ᠲᠠᠩ ᠢ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/13
   6 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠦᠨᠳᠦᠰᠦᠨ ᠱᠠᠲᠤᠨ ᠤ ︽ᠤᠨᠠᠭ᠎ᠠ ᠶᠢ ᠶᠡᠭᠡ ᠲᠡᠷᠭᠡᠨ ᠳᠤ ᠬᠦᠯᠦᠭᠰᠡᠨ︾ ᠲᠣᠪᠤᠶᠢᠮ᠎ᠠ ᠠᠰᠠᠭᠤᠳᠠᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠬᠠᠢ ᠰᠤᠳᠤᠯᠤᠨ ᠨᠠᠶᠢᠳᠠᠪᠤᠷᠢᠵᠢᠭᠤᠯᠪᠠ᠃ ᠬᠤᠲᠠ ᠶᠢᠨ ᠤᠳᠤᠷᠢᠳᠤᠯᠭ᠎ᠠ ᠰᠦᠨ ᠬᠤᠤ᠂ ᠯᠢ ᠠᠩ᠂ ᠯᠢ ᠴᠦᠨ ᠰᠢᠶᠤᠤ᠂ ᠶᠠᠨ ᠳ᠋ᠦᠩ ᠬᠤᠷᠠᠯ ᠳᠤ ᠣᠷᠣᠯᠴᠠᠪᠡ᠃    ᠬᠤᠷᠠᠯ ᠳᠡᠭᠡᠷ᠎ᠡ᠂ ᠬᠡᠰᠡᠭ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠲᠥᠯᠥᠭᠡᠯᠡᠭᠴᠢ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠯᠪᠤᠭᠳᠠᠯ ᠪᠥᠬᠦᠶ ᠠᠵᠢᠯ ᠤᠨ ᠪᠠᠶᠢᠳᠠᠯ ᠢᠶᠠᠨ ᠲᠠᠨᠢᠯᠴᠠᠭᠤᠯᠪᠠ᠃ ᠲᠠᠩ ᠢ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ ᠬᠡᠯᠡᠭᠰᠡᠨ ᠨᠢ᠂ ᠦᠨᠳᠦᠰᠦᠨ ᠱᠠᠲᠤᠨ ᠤ ᠵᠠᠰᠠᠯᠲᠠ ᠶᠢᠨ ︽ᠤᠨᠠᠭ᠎ᠠ ᠶᠢ ᠶᠡᠭᠡ ᠲᠡᠷᠭᠡᠨ  ᠳᠤ ᠬᠦᠯᠦᠭᠰᠡᠨ︾ ᠲᠣᠪᠤᠶᠢᠮ᠎ᠠ ᠠᠰᠠᠭᠤᠳᠠᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠪᠣᠯ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢᠨ ᠴᠢᠬᠤᠯᠠ ᠠᠭᠤᠯᠭ᠎ᠠ ᠮᠥᠨ᠂ ᠪᠠᠰᠠ ᠴᠤ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠪᠠᠶᠢᠪᠠᠰᠤ ᠵᠣᠬᠢᠬᠤ ᠠᠭᠤᠯᠭ᠎ᠠ ᠮᠥᠨ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢᠰᠲ᠋ᠧᠮ ᠲᠠᠢ ᠪᠣᠳᠣᠯᠬᠢᠯᠠᠨ ᠰᠤᠳᠤᠯᠵᠤ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠶᠢᠭᠤᠯᠬᠤ ᠯᠤᠭ᠎ᠠ ᠨᠢᠭᠲᠠ ᠤᠶᠠᠯᠳᠤᠭᠤᠯᠵᠤ᠂ ᠦᠨᠳᠦᠰᠦ ᠰᠤᠷᠪᠤᠯᠵᠢ ᠶᠢ ᠨᠢ ᠭᠦᠨᠵᠡᠭᠡᠢ ᠵᠠᠳᠠᠯᠵᠤ᠂ ᠵᠠᠩᠭᠢᠯᠠᠭ᠎ᠠ ᠶᠢ ᠨᠢ ᠣᠨᠣᠪᠴᠢᠲᠠᠢ ᠡᠷᠢᠨ ᠣᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ︽ᠤᠨᠠᠭ᠎ᠠ ᠶᠢ ᠶᠡᠭᠡ ᠲᠡᠷᠭᠡᠨ ᠳᠤ ᠬᠦᠯᠦᠭᠰᠡᠨ︾ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ᠃    ᠲᠠᠩ ᠢ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠨᠢᠭᠡ ᠳᠤ᠂ ᠠᠵᠢᠯ ᠤᠨ ᠨᠠᠷᠢᠨ ᠬᠠᠭᠤᠳᠠᠰᠤ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠬᠤ ᠬᠡᠷᠡᠭᠳᠡᠢ᠃ ᠪᠠᠯᠭᠠᠰᠤ ︵ᠵᠡᠭᠡᠯᠢ ᠭᠤᠳᠤᠮᠵᠢ︶ ᠬᠢᠭᠡᠳ ᠲᠣᠰᠬᠤᠨ ︵ᠨᠡᠶᠢᠭᠡᠮ ᠲᠣᠭᠤᠷᠢᠭ︶ ᠤ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠠᠵᠢᠯ ᠤᠨ ᠭᠤᠤᠯᠳᠠᠯᠭ᠎ᠠ ᠪᠠ ᠡᠭᠦᠷᠭᠡ ᠬᠠᠷᠢᠭᠤᠴᠠᠯᠭ᠎ᠠ ᠪᠠᠨ ᠡᠮᠬᠢᠯᠡᠨ ᠲᠣᠳᠣᠷᠬᠠᠶᠢᠯᠠᠵᠤ᠂ ᠬᠠᠲᠠᠭᠤ ᠵᠥᠭᠡᠯᠡᠨ ᠢ ᠬᠠᠷᠢᠯᠴᠠᠨ ᠲᠤᠯᠭᠠᠭᠤᠷᠢᠯᠠᠭᠤᠯᠬᠤ᠂ ᠨᠡᠶᠢᠲᠡᠯᠢᠭ ᠴᠢᠨᠠᠷ ᠪᠠ ᠥᠪᠡᠷᠮᠢᠴᠡ ᠴᠢᠨᠠᠷ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠠᠭᠤᠯᠭ᠎ᠠ ᠶᠢ ᠵᠦᠶ ᠵᠣᠬᠢᠰᠲᠠᠶ ᠲᠣᠭᠲᠠᠭᠠᠵᠤ᠂ ᠪᠣᠳᠠᠲᠠᠶ ᠶᠢ ᠡᠷᠬᠢᠮᠯᠡᠭᠰᠡᠨ ᠪᠥᠭᠡᠳ ᠲᠤᠰᠠᠲᠠᠶ ᠲᠦᠷᠢᠮ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠮᠧᠬᠠᠨᠢᠭᠵᠢᠯᠲᠠ᠂ ᠫᠷᠣᠭ᠍ᠷᠠᠮᠴᠢᠯᠠᠯᠳᠠ ᠠᠴᠠ ᠵᠠᠶᠢᠯᠠᠰᠬᠢᠬᠤ ᠬᠡᠷᠡᠭᠳᠡᠢ᠃ ᠬᠤᠶᠠᠷ ᠲᠤ᠂ ᠳᠠᠷᠤᠭᠠᠰᠤ ᠶᠢ ᠬᠥᠩᠭᠡᠷᠡᠭᠦᠯᠬᠦ ᠪᠠ ᠡᠨᠧᠷᠭᠢ ᠣᠯᠭᠤᠬᠤ ᠶᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠢ᠃ ᠦᠨᠳᠦᠰᠦᠨ ᠱᠠᠲᠤᠨ ᠤ ᠺᠠᠳ᠋ᠷᠴᠤᠳ ᠢ ᠬᠤᠷᠠᠯ᠂ ᠮᠡᠳᠡᠭᠦᠯᠬᠦ ᠬᠦᠰᠦᠨᠦᠭᠲᠦ᠂ ᠮᠠᠲ᠋ᠧᠷᠢᠶᠠᠯ ᠵᠡᠷᠭᠡ ᠠᠵᠢᠯ ᠤᠨ ᠳᠤᠮᠳᠠ ᠠᠴᠠ ᠴᠢᠯᠦᠭᠡᠯᠡᠵᠦ᠂ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠠᠷᠭ᠎ᠠ ᠪᠠᠷᠢᠯ ᠢᠶᠠᠷ ᠦᠨᠳᠦᠰᠦᠨ ᠱᠠᠲᠤᠨ ᠤ ᠵᠠᠰᠠᠯᠲᠠ ᠳᠤ ᠴᠢᠳᠠᠪᠤᠷᠢ ᠣᠯᠭᠤᠵᠤ᠂ ᠦᠨᠳᠦᠰᠦᠨ ᠱᠠᠲᠤ ᠶᠢ ᠤᠯᠠᠨ ᠲᠦᠮᠡᠨ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠤᠯᠭᠠᠬᠤ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠦᠪᠯᠡᠷᠡᠭᠦᠯᠬᠦ ᠬᠡᠷᠡᠭᠳᠡᠢ᠃ ᠤᠯᠠᠨ ᠲᠦᠮᠡᠨ ᠤ ᠳᠤᠮᠳᠠ ᠢᠯᠡᠭᠦᠬᠡᠨ ᠬᠦᠷᠪᠡᠯ ᠰᠠᠶ᠋ᠢ ᠤᠯᠠᠨ ᠲᠦᠮᠡᠨ ᠲᠠᠢ ᠤᠢᠢᠷᠠᠳᠴᠤ ᠴᠢᠳᠠᠨ᠎ᠠ᠂ ᠳᠠᠷᠤᠭᠠᠰᠤ ᠶᠢ ᠨᠢ ᠬᠥᠩᠭᠡᠷᠡᠭᠦᠯᠬᠦ ᠪᠠᠷ ᠳᠠᠮᠵᠢᠭᠤᠯᠤᠨ ᠦᠨᠳᠦᠰᠦᠨ ᠱᠠᠲᠤᠨ ᠤ ᠭᠤᠣᠯ ᠬᠠᠷᠢᠭᠤᠴᠠᠯᠭ᠎ᠠ ᠭᠤᠣᠯ ᠠᠵᠢᠯ ᠢ ᠴᠢᠩᠭᠠᠳᠬᠠᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠨ ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠵᠤ᠂ ᠦᠷ᠎ᠡ ᠪᠦᠲᠦᠮᠵᠢ ᠶᠢ ᠠᠷᠠᠳ ᠠᠴᠠ ᠠᠰᠠᠭᠤᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠵᠤ ᠳᠠᠶᠢᠴᠢᠯᠠᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠬᠡᠯᠪᠡᠷᠢ ᠶᠢᠨ ᠦᠵᠡᠯ ᠢ ᠴᠢᠩᠭ᠎ᠠ ᠴᠡᠭᠡᠷᠯᠡᠬᠦ ᠬᠡᠷᠡᠭᠲᠡᠢ᠃ ᠦᠨᠡᠨᠬᠦ ᠠᠳᠬᠤᠨ ᠪᠣᠳᠠᠲᠠᠢ ᠠᠵᠢᠯᠯᠠᠬᠤ ᠪᠠᠨ ᠴᠢᠩᠭᠠᠳᠬᠠᠵᠤ᠂ ᠬᠡᠯᠪᠡᠷᠢ ᠶᠢᠨ ᠲᠠᠯ᠎ᠠ  ᠶᠢᠨ᠂ ᠴᠢᠬᠤᠯᠠ ᠪᠤᠰᠤ ᠶᠠᠪᠤᠳᠠᠯ ᠢ ᠳᠤᠲᠠᠭᠤ ᠬᠢᠵᠦ᠂ ᠠᠷᠠᠳ ᠤᠯᠠᠨ ᠤ ᠪᠣᠳᠠᠲᠠᠢ ᠬᠡᠷᠡᠭᠴᠡᠭᠡ ᠠᠴᠠ ᠡᠭᠦᠰᠴᠦ᠂ ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ᠂ ᠤᠴᠢᠷ ᠶᠠᠪᠤᠳᠠᠯ ᠪᠠᠶᠢᠪᠠᠯ ᠳᠠᠷᠤᠶᠢᠬᠠᠨ ᠭᠦᠢᠴᠡᠳᠬᠡᠵᠦ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠤᠨ ᠬᠠᠷᠢᠴᠠᠭ᠎ᠠ ᠶᠢ ᠤᠯᠠᠮ ᠴᠢᠨᠠᠭᠰᠢᠳᠠ ᠨᠢᠭᠲᠠᠷᠠᠭᠤᠯᠵᠤ᠂ ᠨᠠᠮ ᠪᠠ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ ᠬᠡᠷᠡᠭᠲᠡᠢ᠃ ᠠᠵᠢᠯ ᠤᠨ ᠬᠦᠴᠦᠨ ᠢᠶᠠᠨ ᠳᠣᠷᠣᠭᠰᠢ ᠪᠠᠭᠤᠯᠭᠠᠬᠤ ᠪᠣᠯᠪᠠᠴᠤ ᠠᠵᠢᠯ ᠢᠶᠠᠨ ᠳᠣᠷᠣᠭᠰᠢ ᠲᠦᠯᠬᠢᠵᠦ ᠪᠣᠯᠬᠤ ᠦᠭᠡᠶ᠂ ᠱᠠᠲᠤ ᠱᠠᠲᠤ ᠪᠠᠷ ᠬᠤᠭᠤᠰᠣᠨ ᠠᠵᠢᠯᠯᠠᠬᠤ᠂ ᠱᠠᠲᠤ ᠱᠠᠲᠤ ᠪᠠᠷ ᠬᠠᠷᠢᠭᠤᠴᠠᠯᠭ᠎ᠠ ᠠᠯᠳᠠᠬᠤ ᠠᠴᠠ ᠵᠠᠶᠢᠯᠠᠰᠬᠢᠬᠤ ᠬᠡᠷᠡᠭᠲᠡᠶ᠃ ᠲᠦᠷᠪᠡ ᠳᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠢᠨᠠᠯᠲᠠ ᠲᠠᠯᠪᠢᠵᠤ ᠦᠷ᠎ᠡ ᠪᠦᠲᠦᠮᠵᠢ ᠠᠰᠠᠭᠤᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠦᠨᠳᠦᠰᠦᠨ ᠱᠠᠳᠤ ᠵᠦᠢ ᠵᠤᠬᠢᠰ ᠦᠭᠡᠢ ᠡᠭᠦᠷᠭᠡ ᠶᠢ ᠵᠣᠷᠢᠭᠲᠠᠢ ᠪᠠᠷ ᠦᠯᠦ ᠬᠦᠯᠢᠶᠡᠬᠦ ᠬᠡᠷᠡᠭᠲᠡᠢ᠃ ᠪᠦᠲᠦᠮᠵᠢᠲᠡᠢ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠦᠨᠡᠨ ᠬᠦ ᠬᠠᠲᠠᠭᠤ ᠲᠠᠢ ᠨᠢ ᠬᠠᠯᠳᠠᠬᠤ ᠶᠢ ᠪᠠᠷᠢᠮᠲᠠᠯᠠᠵᠤ᠂ ᠬᠢᠨᠠᠨ ᠰᠢᠯᠭᠠᠬᠤ ᠠᠷᠭ᠎ᠠ ᠬᠡᠯᠪᠡᠷᠢ ᠪᠠᠨ ᠰᠢᠯᠢᠳᠡᠭᠵᠢᠭᠦᠯᠵᠦ᠂ ᠵᠥᠪ ᠪᠤᠷᠤᠭᠤ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠠᠰᠠᠭᠤᠳᠠᠯ ᠤᠨ ᠲᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠢ ᠭᠡᠵᠡᠢ᠃    ᠲᠠᠩ ᠢ ᠪᠠᠰᠠ ᠬᠡᠰᠡᠭ ᠭᠤᠣᠯᠳᠠᠯᠭ᠎ᠠ ᠲᠠᠢ ᠠᠵᠢᠯ ᠳᠤ ᠱᠠᠭᠠᠷᠳᠠᠯᠭ᠎ᠠ ᠳᠤᠷᠠᠳᠴᠠᠢ᠃ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠠᠬᠢᠭᠤᠯᠬᠤ ᠶᠢᠨ ᠳᠠᠭᠠᠤ ᠳ᠋ᠦᠩᠨᠡᠵᠦ᠂ ᠨᠢᠭᠡ ᠲᠠᠯ᠎ᠠ ᠪᠠᠷ ᠰᠠᠶᠢᠵᠢᠷᠠᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠬᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠡᠭᠦᠷᠢᠳᠡ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠰᠠᠶᠢᠲᠤᠷ ᠥᠷᠨᠢᠭᠦᠯᠵᠦ᠂ ᠤᠯᠠᠨ ᠲᠦᠮᠡᠨ ᠤ ᠠᠵᠢᠯ ᠢ ᠰᠠᠶᠢᠲᠤᠷ ᠬᠢᠬᠦ ᠲᠠᠢ ᠣᠷᠭᠠᠨᠢᠭ ᠢᠶᠠᠷ ᠠᠭᠤᠰᠤᠯᠴᠠᠭᠤᠯᠵᠤ᠂ ᠤᠯᠠᠨ ᠲᠦᠮᠡᠨ ᠳᠤ ᠨᠠᠮ ᠤᠨ ᠠᠴᠢ ᠶᠢ ᠮᠡᠳᠡᠭᠦᠯᠵᠦ᠂ ᠨᠠᠮ ᠤᠨ ᠠᠴᠢ ᠶᠢ ᠬᠠᠷᠢᠭᠤᠯᠵᠤ᠂ ᠦᠨᠡᠨ ᠰᠡᠳᠬᠢᠯ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ ᠳᠠᠭᠠᠬᠤ ᠪᠣᠯᠭᠠᠬᠤ ᠬᠡᠷᠡᠭᠲᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号