ᠲᠠᠩ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/6/12
     6 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠤᠳᠠ ᠲᠣᠭᠤᠷᠢᠭ ᠲᠤ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠵᠠᠩ ᠮᠢᠩ ᠮᠢᠩ ᠣᠷᠣᠯᠴᠠᠪᠡ᠃

     ᠪᠠᠶᠠᠬᠤᠪᠤᠭ᠎ᠠ ᠲᠣᠰᠬᠤᠨ᠂ ᠹᠦ᠋ ᠮᠢᠨ ᠨᠡᠶᠢᠭᠡᠮ ᠲᠣᠭᠤᠷᠢᠭ ᠲᠤ᠂ ᠲᠠᠩ ᠢ ᠥᠨᠳᠥᠷ ᠪᠠᠷᠢᠮᠵᠢᠶᠠᠲᠤ ᠲᠠᠷᠢᠶᠠᠨ

ᠭᠠᠵᠠᠷ ᠢ ᠦᠭᠡᠷᠡᠴᠢᠯᠡᠭᠰᠡᠨ᠂ ᠲᠥᠬᠦᠭᠡᠷᠦᠮᠵᠢ ᠣᠭᠰᠠᠷᠠᠭᠰᠠᠨ᠂ ᠪᠡᠯᠡ ᠮᠥᠩᠭᠦ ᠶᠢᠨ ᠣᠷᠣᠭᠤᠯᠤᠯᠲᠠ᠂ ᠲᠠᠷᠢᠮᠠᠯ ᠤᠨ

ᠤᠷᠭᠤᠴᠠ ᠶᠢᠨ ᠪᠠᠶᠢᠳᠠᠯ ᠵᠢᠴᠢ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢᠨ ᠬᠡᠷᠡᠭᠯᠡᠯᠲᠡ ᠵᠡᠷᠭᠡ ᠪᠠᠶᠢᠳᠠᠯ ᠢ ᠨᠢ

ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ

ᠪᠠᠶᠢᠭᠤᠯᠤᠯᠲᠠ ᠨᠢ ᠭᠠᠵᠠᠷ ᠰᠢᠷᠣᠶ ᠪᠠ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢ

ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ ᠶᠢ

ᠪᠠᠷᠢᠮᠲᠠᠯᠠᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠡᠯᠡ ᠮᠥᠩᠭᠦ ᠶᠢᠨ ᠬᠡᠷᠡᠭᠯᠡᠯᠲᠡ

ᠬᠠᠮᠢᠶᠠᠷᠤᠯᠲᠠ ᠪᠠᠨ ᠴᠢᠩᠳᠠᠯᠠᠵᠤ᠂ ᠲᠠᠷᠢᠶᠠᠯᠠᠩ ᠤᠨ ᠠᠵᠤ ᠦᠢᠯᠡᠰ ᠤᠨ ᠬᠡᠪᠴᠢᠶᠡᠵᠢᠭᠰᠡᠨ ᠡᠷᠴᠢᠮᠵᠢᠭᠰᠡᠨ

ᠬᠥᠭᠵᠢᠯᠲᠡ ᠶᠢ ᠠᠬᠢᠭᠤᠯᠵᠤ᠂ ᠮᠦ ᠪᠦᠷᠢ ᠶᠢᠨ ᠳᠤᠮᠳᠠᠴᠢ ᠠᠰᠢᠭ ᠣᠷᠣᠯᠭ᠎ᠠ ᠪᠠᠨ ᠳᠡᠭᠡᠭᠰᠢᠯᠡᠭᠦᠯᠬᠦ ᠬᠡᠷᠡᠭᠲᠡᠢ᠃

ᠤᠶᠤᠨᠴᠢᠯᠠᠭᠰᠠᠨ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠤᠨ ᠬᠡᠷᠡᠭᠯᠡᠯᠲᠡ ᠶᠢ ᠶᠡᠭᠡ ᠪᠠᠷ ᠬᠡᠷᠡᠭᠵᠢᠭᠦᠯᠵᠦ᠂

ᠲᠠᠷᠢᠶᠠᠯᠠᠩ ᠤᠨ ᠤᠰᠤ ᠠᠷᠪᠢᠯᠠᠬᠤ ᠪᠠ ᠤᠰᠤ ᠪᠣᠷᠳᠣᠭᠤᠷ ᠢ ᠨᠢᠭᠡ ᠴᠤᠭᠴᠠᠵᠢᠭᠤᠯᠤᠨ ᠰᠢᠨᠡᠳᠬᠡᠨ ᠥᠭᠡᠷᠡᠴᠢᠯᠡᠬᠦ

ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠷᠢᠯᠢᠭ ᠣᠨᠣᠴᠠᠲᠠᠶ ᠪᠠᠷ ᠳᠤᠰᠤᠯᠭᠠᠨ ᠤᠰᠤᠯᠠᠬᠤ ᠶᠢ

ᠪᠡᠶᠡᠯᠡᠭᠦᠯᠵᠦ᠂ ︽ᠭᠠᠷᠤᠯᠲᠠ ᠪᠠᠨ ᠨᠡᠮᠡᠭᠳᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠪᠤᠯᠪᠠᠴᠣ ᠤᠰᠤ ᠬᠡᠷᠡᠭᠯᠡᠬᠦ ᠶᠢ

ᠨᠡᠮᠡᠭᠳᠡᠭᠦᠯᠬᠦ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠲᠠᠷᠢᠶᠠᠴᠢᠨ ᠡᠷᠦᠬᠡ᠂ ᠠᠵᠤ ᠠᠬᠤᠶᠢᠯᠠᠯ᠂ ᠲᠠᠷᠢᠶᠠᠴᠢᠨ ᠤ

ᠬᠤᠷᠰᠢᠶ᠎ᠠ ᠵᠡᠷᠭᠡ ᠲᠠᠯ᠎ᠠ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠪᠠᠨ ᠤᠯᠠᠮ ᠨᠢᠭᠡ ᠠᠯᠬᠤᠮ

ᠲᠡᠭᠦᠯᠳᠡᠷᠵᠢᠭᠦᠯᠵᠦ᠂ ᠭᠠᠵᠠᠷ ᠰᠢᠷᠣᠶ ᠶᠢ ᠡᠮᠬᠢ ᠵᠢᠷᠤᠮ ᠲᠠᠢ ᠪᠠᠷ ᠡᠷᠭᠢᠯᠲᠡ ᠳᠤ ᠣᠷᠣᠭᠤᠯᠬᠤ ᠶᠢ ᠬᠥᠲᠥᠯᠥᠨ

ᠵᠢᠯᠣᠭᠤᠳᠴᠤ᠂ ᠣᠯᠠᠨ ᠠᠷᠭ᠎ᠠ ᠵᠠᠮ ᠢᠶᠠᠷ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠪᠠᠨ

ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠬᠡᠷᠡᠭᠲᠡᠶ ᠭᠡᠵᠡᠢ᠃

     ᠲᠠᠩ ᠢ ᠪᠠᠰᠠ ᠤᠳᠠ ᠲᠣᠭᠤᠷᠢᠭ ᠤᠨ ᠤᠯᠠᠭᠠᠨᠨᠠᠭᠤᠷ ᠪᠠᠯᠭᠠᠰᠤᠨ ᠤ ᠦᠵᠡᠰᠬᠦᠯᠡᠩᠲᠦ ᠰᠠᠶᠢᠬᠠᠨ ᠬᠥᠳᠡᠭᠡ

ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ

ᠰᠣᠨᠣᠰᠪᠠ᠃ ᠲᠡᠷᠡ ᠬᠡᠯᠡᠭᠰᠡᠨ ᠨᠢ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ

ᠣᠷᠣᠨ ᠤ ᠪᠦᠲᠦᠭᠡᠨ ᠪᠠᠶᠢᠭᠤᠯᠤᠯᠲᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ

ᠴᠢᠬᠤᠯᠠ ᠠᠴᠢᠶᠠᠯᠠᠪᠤᠷᠢ ᠮᠥᠨ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ

ᠴᠢᠬᠤᠯᠠ ᠭᠠᠷᠳᠠᠴᠠ ᠮᠥᠨ᠃ ᠰᠢᠨᠵᠢᠯᠡᠬᠦ ᠤᠬᠠᠭᠠᠨᠴᠢ ᠪᠠᠷ ᠰᠠᠶᠢᠲᠤᠷ ᠲᠥᠯᠥᠪᠵᠢᠭᠦᠯᠵᠦ᠂ ᠲᠥᠷᠥ ᠶᠢᠨ

ᠪᠣᠳᠣᠯᠭ᠎ᠠ ᠶᠢᠨ ᠪᠠᠯᠠ ᠮᠥᠩᠭᠦ ᠶᠢ ᠨᠢᠭᠡᠳᠦᠯᠲᠡᠶ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠬᠤ

ᠣᠷᠣᠨ ᠤ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠬᠥᠭᠵᠢᠯᠲᠡ ᠶᠢᠨ ᠦᠷ᠎ᠡ

ᠪᠦᠲᠦᠭᠡᠯ ᠢ ᠠᠷᠠᠳ ᠣᠯᠠᠨ ᠳᠤ ᠨᠠᠩ ᠰᠠᠶᠢᠨ ᠬᠦᠷᠲᠡᠭᠡᠬᠦ ᠬᠡᠷᠡᠭᠲᠡᠶ᠃ ᠲᠤᠰ ᠭᠠᠵᠠᠷ ᠤᠨ ᠡᠬᠢ ᠪᠠᠶᠠᠯᠢᠭ ᠪᠣᠯᠤᠨ

ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠤᠨᠴᠠᠯᠢᠬᠳᠤ ᠰᠡᠯᠡᠭᠦᠴᠡᠯ ᠤᠨ ᠲᠠᠷᠢᠶᠠᠯᠠᠩ ᠪᠣᠯᠤᠨ

ᠬᠥᠳᠡᠭᠡ ᠲᠣᠰᠬᠤᠨ ᠤ ᠵᠢᠭᠤᠯᠴᠢᠯᠠᠯ ᠤᠨ ᠦᠵᠡᠭᠳᠡᠯ ᠢ ᠨᠠᠷᠢᠨ ᠨᠢᠮᠪᠠᠢ ᠡᠭᠦᠳᠴᠦ᠂ ᠲᠠᠷᠢᠶᠠᠯᠠᠩ ᠤᠨ ᠦᠷ᠎ᠡ ᠠᠰᠢᠭ ᠢ

ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠢ ᠨᠡᠮᠡᠭᠳᠡᠭᠦᠯᠬᠦ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃

ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠷᠭ᠎ᠠ

ᠬᠡᠯᠪᠡᠷᠢ ᠶᠢ ᠳᠡᠯᠭᠡᠷᠡᠭᠦᠯᠵᠦ᠂ ᠵᠠᠰᠠᠭ ᠤᠨ ᠣᠷᠳᠣᠨ ᠠᠴᠠ ᠬᠦᠳᠦᠯᠦᠨ ᠵᠢᠯᠣᠭᠤᠳᠬᠤ᠂ ᠲᠣᠰᠬᠤᠨ ᠤ ᠠᠷᠠᠳ᠂ ᠠᠵᠤ

ᠠᠬᠤᠶᠢᠯᠠᠯ ᠵᠡᠷᠭᠡ ᠤᠯᠠᠨ ᠲᠠᠯ᠎ᠠ ᠣᠷᠣᠯᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠨᠡᠩ ᠤᠯᠠᠨ ᠬᠥᠮᠦᠰ ᠢ

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠣᠷᠣᠯᠴᠠᠭᠤᠯᠵᠤ᠂ ᠦᠵᠡᠰᠬᠦᠯᠡᠩᠲᠦ ᠰᠠᠶᠢᠬᠠᠨ

ᠬᠥᠳᠡᠭᠡ ᠲᠣᠰᠬᠤᠨ ᠢ ᠬᠠᠮᠲᠤᠪᠠᠷ ᠰᠠᠶᠢᠲᠤᠷ ᠪᠦᠳᠦᠭᠡᠨ ᠪᠠᠶᠢᠭᠤᠯᠵᠤ᠂ ᠲᠠᠷᠢᠶᠠᠯᠠᠩ ᠢ ᠬᠥᠭᠵᠢᠭᠦᠯᠵᠦ ᠲᠠᠷᠢᠶᠠᠴᠢᠳ ᠢ

ᠪᠠᠶᠠᠵᠢᠭᠤᠯᠬᠤ ᠠᠵᠤ ᠦᠢᠯᠡᠰ ᠢ ᠰᠠᠶᠢᠲᠤᠷ ᠬᠥᠭᠵᠢᠭᠦᠯᠬᠦ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号