ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠣᠳᠣᠬᠠᠨ ᠳᠤ᠂ ᠪᠥᠬᠦ ᠬᠤᠲᠠ ᠳᠤ ᠶᠠᠭ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ | ᠲᠦᠭᠰᠢᠭᠦᠷᠢ ᠶᠡᠬᠡᠲᠡᠶ ᠬᠤᠭᠤᠴᠠᠭᠠᠨ ᠳᠤ ᠣᠷᠣᠰᠢᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ | ᠡᠭᠦᠰᠬᠦ ᠶᠢ ᠪᠦᠲᠦᠮᠵᠢᠲᠡᠶ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨᠬᠦ ᠪᠠᠲᠤᠯᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠤᠨ ᠬᠤᠷᠢ ᠶᠢᠰᠦᠳᠦᠭᠡᠷ ᠵᠦᠢᠯ᠂ ᠭᠤᠴᠢᠨ ᠨᠢᠭᠡᠳᠦᠭᠡᠷ ᠵᠦᠢᠯ ᠵᠡᠷᠭᠡ | ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠳᠣᠤᠷᠠᠬᠢ | ᠮᠡᠲᠦ ᠵᠠᠷᠯᠢᠭ ᠢ ᠨᠡᠶᠢᠲᠡᠯᠡᠪᠡ᠃ | ᠨᠢᠭᠡ᠂ ᠴᠢᠩᠭ᠎ᠠ ᠰᠡᠷᠭᠡᠶᠢᠯᠡᠨ ᠵᠠᠬᠢᠷᠤᠨ ᠬᠠᠮᠢᠶᠠᠷᠬᠤ ᠴᠠᠭ ᠬᠤᠭᠤᠴᠠᠭ᠎ᠠ ᠪᠣᠯᠤᠨ ᠣᠷᠣᠨ ᠪᠦᠰᠡ ᠶᠢ | ᠲᠣᠳᠤᠷᠬᠠᠶᠢᠯᠠᠪᠠ | ᠮᠠᠨ ᠤ ᠬᠤᠲᠠ ᠶᠢᠨ ᠭᠠᠯ ᠰᠡᠷᠭᠡᠶᠢᠯᠡᠬᠦ ᠬᠤᠭᠤᠴᠠᠭ᠎ᠠ ᠶᠢ ᠲᠤᠰ ᠵᠢᠯ ᠤᠨ 9 ᠰᠠᠷ᠎ᠠ ᠶᠢᠨ 15 ᠤ ᠡᠳᠦᠷ ᠠᠴᠠ | ᠳᠠᠷᠠᠭ᠎ᠠ ᠵᠢᠯ ᠤᠨ 6 ᠰᠠᠷ᠎ᠠ ᠶᠢᠨ 15 ᠤ ᠡᠳᠦᠷ ᠪᠣᠯᠲᠠᠯ᠎ᠠ ᠬᠤᠪᠢᠶᠠᠷᠢᠯᠠᠨ ᠳᠣᠭᠲᠠᠭᠠᠪᠠ᠃ ᠪᠦᠬᠦ ᠬᠤᠲᠠ ᠶᠢᠨ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ | ᠬᠤᠭᠤᠴᠠᠭ᠎ᠠ ᠪᠣᠯ ᠬᠠᠪᠤᠷ ᠤᠨ ᠤᠯᠠᠷᠢᠯ ᠤᠨ 4 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 15 ᠤ ᠡᠳᠦᠷ | ᠪᠣᠯᠲᠠᠯ᠎ᠠ᠂ ᠨᠠᠮᠤᠷ ᠤᠨ ᠤᠯᠠᠷᠢᠯ ᠤᠨ 9 ᠰᠠᠷ᠎ᠠ ᠶᠢᠨ 15 ᠤ ᠡᠳᠦᠷ ᠠᠴᠠ 11 ᠰᠠᠷ᠎ᠠ ᠶᠢᠨ 15 ᠤ ᠡᠳᠦᠷ ᠪᠣᠯᠲᠠᠯ᠎ᠠ᠃ | ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠪᠦᠰᠡ᠄ | ᠪᠠᠷᠠᠭᠤᠨ ᠣᠷᠳᠣᠰ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠭᠠᠨᠳᠠᠷᠢ ᠠᠭᠤᠯᠠ ᠶᠢᠨ | ᠠᠮᠢ ᠠᠬᠤᠶ ᠶᠢᠨ ᠪᠣᠯᠪᠠᠰᠤᠨ ᠤ ᠦᠵᠡᠮᠵᠢ ᠶᠢᠨ ᠣᠷᠣᠨ᠂ ᠯᠦᠩ ᠶᠢᠦ ᠸᠠᠨ ᠤᠯᠤᠰ ᠤᠨ ᠨᠤᠭᠤ ᠭᠠᠵᠠᠷ ᠤᠨ | ᠴᠡᠴᠡᠷᠯᠢᠭ᠃ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠰ ᠲᠣᠰ ᠬᠠᠷᠢᠶ᠎ᠠ ᠣᠷᠣᠨ ᠤ ᠴᠢᠩᠭ᠎ᠠ | ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠪᠦᠰᠡ ᠶᠢ ᠬᠤᠪᠢᠶᠠᠷᠢᠯᠠᠨ ᠲᠣᠭᠲᠠᠭᠠᠵᠤ᠂ ᠬᠤᠲᠠ ᠶᠢᠨ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠲᠤ ᠮᠡᠳᠡᠭᠦᠯᠦᠨ | ᠳᠠᠩᠰᠠᠯᠠᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠬᠤᠶᠠᠷ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ | ᠡᠯ᠎ᠡ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠣᠶ | ᠰᠢᠭᠤᠶ ᠶᠢᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠬᠠᠷᠢᠶ᠎ᠠ ᠣᠷᠣᠨ᠂ ᠰᠠᠯᠠᠭ᠎ᠠ | ᠮᠥᠴᠢᠷ᠂ ᠨᠢᠭᠡᠴᠡ᠂ ᠬᠤᠪᠢ ᠬᠥᠮᠦᠨ ᠤ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠴᠢᠩᠭ᠎ᠠ ᠨᠢᠮᠪᠠᠶ | ᠲᠣᠣᠷᠵᠢᠭᠤᠯᠤᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ | ᠰᠠᠶᠢᠲᠤᠷ ᠬᠢᠬᠦ ᠬᠡᠷᠡᠭᠲᠡᠶ᠃ | ᠭᠤᠷᠪᠠ᠂ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠬᠦ ᠬᠡᠷᠡᠭᠲᠡᠢ | ᠡᠯ᠎ᠡ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠯ᠎ᠡ ᠵᠦᠢᠯ ᠤᠨ ᠵᠠᠭᠤᠴᠢᠯᠠᠭᠤᠷ ᠢ | ᠭᠦᠢᠴᠡᠳ ᠠᠰᠢᠭᠯᠠᠨ᠂ ᠣᠯᠠᠨ ᠵᠦᠢᠯ ᠤᠨ ᠬᠡᠯᠪᠡᠷᠢ ᠶᠢ ᠠᠪᠴᠤ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ | ᠬᠠᠷᠢᠭᠤᠴᠠᠯᠭ᠎ᠠ ᠶᠢᠨ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯ | ᠤᠬᠠᠮᠰᠠᠷ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠤᠷᠢᠳᠴᠢᠯᠠᠨ ᠰᠡᠷᠭᠡᠶᠢᠯᠡᠬᠦ᠂ ᠠᠶᠤᠯ ᠠᠴᠠ ᠵᠠᠶᠢᠯᠠᠬᠤ᠂ | ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠠᠯ | ᠪᠠᠶᠢᠪᠠᠯ ᠭᠠᠮᠰᠢᠭ ᠪᠣᠯᠬᠤ ᠥᠬᠡᠶ᠂ ᠭᠠᠮᠰᠢᠭ ᠪᠠᠶᠢᠪᠠᠯ ᠦᠬᠦᠵᠦ ᠰᠢᠷᠬᠠᠲᠤᠬᠤ ᠥᠬᠡᠶ ᠪᠠᠶᠢᠬᠤ ᠶᠢ ᠪᠡᠶᠡᠯᠡᠭᠦᠯᠬᠦ | ᠬᠡᠷᠡᠭᠲᠡᠶ᠃ | ᠳᠥᠷᠪᠡ᠂ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠢ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠶᠢ ᠴᠢᠩᠭ᠎ᠠ ᠬᠠᠮᠢᠶᠠᠷᠬᠤ ᠬᠤᠭᠤᠴᠠᠭᠠᠨ ᠳᠤ᠂ | ᠡᠷᠬᠡᠪᠰᠢ ᠳᠣᠤᠷᠠᠬᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠄ | ︵ᠨᠢᠭᠡ︶ ᠴᠢᠩᠭ᠎ᠠ ᠵᠠᠬᠢᠷᠤᠨ ᠬᠠᠮᠢᠶᠠᠷᠬᠤ ᠤᠷᠤᠨ ᠬᠡᠪᠴᠢᠶᠠᠨ ᠳᠤ ᠲᠠᠮᠠᠬᠢ ᠲᠠᠳᠠᠬᠤ᠂ ᠬᠡᠭᠡᠷ᠎ᠡ ᠬᠤᠭᠤᠯᠠᠯᠠᠬᠤ᠂ | ᠴᠠᠭᠠᠰᠤ ᠰᠢᠳᠠᠭᠠᠬᠤ᠂ ᠬᠦᠵᠢ ᠠᠰᠠᠭᠠᠬᠤ᠂ ᠠᠳᠠᠷ ᠰᠢᠲᠠᠭᠠᠬᠤ᠂ ᠫᠤᠤᠵᠢᠩ ᠲᠠᠯᠪᠢᠬᠤ᠂ ᠭᠠᠯ ᠲᠠᠯᠪᠢᠨ ᠳᠤᠯᠠᠭᠠᠯᠠᠬᠤ᠂ | ᠬᠤᠭ ᠨᠤᠪᠰᠢ ᠰᠢᠳᠠᠭᠠᠬᠤ ᠵᠢᠴᠢ ᠪᠤᠰᠤᠳ ᠦᠢᠯᠡᠳᠪᠦᠷᠢᠯᠡᠯ ᠤᠨ ᠪᠤᠰᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠬᠡᠭᠡᠷ᠎ᠡ ᠭᠠᠳᠠᠨ᠎ᠠ ᠦᠢᠯᠡᠳᠪᠦᠷᠢᠯᠡᠬᠦ ᠳᠤ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ ᠲᠦᠷᠢᠮ ᠢ | ᠴᠢᠩᠭ᠎ᠠ ᠬᠡᠷᠡᠭᠵᠢᠭᠦᠯᠵᠦ᠂ ᠦᠨᠡᠨ ᠬᠦ ᠣᠨᠴᠠᠭᠠᠶ ᠰᠢᠯᠲᠠᠭᠠᠨ ᠠᠴᠠ ᠪᠣᠯᠵᠣ ᠬᠡᠭᠡᠷ᠎ᠡ ᠭᠠᠳᠠᠨ᠎ᠠ ᠦᠢᠯᠡᠳᠪᠦᠷᠢᠯᠡᠯ | ᠠᠮᠢᠳᠤᠷᠠᠯ ᠵᠢᠴᠢ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ ᠴᠢᠬᠤᠯᠠᠲᠠᠶ ᠪᠠᠶᠢᠪᠠᠯ᠂ ᠡᠷᠬᠡᠪᠰᠢ ᠡᠯ᠎ᠡ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ | ᠬᠡᠷᠡᠭᠲᠡᠶ᠂ ᠲᠣᠭᠲᠠᠭᠰᠠᠨ ᠴᠠᠭ᠂ ᠭᠠᠵᠠᠷ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠪᠤᠷᠠᠨ ᠲᠤᠰᠠᠯᠠᠬᠤ ᠪᠡᠯᠡᠳᠬᠡᠯ ᠢ | ᠰᠠᠶᠢᠲᠤᠷ ᠬᠢᠭᠰᠡᠨ ᠤᠷᠢᠲᠠᠯ ᠳᠣᠤᠷ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ︵ᠭᠤᠷᠪᠠ︶ ᠡᠯ᠎ᠡ ᠪᠠᠶᠢᠴᠠᠭᠠᠬᠤ ᠥᠷᠲᠡᠭᠡ᠂ ᠪᠠᠷᠠᠯᠠᠬᠤ ᠲᠠᠪᠴᠠᠩ᠂ ᠴᠠᠭᠳᠠᠨ ᠲᠣᠭᠤᠷᠢᠬᠤ ᠴᠠᠭᠳᠠᠨ | ᠪᠠᠶᠢᠴᠠᠭᠠᠬᠤ ᠠᠵᠢᠯ ᠤᠨ ᠪᠠᠶᠢᠷᠢ ᠵᠡᠷᠭᠡ ᠶᠢ ᠪᠦᠬᠦᠯᠢ ᠡᠳᠦᠷ ᠢᠶᠠᠷ ᠵᠢᠵᠢᠭᠦᠷᠯᠡᠨ ᠰᠠᠬᠢᠬᠤ ᠬᠡᠷᠡᠭᠲᠡᠶ᠃ ᠭᠠᠯ ᠤᠨ | ᠲᠥᠷᠥᠯ ᠪᠤᠶᠤ ᠨᠣᠴᠣᠮᠠᠲᠠᠭᠠᠶ ᠲᠡᠰᠦᠷᠡᠮᠡᠲᠡᠭᠡᠶ ᠪᠣᠳᠠᠰ ᠠᠪᠴᠤ ᠰᠢᠭᠤᠶᠢᠲᠤ ᠣᠷᠣᠨ ᠪᠠ ᠨᠤᠲᠤᠭ ᠪᠡᠯᠴᠢᠭᠡᠷ ᠲᠤ | ᠣᠷᠣᠬᠤ ᠶᠢ ᠴᠢᠩᠭ᠎ᠠ ᠴᠠᠭᠠᠵᠠᠯᠠᠵᠤ᠂ ᠰᠢᠭᠤᠶᠢᠲᠤ ᠣᠷᠣᠨ ᠪᠠ ᠨᠤᠲᠤᠭ ᠪᠡᠯᠴᠢᠭᠡᠷ ᠲᠤ ᠣᠷᠣᠬᠤ ᠲᠡᠷᠭᠡ ᠬᠥᠰᠬᠡ | ᠵᠢᠴᠢ ᠬᠥᠮᠦᠰ ᠪᠦᠬᠦᠨ ᠣᠶ ᠰᠢᠭᠤᠶ ᠶᠢᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠶᠢᠨ ᠪᠠᠶᠢᠴᠠᠭᠠᠯᠲᠠ ᠶᠢ | ᠤᠬᠠᠮᠰᠠᠷ ᠠᠴᠠ ᠪᠠᠨ ᠬᠦᠯᠢᠶᠡᠬᠦ ᠶᠢᠨ ᠬᠠᠮᠲᠤ ︽ᠭᠠᠯ ᠰᠡᠷᠭᠡᠶᠢᠯᠡᠬᠦ ᠺᠣᠳ᠋︾ ᠢ ᠰᠢᠷᠪᠢᠬᠦ ᠬᠡᠷᠡᠭᠲᠡᠶ᠃ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠪᠣᠯ ᠭᠠᠯ | ᠰᠡᠷᠭᠡᠶᠢᠯᠡᠬᠦ ᠬᠠᠷᠢᠭᠤᠴᠠᠯᠭ᠎ᠠ ᠡᠭᠦᠷᠭᠡᠯᠡᠭᠴᠢ ᠪᠠᠶᠢᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠶᠢᠨ ᠰᠠᠭᠠᠳ ᠪᠤᠶᠤ | ᠵᠢᠯᠣᠭᠤᠴᠢ ᠠᠶᠠᠨᠴᠢᠳ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠪᠣᠯᠵᠣ ᠣᠶ ᠰᠢᠭᠤᠶ | ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠭᠰᠠᠨ ᠪᠠᠶᠢᠪᠠᠯ᠂ ᠲᠡᠷᠭᠡ ᠬᠥᠰᠬᠡ ᠶᠢᠨ ᠵᠢᠯᠣᠭᠤᠴᠢ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | ᠳᠡᠭᠡᠷᠡᠬᠢ ᠲᠣᠭᠲᠠᠭᠠᠯ ᠢ ᠵᠥᠷᠢᠴᠡᠭᠰᠡᠨ ᠨᠢᠭᠡᠴᠡ ᠪᠠ ᠬᠤᠪᠢ ᠬᠥᠮᠦᠨ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠪᠠ ᠬᠤᠯᠪᠣᠭᠳᠠᠯ ᠪᠦᠬᠦᠢ ᠨᠢᠭᠡᠴᠡ ᠨᠦᠭᠦᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠣᠶ ᠰᠢᠭᠤᠶ ᠶᠢᠨ ᠬᠠᠤᠯᠢ︾ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠳᠭᠡᠨ ᠲᠣᠷᠭᠠᠨ᠎ᠠ᠃ | ᠲᠠᠪᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠬᠤ ᠬᠡᠷᠡᠭᠲᠡᠢ | ᠡᠯ᠎ᠡ ᠲᠣᠭᠤᠷᠢᠭ᠂ ᠪᠠᠷᠠᠭᠤᠨ ᠣᠷᠳᠣᠰ ᠲᠠᠬᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ᠂ ᠭᠠᠨᠳᠠᠷᠢ ᠠᠭᠤᠯᠠ ᠶᠢᠨ ᠠᠮᠢ ᠠᠬᠤᠶ ᠶᠢᠨ ᠪᠣᠯᠪᠠᠰᠤᠨ ᠤ ᠦᠵᠡᠮᠵᠢ ᠶᠢᠨ ᠣᠷᠣᠨ᠂ ᠯᠦᠩ ᠶᠢᠦ ᠸᠠᠨ | ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ᠭᠠᠵᠠᠷ ᠳᠡᠭᠡᠷᠡᠬᠢ ᠴᠠᠭᠳᠠᠨ ᠪᠠᠶᠢᠴᠠᠭᠠᠬᠤ᠂ ᠰᠤᠪᠤᠷᠭ᠎ᠠ ᠶᠢᠨ | ᠬᠠᠷᠠᠭᠤᠯ ᠤᠨ ᠪᠠᠷᠠᠭ᠎ᠠ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠤᠲᠠᠰᠤ ᠪᠠᠷ ᠲᠦᠭᠰᠢᠭᠦᠷᠢ ᠭᠥᠯᠢᠶᠡᠨ ᠠᠪᠬᠤ | ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠪᠥᠬᠦ ᠡᠳᠦᠷ ᠢᠶᠠᠷ ᠢᠶᠠᠨ ᠭᠠᠯ ᠲᠦᠢᠮᠡᠷ ᠤᠨ ᠪᠠᠶᠢᠳᠠᠯ ᠢ ᠬᠢᠨᠠᠨ | ᠡᠵᠡᠮᠳᠡᠨ᠎ᠡ᠃ ᠰᠠᠯᠠᠭ᠎ᠠ ᠮᠥᠴᠢᠷ ᠤᠨ ᠭᠠᠯ ᠤᠨ ᠠᠶᠤᠯ ᠤᠨ ᠪᠠᠶᠢᠳᠠᠯ ᠢ ᠵᠥᠪᠳᠡᠯᠴᠡᠨ ᠰᠤᠳᠤᠯᠤᠨ ᠮᠠᠭᠠᠳᠯᠠᠬᠤ ᠪᠠ | ᠬᠠᠮᠲᠤᠷᠠᠨ ᠠᠵᠢᠯᠯᠠᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ | ᠬᠡᠮᠵᠢᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠭᠠᠯ ᠤᠨ ᠪᠠᠶᠢᠳᠠᠯ ᠢ ᠮᠡᠳᠡᠭᠦᠯᠦᠨ ᠬᠦᠷᠭᠡᠬᠦ ᠵᠡᠷᠭᠡ ᠠᠵᠢᠯ ᠢ ᠨᠢᠭᠡ | ᠴᠣᠭᠴᠠᠵᠢᠭᠤᠯᠤᠨ ᠥᠷᠨᠢᠭᠦᠯᠦᠨ᠎ᠡ᠃ | ᠵᠢᠷᠭᠤᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠢ | ᠴᠠᠭ ᠠᠭᠤᠷ ᠤᠨ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠴᠠᠭ | ᠠᠭᠤᠷ ᠤᠨ ᠤᠷᠢᠳᠴᠢᠯᠠᠭᠰᠠᠨ ᠮᠡᠳᠡᠭᠡ ᠶᠢ ᠴᠢᠩᠭᠠᠳᠬᠠᠵᠤ᠂ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠴᠠᠭ | ᠠᠭᠤᠷ ᠢ ᠴᠠᠭ ᠲᠤᠬᠠᠶ ᠳᠤᠨᠢ ᠡᠷᠭᠢᠯᠳᠦᠭᠦᠯᠦᠨ ᠨᠡᠶᠢᠲᠡᠯᠡᠵᠦ᠂ ᠠᠷᠭᠠᠴᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠡᠯ᠎ᠡ | ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠠᠮᠰᠢᠭ ᠤᠨ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠵᠢᠷᠤᠮᠵᠢᠯ︾ ᠵᠢᠴᠢ ᠬᠠᠮᠢᠶ᠎ᠠ ᠪᠦᠬᠦᠢ ᠲᠣᠭᠲᠠᠭᠠᠯ ᠢ | ᠴᠢᠩᠭ᠎ᠠ ᠬᠡᠷᠡᠭᠵᠢᠭᠦᠯᠵᠦ᠂ ︽ᠭᠠᠯ ᠲᠠᠢ ᠪᠣᠯ ᠵᠠᠪᠠᠯ ᠮᠡᠳᠡᠭᠦᠯᠬᠦ᠂ ᠮᠡᠳᠡᠭᠦᠯᠬᠦ ᠶᠢ ᠵᠡᠷᠭᠡᠪᠡᠷ ᠶᠠᠪᠤᠭᠳᠠᠭᠤᠯᠬᠤ︾ ᠪᠠ | ᠭᠤᠣᠯᠳᠠᠯᠭ᠎ᠠ ᠲᠠᠢ ᠴᠠᠭ ᠬᠤᠭᠤᠴᠠᠭᠠᠨ ᠤ ︽ᠡᠳᠦᠷ ᠤᠨ ᠮᠡᠳᠡᠭᠦᠯᠦᠯᠲᠡ︾ ︽ᠠᠮᠤᠷ ᠲᠥᠪᠰᠢᠨ ᠤ ᠮᠡᠳᠡᠭᠦᠯᠦᠯᠲᠡ︾ | ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠨᠠᠰᠤᠲᠠᠶᠢᠴᠤᠳ᠂ ᠨᠠᠰᠤᠨ ᠳᠤ ᠦᠯᠦ ᠬᠦᠷᠦᠭᠰᠡᠳ᠂ | ᠰᠤᠷᠤᠭᠴᠢᠳ ᠭᠠᠯ ᠤᠨᠲᠠᠷᠠᠭᠠᠬᠤ ᠳᠤ ᠣᠷᠣᠯᠴᠠᠬᠤ ᠶᠢ ᠴᠢᠩᠭ᠎ᠠ ᠴᠠᠭᠠᠵᠠᠯᠠᠵᠤ᠂ ᠬᠥᠮᠦᠨ ᠬᠠᠷ᠎ᠠ ᠦᠬᠦᠵᠦ | ᠰᠢᠷᠬᠠᠲᠤᠬᠤ ᠠᠳᠡᠯ ᠪᠣᠯᠤᠨ ᠡᠭᠦᠰᠦᠮᠡᠯ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠶᠠᠮᠠᠷᠪᠠ ᠨᠢᠭᠡᠴᠡ | ᠪᠠ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠴᠠᠭ | ᠲᠤᠬᠠᠶ ᠳᠤᠨᠢ ᠴᠠᠭᠳᠠᠭ᠎ᠠ ᠳᠤ ᠮᠡᠳᠡᠭᠦᠯᠬᠦ ᠤᠲᠠᠰᠤ᠄ 119 ᠪᠤᠶᠤ 12119᠃ | ᠲᠤᠯᠤᠭ᠎ᠠ᠂ ᠬᠢᠨᠠᠨ ᠵᠢᠯᠤᠭᠤᠳᠴᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ | ᠡᠯ᠎ᠡ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ | ᠭᠠᠯ ᠤᠨ ᠭᠠᠮᠰᠢᠭ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭ ᠨᠢᠭᠡᠪᠦᠷᠢ ᠶᠢ | ᠵᠠᠪᠠᠯ ᠪᠠᠶᠢᠴᠠᠭᠠᠵᠤ᠂ ᠬᠡᠷᠡᠭ ᠨᠢᠭᠡᠪᠦᠷᠢ ᠶᠢ ᠵᠠᠪᠠᠯ ᠨᠡᠬᠡᠮᠵᠢᠯᠡᠬᠦ ᠬᠡᠷᠡᠭᠲᠡᠶ᠃ ᠰᠠᠬᠢᠯᠭ᠎ᠠ ᠪᠠᠲᠤ ᠶᠢ ᠬᠡᠷᠡᠭᠵᠢᠭᠦᠯᠦᠨ | ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠭᠠᠯ ᠰᠡᠷᠭᠡᠶᠢᠯᠡᠬᠦ ᠭᠠᠯ ᠤᠨᠲᠠᠷᠠᠭᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ | ᠥᠬᠡᠶ ᠠᠴᠠ ᠪᠣᠯᠵᠣ ᠬᠦᠨᠳᠦ ᠶᠡᠭᠡ ᠣᠨᠴᠠ ᠶᠡᠭᠡ ᠭᠠᠯ ᠤᠨ ᠠᠶᠤᠯ ᠪᠤᠶᠤ ᠬᠥᠮᠦᠨ ᠬᠠᠷ᠎ᠠ ᠥᠭᠦᠵᠦ ᠰᠢᠷᠬᠠᠲᠤᠭᠰᠠᠨ | ᠠᠳᠡᠯ ᠭᠠᠷᠭᠠᠭᠰᠠᠨ ᠣᠷᠣᠨ ᠨᠤᠲᠤᠭ᠂ ᠨᠢᠭᠡᠴᠡ ᠪᠠ ᠬᠠᠷᠢᠭᠤᠴᠠᠯᠭᠠᠲᠠᠨ ᠲᠦᠷᠢᠮ ᠲᠣᠭᠲᠠᠭᠠᠯ ᠰᠠᠬᠢᠯᠭ᠎ᠠ ᠪᠠᠲᠤ | ᠬᠠᠤᠯᠢ ᠴᠠᠭᠠᠵᠠ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | | 2024 ᠣᠨ ᠤ 3 ᠰᠠᠷ᠎ᠠ ᠶᠢᠨ 22 ᠤᠨ ᠡᠳᠦᠷ |