᠷᠢᠮ ᠤᠨ ᠪᠠᠲᠤᠯᠠᠭ᠎ᠠ ᠬᠠᠩᠭᠠᠵᠤ᠂ ᠲᠣᠰ ᠭᠠᠵᠠᠷ ᠤᠨ ᠣᠨᠴᠠᠯᠢᠭ ᠲᠠᠢ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢ ᠨᠠᠩ ᠪᠠᠲᠤᠯᠠᠭ᠎ᠠ ᠲᠠᠢ᠂ ᠠᠮᠢᠳᠤᠷᠠᠯ ᠢ ᠨᠢ ᠨᠠᠩ ᠴᠢᠨᠠᠷ ᠴᠢᠨᠰᠠᠭ᠎ᠠ ᠲᠠᠢ ᠪᠣᠯᠭᠠᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号