ᠬᠤᠲᠠ ᠶᠢᠨ ᠵᠠᠰᠠᠭ ᠤᠨ ᠣᠷᠳᠣᠨ ᠨᠠᠨᠲ᠋ᠦ᠋ᠩ ᠤᠨ ᠰᠢᠨ ᠬᠠᠶ ᠰᠢᠩ ᠪᠠᠯᠠ ᠣᠷᠣᠭᠤᠯᠤᠯᠲᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠯᠤᠭ᠎ᠠ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/14
     6 ᠰᠠᠷ᠎ᠠ ᠶᠢᠨ 13 ᠤ ᠡᠳᠦᠷ᠂ ᠬᠤᠳᠠ ᠶᠢᠨ ᠵᠠᠰᠠᠭ ᠤᠨ ᠣᠷᠳᠣᠨ ᠨᠠᠨᠲ᠋ᠦ᠋ᠩ ᠤᠨ ᠰᠢᠨ ᠬᠠᠢ ᠰᠢᠩ ᠪᠡᠯᠡ ᠣᠷᠣᠭᠤᠯᠤᠯᠲᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠯᠤᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠨᠠᠨᠲ᠋ᠦ᠋ᠩ ᠤᠨ ᠰᠢᠨ ᠬᠠᠶ ᠰᠢᠩ ᠪᠠᠯᠠ ᠣᠷᠣᠭᠤᠯᠤᠯᠲᠠ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠵᠠᠬᠢᠷᠤᠭᠴᠢ ᠴᠧᠨ ᠵᠢᠶᠠᠨ ᠣᠷᠣᠯᠴᠠᠪᠡ᠃      ᠼᠦᠢ ᠵᠢᠩ ᠶᠢᠩ ᠴᠧᠨ ᠵᠢᠶᠠᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠳᠣᠬᠠᠨ ᠳᠤ᠂ ᠦᠬᠠᠢ ᠶᠠᠭ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ︽ᠬᠤᠶᠠᠷ ᠶᠡᠭᠡ ᠶᠠᠪᠤᠳᠠᠯ︾ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠮᠠᠨ ᠤ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠭᠵᠢᠯᠲᠡ ᠶᠢᠨ ᠬᠠᠨᠳᠤᠰᠢ ᠰᠠᠶᠢᠨ᠂ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠲᠤᠯᠭᠠᠭᠤᠷᠢᠯᠠᠬᠤ ᠴᠢᠭ ᠢᠶᠠᠨ ᠣᠨᠣᠪᠴᠢᠲᠠᠢ ᠣᠯᠵᠤ᠂ ᠬᠠᠮᠲᠤᠷᠠᠯᠴᠠᠭᠠᠨ ᠤ ᠵᠠᠭᠪᠤᠷ ᠢᠶᠠᠨ ᠴᠢᠨᠠᠭᠰᠢᠳᠠ ᠰᠢᠯᠢᠳᠡᠭᠵᠢᠭᠦᠯᠵᠦ᠂ ᠬᠠᠮᠲᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠮᠠᠨ ᠤ ᠬᠤᠲᠠ ᠦᠢᠯᠡᠴᠢᠯᠡᠭᠡᠨ ᠤ ᠪᠠᠲᠤᠯᠠᠭ᠎ᠠ ᠪᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠨᠠᠩ ᠰᠢᠯᠢᠳᠡᠭ ᠦᠢᠯᠡᠴᠢᠯᠡᠭᠡ ᠬᠠᠩᠭᠠᠵᠤ᠂ ᠨᠠᠩ ᠰᠠᠶᠢᠨ ᠣᠷᠴᠢᠨ ᠲᠣᠭᠤᠷᠢᠨ ᠢ ᠪᠣᠶ ᠪᠣᠯᠭᠠᠨ᠎ᠠ ᠭᠡᠵᠡᠢ᠃      ᠴᠧᠨ ᠵᠢᠶᠠᠨ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠢᠯᠡᠷᠭᠡᠶᠢᠯᠡᠭᠰᠡᠨ ᠨᠢ᠂ ᠦᠬᠠᠢ ᠬᠤᠳᠠ ᠶᠢᠨ ᠡᠬᠢ ᠪᠠᠶᠠᠯᠢᠭ ᠤᠨ ᠳᠠᠪᠠᠭᠤᠯᠢᠭ ᠲᠤᠪᠤᠶᠢᠮ᠎ᠠ᠂ ᠠᠵᠤ ᠦᠢᠯᠡᠰ ᠤᠨ ᠰᠠᠭᠤᠷᠢ ᠪᠠᠲᠤ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠰᠠᠶᠢᠨ ᠪᠠᠶᠢᠨ᠎ᠠ᠂ ᠳᠠᠷᠠᠭᠠᠴᠢ ᠶᠢᠨ ᠠᠯᠬᠤᠮ ᠳᠤ ᠠᠵᠠ ᠲᠣᠬᠢᠶᠠᠯ ᠢ ᠠᠮᠵᠢᠵᠤ᠂ ᠮᠡᠷᠭᠡᠵᠢᠯ᠂ ᠴᠢᠳᠠᠪᠤᠷᠢᠲᠠᠨ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号