ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ  ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 7 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/14
     6 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠣᠷᠣᠯᠴᠠᠯᠭ᠎ᠠ  ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 7 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ‍ ᠴᠢᠭ ᠮᠦᠨ︾ ᠬᠡᠬᠦ ᠴᠢᠬᠤᠯᠠ ᠵᠤᠬᠢᠶᠠᠯ ᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠣᠬᠢᠶᠠᠯ ᠤᠨ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠠᠭᠤᠷᠢ ᠳᠠᠭᠠᠨ ᠰᠠᠭᠤᠷᠢᠯᠠᠵᠤ᠂ ᠰᠢᠨ᠎ᠡ ᠶᠢ ᠡᠭᠦᠳᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠣᠳᠠᠲᠤ ᠴᠣᠭᠴᠠᠵᠢᠭᠤᠯᠤᠨ ᠠᠵᠢᠯᠯᠠᠬᠤ ᠶᠢ ᠬᠦᠴᠦᠯᠡᠨ ᠠᠬᠢᠭᠤᠯᠬᠤ ᠬᠡᠷᠡᠭᠲᠡᠶ᠃ ᠳ᠋ᠢᠵᠢᠲ᠋ᠠᠯᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠬᠤᠳᠠ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠶᠡᠭᠡ ᠬᠡᠪᠴᠢᠶᠡᠨ ᠤ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠪᠠ ᠲᠥᠬᠦᠭᠡᠷᠦᠮᠵᠢ ᠶᠢᠨ ᠰᠢᠨᠡᠴᠢᠯᠡᠯᠲᠡ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠣᠳᠠᠲᠠᠢ ᠠᠯᠬᠤᠮ ᠢ ᠠᠯᠬᠤᠬᠤ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ︽ᠦᠬᠠᠢ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ﹀ ᠢᠨᠵᠧᠨᠧᠷᠢᠩ ᠳᠤ ᠬᠦᠴᠦᠨ ᠨᠡᠮᠡᠷᠢᠯᠡᠬᠦ ᠲᠤᠬᠠᠢ ᠰᠠᠨᠠᠯ︾ ᠢ ᠰᠠᠶᠢᠲᠤᠷ ᠨᠠᠶᠢᠳᠠᠪᠤᠷᠢᠵᠢᠭᠤᠯᠵᠤ᠂ ᠨᠢᠭᠡ ᠪᠦᠯᠦᠭ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠲᠦᠷᠭᠡᠳᠬᠡᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠤᠯᠤᠰ ᠲᠥᠷᠥ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠪᠣᠳᠠᠲᠠᠶ ᠠᠵᠢᠯᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠢᠨᠵᠧᠨᠧᠷᠢᠩ︾ ᠪᠣᠯᠤᠨ ᠬᠤᠲᠠ ᠶᠢᠨ ᠨᠠᠮ ᠤᠨ ᠬᠤᠷᠢᠶᠠᠨ ᠤ ︽ᠠᠷᠪᠠᠨ ᠬᠤᠶᠠᠷ ᠵᠦᠢᠯ ᠤᠨ ᠭᠤᠤᠯᠳᠠᠯᠭ᠎ᠠ ᠲᠠᠢ ᠠᠵᠢᠯ︾ ᠢ ᠰᠠᠶᠢᠲᠤᠷ ᠠᠳᠬᠤᠵᠤ᠂ ᠦᠨᠡᠨ ᠬᠦ ᠬᠡᠷᠡᠭᠵᠢᠭᠦᠯᠦᠭᠴᠢ᠂ ᠦᠢᠯᠡᠳᠦᠯᠭᠡᠵᠢᠬᠦᠯᠦᠭᠴᠢ᠂ ᠪᠣᠳᠠᠲᠠᠶ ᠠᠵᠢᠯᠯᠠᠭᠴᠢ ᠪᠣᠯᠬᠤ ᠬᠡᠷᠡᠭᠲᠡᠶ᠃ ᠰᠠᠬᠢᠯᠭ᠎ᠠ ᠪᠠᠲᠤ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠲᠦᠷᠦᠭᠦᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠤᠬᠠᠮᠰᠠᠷ ᠠᠴᠠ ᠪᠠᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠢ ᠬᠡᠷᠡᠭᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠠ ᠶᠢ ᠳᠠᠭᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ︽ᠲᠦᠷᠪᠡ ᠶᠢ ᠳᠠᠭᠠᠬᠤ︾ ᠶᠢ ᠪᠡᠶᠡᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠵᠠᠷᠴᠢᠮ ᠪᠣᠯᠤᠨ ᠵᠣᠬᠢᠶᠠᠨ ᠪᠠᠶᠢᠭᠤᠯᠤᠯᠲᠠ ᠶᠢᠨ ᠲᠡᠰ ᠳᠠᠷᠠᠭᠠᠯᠠᠯ ᠢ ᠴᠢᠩᠭ᠎ᠠ ᠵᠢᠷᠤᠮᠯᠠᠨ ᠠᠵᠢᠯᠯᠠᠵᠤ᠂ ᠢᠮᠠᠭᠲᠠ ᠨᠠᠮ ᠤᠨ ᠵᠢᠯᠤᠭᠤᠳᠤᠯᠭ᠎ᠠ ᠶᠢ ᠳᠠᠭᠠᠵᠤ᠂ ᠠᠯᠬᠤᠭ᠎ᠠ ᠨᠢᠭᠡᠳᠦᠯᠲᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠶᠣᠰᠣ ᠰᠤᠷᠲᠠᠬᠤᠨ ᠤ ᠲᠣᠭᠲᠠᠯ ᠬᠦᠴᠦᠨ ᠢᠶᠠᠨ ᠴᠢᠩᠭᠠᠳᠬᠠᠵᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠶᠣᠰᠣ ᠰᠤᠷᠲᠠᠬᠤᠨ ᠤ ᠪᠣᠯᠪᠠᠰᠤᠷᠠᠯ ᠢᠶᠠᠨ ᠴᠢᠩᠭᠠᠳᠬᠠᠬᠤ ᠶᠢ ᠨᠠᠰᠤᠨ ᠲᠤᠷᠰᠢᠳᠠ ᠵᠠᠪᠠᠯ ᠰᠤᠷᠬᠤ ᠬᠢᠴᠢᠶᠡᠯ ᠪᠣᠯᠭᠠᠬᠤ ᠶᠢ ᠪᠠᠷᠢᠮᠲᠠᠯᠠᠵᠤ᠂ ᠶᠣᠰᠣ ᠰᠤᠷᠲᠠᠬᠤᠨ ᠤ ᠪᠠᠷᠢᠮᠵᠢᠶ᠎ᠠ ᠶᠢ ᠪᠠᠲᠤ ᠰᠠᠬᠢᠵᠤ᠂ ᠶᠡᠭᠡ ᠮᠣᠷᠠᠯ ᠢ ᠡᠷᠬᠢᠮᠯᠡᠵᠦ᠂ ᠨᠡᠶᠢᠲᠡ ᠶᠢᠨ ᠮᠣᠷᠠᠯ ᠢ ᠰᠠᠬᠢᠵᠤ᠂ ᠬᠤᠪᠢ ᠶᠢᠨ ᠮᠣᠷᠠᠯ ᠢᠶᠠᠨ ᠴᠢᠩᠳᠠᠯᠠᠵᠤ᠂ ᠶᠣᠰᠣ ᠰᠤᠷᠲᠠᠬᠤᠨ ᠢᠶᠠᠷ ᠬᠥᠮᠦᠨ ᠢ ᠪᠢᠰᠢᠷᠡᠭᠦᠯᠵᠦ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠩᠭᠠᠳᠬᠠᠵᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠰᠠᠬᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ︽ᠭᠤᠷᠪᠠᠨ ᠵᠦᠢᠯ ᠤᠨ ᠠᠵᠢᠯ︾ ᠢ ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠤᠯᠤᠰ ᠲᠦᠷᠦ ᠶᠢᠨ ᠠᠮᠢ ᠠᠬᠤᠢ ᠦᠷᠭᠦᠯᠵᠢᠯᠡᠨ ᠰᠠᠶᠢᠵᠢᠷᠠᠬᠤ᠂ ᠠᠵᠢᠯ ᠤᠨ ᠰᠤᠷᠲᠠᠯ ᠦᠷᠭᠦᠯᠵᠢᠯᠡᠨ ᠬᠤᠪᠢᠷᠠᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号