ᠬᠤᠳᠠ ᠶᠢᠨ ᠵᠠᠰᠠᠭ ᠤᠨ ᠣᠷᠳᠣᠨ ᠤ 2024 ᠣᠨ ᠤ 13 ᠳ᠋ᠣᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/13
     6 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ ᠠᠷᠪᠠᠨ ᠭᠤᠷᠪᠠᠳᠣᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠪᠠ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠣᠳᠣᠬᠠᠨ ᠤ ᠮᠠᠨ ᠤ ᠬᠤᠲᠠ ᠶᠢᠨ ᠠᠵᠢᠯ ᠣᠯᠭᠤᠯᠲᠠ ᠶᠢᠨ ᠪᠠᠶᠢᠳᠠᠯ ᠢ ᠭᠦᠨᠵᠡᠭᠡᠶ ᠡᠵᠡᠮᠳᠡᠵᠦ᠂ ᠵᠢᠯ ᠤᠨ ᠡᠬᠢᠨ ᠳᠤ ᠲᠣᠭᠲᠠᠭᠠᠭᠰᠠᠨ ᠠᠵᠢᠯ ᠣᠯᠭᠤᠯᠲᠠ ᠶᠢᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠵᠡᠮᠳᠡᠭᠴᠦᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠪᠠᠨ ᠰᠡᠳᠬᠢᠯ ᠲᠠᠯᠪᠢᠨ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠬᠤ ᠣᠷᠣᠨ ᠵᠠᠶ ᠶᠢ ᠥᠷᠭᠡᠳᠬᠡᠵᠦ᠂ ᠠᠵᠢᠯ ᠤᠨ ᠪᠠᠶᠢᠷᠢ ᠶᠢᠨ ᠵᠣᠯᠭᠠᠯᠴᠠᠭ᠎ᠠ ᠪᠠᠨ ᠰᠠᠶᠢᠲᠤᠷ ᠬᠢᠵᠦ᠂ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠵᠢᠯ ᠣᠯᠭᠤᠯᠲᠠ ᠶᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠶ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠮᠢᠶᠠᠷᠣᠯᠳᠠ ᠬᠠᠮᠠᠭᠠᠯᠠᠯᠳᠠ ᠪᠠ ᠠᠮᠤᠷ ᠲᠦᠪᠰᠢᠨ ᠡᠵᠡᠩᠨᠡᠯᠳᠡ ᠶᠢᠨ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠶᠢ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠪᠠᠨ ᠲᠦᠷᠭᠡᠨ ᠲᠡᠭᠦᠯᠳᠡᠷᠵᠢᠭᠦᠯᠵᠦ᠂ ᠲᠠᠷᠢᠶᠠᠯᠠᠬᠤ ᠣᠷᠣᠨ ᠤ ᠬᠤᠭ ᠨᠣᠪᠰᠢ ᠶᠢ ᠰᠢᠢᠳᠪᠦᠷᠢᠯᠡᠬᠦ ᠠᠵᠢᠯ ᠤᠨ ᠳᠤᠲᠠᠭᠤᠳᠠᠯ ᠢᠶᠠᠨ ᠨᠥᠬᠦᠪᠥᠷᠢᠯᠡᠵᠦ᠂ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠬᠤᠲᠠ ᠶᠢᠨ ᠨᠠᠮ ᠤᠨ ᠬᠤᠷᠢᠶᠠᠨ  ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠵᠡᠷᠭᠡ ᠪᠥᠬᠦ ᠬᠡᠯᠬᠢᠶ᠎ᠡ ᠶᠢᠨ ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂ ᠲᠣᠭᠲᠠᠭᠠᠯ ᠠᠴᠠ ᠵᠥᠷᠢᠴᠡᠨ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠶᠢ ᠴᠢᠳᠬᠤᠬᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠥᠷᠭᠡᠨ ᠣᠯᠠᠨ ᠲᠦᠮᠡᠨ ᠤ ᠢᠯᠡᠴᠢᠯᠡᠨ ᠮᠡᠳᠡᠭᠦᠯᠵᠦ ᠬᠢᠨᠠᠯᠲᠠ ᠲᠠᠯᠪᠢᠬᠤ ᠶᠢ ᠵᠣᠷᠢᠭᠵᠢᠭᠤᠯᠵᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ ᠰᠢᠰᠲ᠋ᠧᠮ ᠲᠠᠢ ᠪᠠᠷ ᠵᠠᠰᠠᠬᠤ ᠶᠢ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠲᠥᠯᠥᠪᠵᠢᠭᠦᠯᠭᠡ ᠶᠢ ᠲᠦᠷᠭᠡᠳᠬᠡᠨ ᠨᠠᠶᠢᠷᠠᠭᠤᠯᠤᠨ ᠵᠣᠬᠢᠶᠠᠵᠤ᠂ ᠰᠠᠯᠠᠭ᠎ᠠ ᠮᠥᠴᠢᠷ ᠤᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠬᠤᠭ ᠨᠣᠪᠰᠢ ᠶᠢ ᠵᠢᠷᠤᠮᠵᠢᠭᠤᠯᠤᠨ ᠴᠡᠪᠡᠷᠯᠡᠨ ᠲᠡᠭᠡᠭᠡᠪᠦᠷᠢᠯᠡᠬᠦ᠂ ᠠᠮᠤᠷ ᠲᠦᠪᠰᠢᠨ ᠢᠶᠠᠷ ᠰᠢᠢᠳᠪᠦᠷᠢᠯᠡᠬᠦ᠂ ᠪᠦᠲᠦᠮᠵᠢᠲᠡᠶ ᠠᠰᠢᠭᠯᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠦᠷᠭᠡᠳᠬᠡᠵᠦ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠢᠭᠡ ᠠᠴᠠ ᠵᠦᠢᠴᠢᠯᠡᠨ ᠨᠦᠬᠦᠭᠡ ᠶᠢ ᠮᠡᠳᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠨ ᠪᠦᠷᠢᠨᠰᠢᠬᠦᠯᠵᠦ᠂ ︽ᠡᠷᠬᠢᠨ ᠬᠠᠷᠠᠬᠤ︾ ᠠᠵᠢᠯ ᠢ ᠪᠠᠶᠢᠩᠭᠤᠵᠢᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠰᠠᠶᠢᠵᠢᠷᠠᠭᠤᠯᠬᠤ᠂ ᠴᠠᠭᠠᠰᠤᠨ ᠳᠡᠭᠡᠷ᠎ᠡ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ︽ᠦᠬᠠᠢ ᠬᠤᠳᠠ ᠶᠢᠨ 2024 ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠶᠠᠰᠤ ᠴᠢᠨᠠᠷ ᠢᠶᠠᠨ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠰᠤᠳᠤᠯᠵᠤ᠂ ᠪᠠᠲᠤᠯᠠᠨ ᠲᠤᠰᠢᠶᠠᠬᠤ ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号