ᠼᠦᠢ ᠵᠢᠩ ᠶᠢᠩ ᠪᠦᠬᠦ ᠬᠤᠳᠠ ᠶᠢᠨ ᠠᠵᠢᠯ ᠣᠯᠭᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/12
     6 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠠᠵᠢᠯ ᠣᠯᠭᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ ᠣᠷᠣᠯᠴᠠᠪᠠ᠃      ᠼᠦᠢ ᠵᠢᠩ ᠶᠢᠩ ᠨᠡᠷ ᠤᠷᠢᠳ ᠬᠤᠵᠢᠳ ᠥᠪᠥᠷ ᠮᠣᠩᠭᠤᠯ ᠤᠨ ᠴᠢᠩ ᠱᠠᠨ ᠵᠡᠮᠳᠡᠭᠴᠦᠳ ᠤᠨ ᠶᠡᠷᠦᠩᠬᠡᠶᠢᠯᠡᠭᠰᠡᠨ ᠲᠤᠰᠠᠯᠠᠬᠤ ᠴᠢᠨᠠᠷᠲᠠᠢ ᠦᠢᠯᠡᠴᠢᠯᠡᠭᠡᠨ ᠤ ᠲᠥᠪ᠂ ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠶᠡᠭᠡ ᠲᠢᠩᠬᠢᠮ᠂ ᠴᠡᠭᠡᠯ ᠠᠭᠤᠯᠠ ᠪᠠᠯᠭᠠᠰᠤᠨ ᠤ ᠸᠠᠩ ᠶᠤᠸᠠᠨ ᠳ᠋ᠢ ᠲᠣᠰᠬᠤᠨ ᠤ ᠬᠤᠩ ᠽᠧ ᠲᠠᠷᠢᠶᠠᠴᠢᠨ ᠤ ᠲᠤᠰᠬᠠᠢ ᠬᠤᠷᠰᠢᠶ᠎ᠠ ᠵᠡᠷᠭᠡ ᠭᠠᠵᠠᠷ ᠲᠤ ᠬᠦᠷᠴᠦ᠂ ᠬᠥᠮᠦᠨ ᠬᠡᠷᠡᠭᠯᠡᠬᠦ ᠨᠢᠭᠡᠴᠢ ᠶᠢᠨ ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠢᠯ ᠣᠯᠭᠤᠯᠲᠠ ᠶᠢᠨ ᠦᠢᠯᠡᠴᠢᠯᠡᠭᠡ᠂ ᠠᠵᠢᠯᠴᠢᠨ ᠡᠯᠰᠡᠬᠦ ᠬᠡᠷᠡᠭᠴᠡᠭᠡ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃      ᠼᠦᠢ ᠵᠢᠩ ᠶᠢᠩ ᠬᠡᠯᠡᠭᠰᠡᠨ ᠨᠢ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠪᠣᠯᠤᠨ ᠠᠵᠢᠯ ᠣᠯᠭᠤᠯᠲᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠣᠣᠱᠯᠠᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠦᠢᠯᠡᠰ ᠪᠤᠰᠬᠠᠬᠤ ᠶᠢ ᠬᠠᠪᠰᠤᠷᠤᠨ ᠵᠢᠯᠣᠭᠤᠳᠬᠤ ᠵᠡᠷᠭᠡ ᠠᠷᠭ᠎ᠠ ᠬᠡᠯᠪᠡᠷᠢ ᠪᠠᠷ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠥᠷᠭᠡᠳᠬᠡᠵᠦ᠂ ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠵᠡᠮᠳᠡᠭᠴᠦᠳ᠂ ᠬᠥᠯᠥᠰᠥᠨ ᠠᠵᠢᠯᠴᠢᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠢᠯ ᠣᠯᠭᠤᠯᠲᠠ ᠶᠢᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠳ᠋ᠠᠶᠢᠲ᠋ᠠ ᠵᠡᠷᠭᠡ ᠤᠶᠤᠨᠴᠢᠯᠠᠭᠰᠠᠨ ᠠᠷᠭ᠎ᠠ ᠪᠠᠷᠢᠯ ᠢ ᠭᠦᠢᠴᠡᠳ ᠠᠰᠢᠭᠯᠠᠨ᠂ ᠨᠡᠩ ᠣᠨᠣᠴᠠᠲᠠᠢ ᠪᠦᠲᠦᠮᠵᠢᠲᠡᠢ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ᠂ ᠠᠵᠢᠯ ᠣᠯᠤᠭᠰᠠᠳ ᠪᠣᠯᠤᠨ ᠬᠥᠮᠦᠨ ᠬᠡᠷᠡᠭᠯᠡᠬᠦ ᠨᠢᠭᠡᠴᠡ ᠶᠢᠨ ︽ᠬᠤᠣᠰ ᠠᠮᠵᠢᠯᠲᠠ︾ ᠶᠢ ᠪᠡᠶᠡᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ ᠢᠳᠡᠪᠬᠢᠲᠡᠢ ᠪᠤᠶᠢᠵᠢᠭᠤᠯᠵᠤ᠂ ᠨᠠᠩ ᠣᠯᠠᠨ ᠴᠢᠨᠠᠷ ᠰᠠᠶᠢᠲᠠᠶ ᠠᠵᠢᠯ ᠣᠯᠭᠤᠯᠲᠠ ᠶᠢᠨ ᠠᠵᠢᠯ ᠤᠨ ᠪᠠᠶᠢᠷᠢ ᠡᠭᠦᠳᠬᠦ ᠶᠢ ᠳᠠᠶᠢᠴᠢᠯᠠᠵᠤ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ ᠦᠨᠡᠨᠬᠦ ᠨᠡᠮᠡᠭᠳᠡᠭᠦᠯᠵᠦ᠂ ᠠᠰᠢᠭ ᠬᠦᠷᠲᠡᠬᠦ ᠪᠣᠯᠭᠠᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号