ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/11
     6 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ᠂ ᠪᠠᠶᠠᠷ ᠤᠨ ᠵᠠᠬᠢᠳᠠᠯ ᠪᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠥᠭᠵᠢᠯᠲᠡ ᠳᠤ ᠲᠦᠰᠢᠭᠯᠡᠨ ᠠᠵᠢᠯ ᠣᠯᠭᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠶᠡᠭᠡ ᠪᠠᠷ ᠬᠥᠭᠵᠢᠭᠦᠯᠵᠦ᠂ ᠠᠵᠢᠯ ᠣᠯᠭᠤᠯᠲᠠ ᠶᠢᠨ ᠴᠢᠳᠠᠪᠤᠷᠢ ᠪᠠᠷ ᠴᠢᠩᠭ᠎ᠠ ᠠᠵᠤ ᠦᠢᠯᠡᠰ ᠪᠣᠯᠤᠨ ᠠᠵᠤ ᠠᠬᠤᠶᠢᠯᠠᠯ ᠢ ᠨᠡᠩ ᠤᠯᠠᠨ ᠣᠷᠣᠭᠤᠯᠤᠨ ᠠᠪᠴᠢᠷᠠᠵᠤ᠂ ᠨᠡᠩ ᠤᠯᠠᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠡᠭᠦᠳᠬᠦ ᠬᠡᠷᠡᠭᠲᠡᠢ︔ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠦᠲᠦᠴᠡ ᠶᠢᠨ ᠪᠠᠶᠢᠷᠢᠰᠢᠭᠤᠯᠤᠯᠲᠠ ᠪᠠᠨ ᠦᠷᠭᠦᠯᠵᠢᠯᠡᠨ ᠰᠢᠯᠢᠳᠡᠭᠵᠢᠭᠦᠯᠦᠨ ᠳᠤᠬᠢᠷᠠᠭᠤᠯᠵᠤ᠂ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠢᠳᠡᠪᠬᠢᠲᠡᠢ ᠰᠦᠪᠡᠭᠴᠢᠯᠡᠵᠦ᠂ ᠠᠵᠢᠯ ᠣᠯᠭᠤᠯᠲᠠ ᠶᠢᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠭᠤᠣᠯᠳᠠᠯᠭ᠎ᠠ ᠲᠠᠢ ᠬᠠᠮᠲᠤᠯᠢᠭ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠠᠵᠢᠯ ᠣᠯᠭᠤᠯᠲᠠ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠬᠠᠶ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠪᠥᠬᠦ ᠬᠦᠴᠦᠨ ᠢᠶᠠᠷ ᠢᠶᠠᠨ ᠣᠯᠵᠤ᠂ ᠮᠠᠨ ᠤ ᠬᠤᠲᠠ ᠶᠢᠨ ᠬᠥᠳᠡᠭᠡ ᠲᠣᠰᠬᠤᠨ ᠤ ᠵᠠᠮ ᠤᠨ ᠲᠣᠤᠷ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠶ᠃ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠠᠶᠢᠭᠤᠯᠤᠭᠳᠠᠭᠰᠠᠨ 30 ᠵᠢᠯ ᠤᠨ ᠤᠢ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠪᠣᠯᠤᠨ ︽ᠦᠨᠡᠨ︾ ᠰᠡᠳᠭᠦᠯ ᠳᠤ ᠨᠡᠶᠢᠳᠡᠯᠡᠭᠰᠡᠨ ︽ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠣᠯᠤᠨ ᠴᠢᠬᠤᠯᠠ ᠬᠦᠴᠦᠯᠡᠬᠦ‍ ᠴᠢᠭ ᠮᠦᠨ︾ ᠬᠡᠬᠦ ᠴᠢᠬᠤᠯᠠ ᠵᠤᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠵᠢᠯᠯᠠᠭᠠᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠮᠡᠳᠡᠭᠡ ᠵᠠᠩᠭᠢ ᠴᠤᠭᠯᠠᠭᠤᠯᠬᠤ᠂ ᠨᠡᠶᠢᠲᠡᠯᠡᠬᠦ᠂ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠲᠠᠯ᠎ᠠ ᠶᠢ ᠬᠦᠳᠦᠯᠦᠨ ᠵᠢᠯᠣᠭᠤᠳᠴᠤ ᠪᠠᠶᠢᠭᠠᠳ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ᠂ ᠰᠢᠨ᠎ᠡ ᠣᠷᠠᠨ ᠲᠠᠷᠬᠠᠯᠠᠯ ᠢ ᠰᠤᠳᠤᠯᠤᠨ ᠨᠡᠭᠡᠭᠡᠬᠦ ᠪᠠ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ︔ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ ᠪᠤᠳᠤᠯᠭ᠎ᠠ ᠶᠢ ᠣᠶᠢᠯᠠᠭᠠᠬᠤ ᠬᠡᠪᠴᠢᠶ᠎ᠡ᠂ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠨᠡᠩ ᠤᠯᠠᠨ ᠰᠢᠯᠢᠳᠡᠭ ᠴᠢᠳᠠᠪᠤᠷᠢᠲᠠᠨ ᠢ ᠦᠬᠠᠢ ᠳᠤ ᠢᠷᠡᠭᠦᠯᠵᠦ ᠰᠢᠨ᠎ᠡ ᠶᠢ ᠡᠭᠦᠳᠦᠨ ᠦᠢᠯᠡᠰ ᠪᠤᠰᠬᠠᠬᠤ ᠬᠡᠷᠡᠭᠲᠡᠢ ᠭᠡᠵᠡᠢ᠃ ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠰᠧᠴᠤᠸᠠᠨ ᠮᠤᠵᠢ ᠶᠢᠨ ᠨᠠᠨᠴᠦ᠋ᠩ ᠬᠤᠲᠠ ᠶᠢᠨ ᠵᠢᠶᠠ ᠯᠢᠩ ᠲᠣᠭᠤᠷᠢᠭ ᠤᠨ ᡁᠢ ᠵᠢᠶᠠᠩ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠭᠠᠴᠤᠳ ᠬᠡᠤᠬᠡᠳ ᠵᠢᠴᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠵᠡᠷᠭᠡ ᠠᠵᠢᠯ ᠢ ᠨᠠᠷᠢᠨ ᠪᠣᠳᠠᠲᠠᠶ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠵᠠᠷᠴᠢᠮ ᠢ ᠪᠠᠷᠢᠮᠲᠠᠯᠠᠨ᠂ ᠵᠢᠭᠠᠨ ᠰᠤᠷᠭᠠᠯᠲᠠ ᠶᠢᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ᠂ ᠬᠢᠴᠢᠶᠡᠯᠯᠡᠬᠦ ᠠᠩᠭᠢ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ᠂ ᠪᠠᠭᠰᠢ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠰᠤᠷᠭᠠᠭᠤᠯᠢ ᠶᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠥᠮᠦᠵᠢᠯ ᠪᠣᠯᠤᠨ ᠵᠢᠭᠠᠨ ᠰᠤᠷᠭᠠᠯᠲᠠ ᠶᠢᠨ ᠰᠤᠷᠲᠠᠯ᠂ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠡᠯ᠎ᠡ ᠠᠩᠭᠢ ᠶᠢᠨ ᠰᠤᠷᠤᠭᠴᠢᠳ ᠤᠨ ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠶᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠠᠷᠠᠳ ᠣᠯᠠᠨ ᠤ ᠰᠠᠨᠠᠭ᠎ᠠ ᠠᠮᠤᠷ ᠢᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠵᠠᠬ᠎ᠠ ᠳᠡᠯᠭᠡᠭᠦᠷᠴᠢᠯᠡᠯᠲᠡ ᠶᠢᠨ ᠴᠢᠭᠯᠡᠯ ᠢ ᠳᠤᠪᠤᠶᠢᠯᠭᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠭᠦᠳᠦᠯᠲᠡ᠂ ᠬᠡᠷᠡᠭᠯᠡᠯᠲᠡ᠂ ᠬᠠᠮᠠᠭᠠᠯᠠᠯᠲᠠ᠂ ᠬᠠᠮᠢᠶᠠᠷᠤᠯᠲᠠ᠂ ᠦᠢᠯᠡᠴᠢᠯᠡᠭᠡᠨ ᠤ ᠲᠦᠪᠰᠢᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠷᠳᠡᠭ ᠢ ᠲᠦᠷᠭᠡᠨ ᠪᠠᠳᠠᠷᠠᠭᠤᠯᠵᠤ᠂ ᠲᠤᠰᠬᠠᠢ ᠠᠰᠢᠭ ᠤᠨ ᠬᠡᠯᠬᠢᠶ᠎ᠡ ᠪᠣᠯᠤᠨ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠤᠪᠢᠷᠠᠭᠤᠯᠤᠨ ᠬᠡᠷᠡᠭᠯᠡᠬᠦ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠲᠠ ᠶᠢᠨ ︽ᠠᠭᠤᠷᠬᠠᠶ ᠶᠢᠨ ᠡᠷᠬᠡ ᠶᠢ ᠨᠡᠶᠢᠳᠭᠡᠬᠦ᠂ ᠬᠡᠦᠷᠰᠢᠭᠦᠯᠬᠦ ᠠᠵᠤ ᠦᠢᠯᠡᠰ ᠢ ᠨᠡᠶᠢᠳᠭᠡᠵᠦ ᠳᠠᠬᠢᠨ ᠵᠣᠬᠢᠶᠠᠨ ᠪᠠᠶᠢᠭᠤᠯᠬᠤ᠂ ᠨᠡᠭᠦᠷᠡᠰᠦ ᠤᠬᠢᠶᠠᠵᠤ ᠰᠣᠩᠭᠤᠨ ᠡᠳ᠋ᠰᠢᠭᠦᠯᠬᠦ ᠠᠵᠢᠯ ᠲᠥᠷᠥᠯ ᠢ ᠡᠭᠴᠡ  ᠪᠠᠷ ᠨᠢᠭᠡ ᠴᠤᠭᠴᠠᠵᠢᠭᠤᠯᠤᠨ ᠨᠡᠶᠢᠳᠭᠡᠬᠦ︾ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠡᠭᠡᠳᠦ ᠲᠠᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠶ ᠬᠥᠭᠵᠢᠯᠲᠡ ᠶᠢᠨ ᠴᠢᠭᠯᠡᠯ ᠢ ᠪᠠᠷᠢᠮᠲᠠᠯᠠᠨ᠂ ᠡᠷᠴᠢᠮ ᠢᠶᠠᠨ ᠴᠢᠩᠭᠠᠷᠠᠭᠤᠯᠵᠤ᠂ ᠴᠠᠭ ᠢ ᠠᠮᠵᠢᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠯ᠎ᠡ ᠵᠦᠢᠯ ᠤᠨ ᠨᠡᠶᠢᠳᠭᠡᠬᠦ ᠡᠭᠦᠷᠭᠡ ᠶᠢ ᠬᠦᠴᠦᠲᠡᠶ ᠪᠥᠭᠡᠳ ᠡᠮᠬᠢ ᠵᠢᠷᠤᠮ ᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ᠂ ᠬᠡᠯᠬᠢᠶ᠎ᠡ ᠪᠠᠨ ᠨᠥᠬᠦᠪᠥᠷᠢᠯᠡᠬᠦ᠂ ᠬᠡᠯᠬᠢᠶ᠎ᠡ ᠪᠠᠨ ᠴᠢᠩᠭᠠᠳᠬᠠᠬᠤ ᠶᠢ ᠠᠬᠢᠭᠤᠯᠤᠨ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠠᠯᠬᠤᠴᠠ ᠪᠠᠨ ᠲᠦᠷᠭᠡᠳᠬᠡᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠬᠤᠳᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠮ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠵᠥᠪ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠦᠢᠯᠡᠴᠢᠯᠡᠭᠡᠨ ᠤ ᠬᠦᠷᠢᠶ᠎ᠡ ᠪᠣᠯᠤᠨ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠦᠢᠯᠡᠰ᠂ ᠦᠨᠳᠦᠰᠦᠨ ᠱᠠᠲᠤᠨ ᠤ ᠵᠠᠰᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠤ ᠨᠡᠩ ᠶᠡᠭᠡ ᠦᠢᠯᠡᠳᠦᠯ ᠦᠵᠡᠭᠦᠯᠬᠦ ᠪᠠᠷ ᠴᠢᠷᠮᠠᠶᠢᠬᠤ ᠬᠡᠷᠡᠭᠲᠡᠢ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭ᠎ᠠ ᠠᠳᠬᠤᠵᠤ᠂ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ᠂ ᠡᠮᠬᠢ ᠵᠢᠷᠤᠮ ᠲᠠᠢ᠂ ᠠᠮᠤᠷ ᠲᠦᠪᠰᠢᠨ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠠᠵᠢᠯ ᠢᠶᠠᠨ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ︽ᠠᠮᠤᠷ ᠲᠦᠪᠰᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ︾ ᠶᠢᠨ ᠬᠠᠷᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢᠶᠠᠨ ᠪᠣᠳᠠᠲᠠᠢ ᠪᠥᠭᠡᠳ ᠨᠠᠷᠢᠯᠢᠭ ᠠᠳᠬᠤᠵᠤ᠂ ᠪᠣᠷᠣᠭᠠᠨ ᠤ ᠪᠠᠶᠢᠳᠠᠯ᠂ ᠦᠶᠡᠷ ᠤᠨ ᠪᠠᠶᠢᠳᠠᠯ ᠢ ᠨᠢᠭᠲᠠ ᠠᠩᠬᠠᠷᠴᠤ᠂ ᠠᠵᠢᠯ ᠤᠨ ᠪᠡᠯᠡᠳᠬᠡᠯ ᠲᠥᠰᠦᠯ ᠢᠶᠠᠨ ᠤᠷᠢᠳᠴᠢᠯᠠᠨ ᠲᠡᠭᠦᠯᠳᠡᠷᠵᠢᠭᠦᠯᠵᠦ᠂ ᠤᠯᠠᠨ ᠲᠦᠮᠡᠨ ᠢ ᠠᠮᠤᠷ ᠲᠦᠪᠰᠢᠨ ᠢᠶᠠᠷ ᠪᠠᠶᠠᠷ ᠳᠤᠷᠠᠰᠬᠠᠯ ᠤᠨ ᠡᠳᠦᠷ ᠢᠶᠠᠨ ᠥᠩᠭᠡᠷᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号