ᠹᠧᠩ ᠰᠢᠤᠸᠠᠢ ᠲᠤᠤ ᠪᠦᠯᠬᠦᠮ ᠳᠠᠭᠠᠭᠤᠯᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/13
     6 ᠰᠠᠷ᠎ᠠ ᠶᠢᠨ 12 ᠤᠨ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠪᠦᠯᠬᠦᠮ ᠳᠠᠭᠠᠭᠤᠯᠤᠨ ᠮᠠᠨ ᠤ ᠬᠤᠲᠠ ᠶᠢᠨ ᠬᠡᠰᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠬᠤᠳᠠᠯᠳᠤᠭᠠᠴᠢᠳ ᠤᠨ ᠡᠪᠯᠡᠯ ᠳᠤ ᠬᠦᠷᠴᠦ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃      ᠪᠣᠷᠣᠲᠣᠬᠤᠢ ᠶᠢᠨ ᠬᠤᠳᠠᠯᠳᠤᠭᠠᠴᠢᠳ ᠤᠨ ᠡᠪᠯᠡᠯ ᠳᠤ᠂ ᠹᠧᠩ ᠰᠢᠤᠸᠠᠢ ᠲᠤᠤ ᠬᠤᠳᠠᠯᠳᠤᠭᠠᠴᠢᠳ ᠤᠨ ᠡᠪᠯᠡᠯ ᠤᠨ ᠬᠥᠭᠵᠢᠯᠲᠡ᠂ ᠠᠵᠤ ᠠᠬᠤᠶᠢᠯᠠᠯ ᠤᠨ ᠡᠵᠡᠩᠨᠡᠯᠲᠡ᠂ ᠨᠠᠮ ᠤᠨ ᠪᠠᠶᠢᠭᠤᠯᠤᠯᠲᠠ ᠶᠢᠨ ᠠᠵᠢᠯ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠬᠤᠳᠠᠯᠳᠤᠭᠠᠴᠢᠳ ᠤᠨ ᠡᠪᠯᠡᠯ ᠪᠣᠯ ᠵᠠᠰᠠᠭ ᠤᠨ ᠣᠷᠳᠣᠨ᠂ ᠠᠵᠤ ᠠᠬᠤᠶᠢᠯᠠᠯ ᠤᠨ ᠬᠤᠭᠤᠷᠣᠨᠳᠣᠬᠢ ᠬᠥᠭᠦᠷᠭᠡ ᠬᠤᠯᠪᠣᠭᠠᠰᠤ ᠮᠥᠨ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠠᠪᠴᠠᠩ ᠮᠥᠨ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠪᠠᠨ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠬᠤᠳᠠᠯᠳᠤᠭᠠᠴᠢᠳ ᠤᠨ ᠡᠪᠯᠡᠯ ᠤᠨ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠥᠷᠭᠡᠨ ᠤᠯᠠᠨ ᠭᠡᠰᠢᠭᠦᠨ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠬᠥᠮᠦᠰ ᠢ ᠬᠦᠳᠦᠯᠦᠨ ᠵᠢᠯᠣᠭᠤᠳᠴᠤ ᠪᠠᠶᠢᠭᠠᠳ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ᠃ ᠬᠤᠳᠠᠯᠳᠤᠭᠠᠴᠢᠳ ᠤᠨ ᠡᠪᠯᠡᠯ ᠤᠨ ᠦᠢᠯᠡᠴᠢᠯᠡᠭᠡᠨ ᠤ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠭᠡᠰᠢᠭᠦᠳ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠭᠦᠯᠬᠦ᠂ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠬᠦᠷᠳᠡᠬᠦ ᠶᠢ ᠬᠠᠪᠰᠤᠷᠴᠤ᠂ ᠭᠡᠰᠢᠭᠦᠳ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠨᠡᠩ ᠤᠯᠠᠨ ᠠᠵᠤ ᠠᠬᠤᠶᠢᠯᠠᠯᠲᠠᠨ ᠢ ᠴᠤᠭᠯᠠᠭᠤᠯᠤᠨ ᠮᠠᠨ ᠤ ᠬᠤᠳᠠ ᠳᠤ ᠪᠡᠯᠡ ᠣᠷᠣᠭᠤᠯᠤᠨ ᠦᠢᠯᠡᠰ ᠪᠤᠰᠬᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠦᠬᠠᠢ ᠬᠤᠳᠠ ᠶᠢᠨ ᠶᠸᠤ ᠢ ᠨᠠᠷᠢᠯᠢᠭ ᠨᠡᠭᠦᠷᠡᠰᠦᠨ ᠤ ᠬᠢᠵᠠᠭᠠᠷᠲᠤ ᠺᠣᠮᠫᠠᠨᠢ ᠳᠤ᠂ ᠹᠧᠩ ᠰᠢᠤᠸᠠᠢ ᠲᠤᠤ ᠠᠵᠤ ᠠᠬᠤᠶᠢᠯᠠᠯ ᠤᠨ ᠦᠢᠯᠡᠳᠪᠦᠷᠢᠯᠡᠯ᠂ ᠪᠣᠷᠣᠯᠠᠭᠤᠯᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠬᠢᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠵᠦ᠂ ᠨᠡᠩ ᠶᠡᠭᠡ ᠬᠥᠭᠵᠢᠯᠲᠡ ᠶᠢ ᠡᠷᠢᠯᠬᠢᠯᠡᠬᠦ ᠶᠢ ᠵᠣᠷᠢᠭᠵᠢᠭᠤᠯᠪᠠ᠃ ᠲᠡᠷᠡ ᠬᠡᠯᠡᠭᠰᠡᠨ ᠨᠢ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠰᠠᠭᠤᠷᠢ ᠪᠣᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠤᠯᠠᠮ ᠴᠢᠨᠠᠭᠰᠢᠳᠠ ᠰᠢᠯᠤᠭᠤᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠳᠤ ᠴᠢᠭᠯᠡᠭᠦᠯᠦᠨ᠂ ᠴᠠᠭ ᠪᠠ ᠪᠠᠶᠢᠳᠠᠯ ᠢ ᠦᠨᠳᠦᠰᠦᠯᠡᠨ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠡᠩ ᠣᠨᠣᠪᠴᠢᠲᠠᠢ᠂ ᠨᠡᠩ ᠬᠠᠶᠢᠷ᠎ᠠ ᠰᠡᠳᠬᠢᠯᠭᠡ ᠲᠠᠢ ᠦᠢᠯᠡᠴᠢᠯᠡᠭᠡ ᠪᠠᠷ ᠠᠵᠤ ᠠᠬᠤᠶᠢᠯᠠᠯᠲᠠᠨ ᠤ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠭᠤᠣᠯ ᠠᠵᠢᠯ ᠢᠶᠠᠨ ᠭᠦᠨᠵᠡᠭᠡᠢ ᠬᠢᠵᠦ᠂ ᠡᠷᠡᠯᠭᠡᠭᠯᠡᠨ ᠤᠷᠤᠭᠰᠢᠯᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠦᠴᠦᠨ ᠦᠷᠢᠰᠦᠯᠳᠦᠬᠦ ᠬᠦᠴᠦᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号