ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 7 ᠳ᠋ᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/6/11
     6 ᠰᠠᠷ᠎ᠠ ᠶᠢᠨ 7 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 7 ᠳ᠋ᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠣᠵᠦ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠰᠤᠷᠤᠯᠴᠠᠨ ᠰᠤᠳᠤᠯᠤᠨ ᠶᠠᠷᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃      ᠬᠤᠷᠠᠯ ᠳᠡᠭᠡᠷ᠎ᠡ᠂ ᠼᠦᠢ ᠵᠢᠩ ᠶᠢᠩ᠂ ᠯᠢ ᠠᠩ᠂ ᠵᠠᠩ ᠸᠧᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠨᠥᠬᠦᠳ ᠪᠢᠴᠢᠭ ᠤᠨ ᠬᠡᠯᠪᠡᠷᠢ ᠪᠠᠷ ᠰᠠᠨᠠᠯ ᠢᠶᠠᠨ ᠰᠣᠯᠢᠯᠴᠠᠪᠠ᠃      ᠲᠠᠩ ᠢ ᠬᠡᠯᠡᠭᠰᠡᠨ ᠨᠢ᠂ ᠰᠠᠬᠢᠯᠭ᠎ᠠ ᠪᠠᠲᠤ ᠴᠢᠩᠭ᠎ᠠ ᠲᠣᠳᠣᠷᠬᠠᠢ ᠪᠠᠶᠢᠬᠤ ᠪᠣᠯ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠪᠣᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠶᠡᠷᠦᠩᠬᠡᠢ ᠱᠦᠵᠢ ᠨᠠᠮ ᠤᠨ ᠰᠠᠬᠢᠯᠭ᠎ᠠ ᠪᠠᠲᠤ ᠪᠠ ᠶᠣᠰᠣ ᠲᠦᠷᠢᠮ ᠢ ᠴᠢᠩᠳᠠᠯᠠᠬᠤ ᠶᠢᠨ ᠲᠣᠭᠤᠷᠢᠨ ᠳᠤ ᠠᠯᠢ ᠤᠯᠠᠨ ᠴᠢᠬᠤᠯᠠ ᠥᠭᠦᠯᠡᠯᠲᠡ ᠶᠢ ᠨᠡᠶᠢᠲᠡᠯᠡᠵᠦ᠂ ᠠᠯᠢ ᠤᠯᠠᠨ ᠰᠢᠨ᠎ᠡ ᠣᠶᠢᠯᠠᠭᠠᠭᠳᠠᠬᠤᠨ᠂ ᠰᠢᠨ᠎ᠡ ᠨᠤᠲᠠᠯᠠᠯᠲᠠ᠂ ᠰᠢᠨ᠎ᠡ ᠠᠷᠭ᠎ᠠ ᠬᠡᠮᠵᠢᠶ᠎ᠡ ᠶᠢ ᠳᠤᠷᠠᠳᠴᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠭᠰᠠᠨ ᠪᠥᠭᠡᠳ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠠᠢ᠃ ᠪᠥᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠵᠢᠮ᠎ᠡ ᠶᠣᠰᠣᠴᠢ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠰᠣᠷᠣᠭᠰᠠᠨ ᠢᠶᠠᠨ ᠬᠡᠷᠡᠭᠯᠡᠬᠦ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ ᠦᠨᠡᠨ ᠬᠦ ᠪᠡᠶᠡᠯᠡᠭᠦᠯᠵᠦ᠂ ᠤᠯᠤᠰ ᠲᠥᠷᠥ ᠶᠢᠨ ᠪᠣᠭᠤᠮᠲᠠ᠂ ᠡᠷᠬᠡ ᠶᠢᠨ ᠪᠣᠭᠤᠮᠲᠠ᠂ ᠬᠠᠷᠢᠯᠴᠠᠭᠠᠨ ᠤ ᠪᠣᠭᠤᠮᠲᠠ᠂ ᠠᠮᠢᠳᠤᠷᠠᠯ ᠤᠨ ᠪᠣᠭᠤᠮᠲᠠ᠂ ᠲᠥᠷᠥᠯ ᠰᠠᠳᠤᠨ ᠤ ᠰᠡᠳᠭᠢᠯᠭᠡ ᠶᠢᠨ ᠪᠣᠭᠤᠮᠲᠠ ᠶᠢ ᠪᠠᠲᠤ ᠰᠠᠬᠢᠵᠤ᠂ ᠰᠠᠬᠢᠯᠭ᠎ᠠ ᠪᠠᠲᠤ ᠶᠣᠰᠣ ᠲᠦᠷᠢᠮ ᠢ ᠬᠦᠨᠳᠡᠵᠦ ᠪᠣᠯᠤᠰᠢ ᠥᠬᠡᠶ ᠬᠤᠷᠢᠭ᠎ᠠ ᠱᠤᠭᠤᠮ ᠪᠣᠯᠭᠠᠬᠤ ᠬᠡᠷᠡᠭᠲᠡᠶ ᠭᠡᠵᠡᠢ᠃      ᠲᠠᠩ ᠢ ᠬᠡᠯᠡᠭᠰᠡᠨ ᠨᠢ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢᠨ ᠦᠨᠳᠦᠰᠦᠨ ᠠᠷᠭ᠎ᠠ ᠪᠣᠳᠣᠯᠭ᠎ᠠ ᠮᠥᠨ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽﹈ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠦᠷᠭᠦᠯᠵᠢᠯᠡᠨ ᠬᠥᠭᠵᠢᠭᠡᠬᠦ ᠬᠡᠷᠡᠭᠲᠡᠢ᠃ ᠥᠪᠡᠷ ᠢ ᠪᠠᠨ ᠱᠠᠭᠠᠷᠳᠠᠬᠤ ᠪᠠ ᠪᠤᠰᠤᠳ ᠤᠨ ᠱᠠᠭᠠᠷᠳᠠᠬᠤ᠂ ᠢᠲᠡᠭᠡᠯ ᠪᠠ ᠬᠢᠨᠠᠯᠲᠠ᠂ ᠡᠷᠬᠡ ᠲᠤᠰᠢᠶᠠᠯ ᠪᠠ ᠣᠨᠴᠠ ᠡᠷᠬᠡ᠂ ᠵᠠᠷᠴᠢᠮ ᠪᠠ ᠬᠠᠶᠢᠷ᠎ᠠ ᠰᠡᠳᠬᠢᠯᠭᠡ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠰᠠᠬᠢᠯᠭ᠎ᠠ ᠪᠠᠲᠤ ᠪᠠ ᠶᠣᠰᠣ ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠰᠡᠳᠬᠢᠯ ᠳᠡᠭᠡᠨ ᠵᠢᠷᠦᠬᠡᠰᠢᠶᠡᠯ ᠲᠠᠢ ᠪᠠᠶᠢᠬᠤ᠂ ᠦᠭᠡ ᠶᠠᠷᠢᠶ᠎ᠠ ᠦᠢᠯᠡ ᠠᠵᠢᠯᠯᠠᠭ᠎ᠠ ᠳᠠᠭᠠᠨ ᠬᠤᠷᠢᠭ᠎ᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠪᠠᠨ ᠴᠢᠩᠭᠠᠳᠬᠠᠵᠤ᠂ ︽ᠭᠤᠷᠪᠠ ᠶᠢ ᠢᠯᠭᠠᠬᠤ︾ ᠶᠢ ᠨᠠᠶᠢᠳᠠᠪᠤᠷᠢᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢ ᠨᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠠᠷᠠᠳ ᠲᠦᠮᠡᠨ ᠤ ᠲᠥᠯᠥᠭᠡ ᠠᠵᠢᠯ ᠶᠠᠪᠤᠳᠠᠯ ᠬᠢᠬᠦ᠂ ᠠᠷᠠᠳ ᠲᠦᠮᠡᠨ ᠳᠤ ᠪᠤᠶᠠᠨ ᠦᠢᠯᠡᠳᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠶ᠃ ᠤᠯᠠᠨ ᠲᠦᠮᠡᠨ ᠤ ᠰᠠᠬᠢᠯᠭ᠎ᠠ ᠪᠠᠲᠤ ᠭᠡᠬᠦ ᠡᠨᠡ ᠬᠦ ᠨᠠᠮ ᠪᠠ ᠤᠯᠠᠨ ᠲᠦᠮᠡᠨ ᠤ ᠬᠠᠷᠢᠴᠠᠭ᠎ᠠ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠰᠢᠢᠳᠪᠦᠷᠢᠯᠡᠬᠦ ᠦᠢᠯᠡ ᠠᠵᠢᠯᠯᠠᠭ᠎ᠠ ᠶᠢᠨ ᠵᠢᠷᠤᠮᠵᠢᠯ ᠢ ᠭᠦᠨᠵᠡᠭᠡᠢ ᠡᠵᠡᠮᠳᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠬᠢᠭᠤᠯᠬᠤ ᠶᠢ ᠪᠠᠷᠢᠮᠲᠠᠯᠠᠵᠤ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠤᠯᠠᠨ ᠲᠦᠮᠡᠨ ᠤ ᠠᠵᠢᠯᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠨᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠰᠤᠷᠲᠠᠯ ᠴᠢᠬᠡᠴᠢ ᠣᠪᠣᠷ ᠲᠥᠪ᠂ ᠰᠠᠬᠢᠯᠭ᠎ᠠ ᠪᠠᠲᠤ ᠴᠢᠩᠭ᠎ᠠ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠠᠬᠢᠭᠤᠯᠵᠤ᠂ ᠡᠷᠬᠡ ᠳᠤ ᠬᠢᠨᠠᠯᠲᠠ ᠲᠠᠯᠪᠢᠬᠤ ᠲᠦᠷᠢᠮ ᠪᠠ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠰᠢᠰᠲ᠋ᠧᠮ ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠰᠢᠨ᠎ᠡ ᠪᠠᠶᠢᠳᠠᠯ ᠢ ᠪᠤᠢ ᠪᠤᠯᠭᠠᠬᠤ ᠬᠡᠷᠡᠭᠳᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号