ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/17
     6 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠯᠳᠠ ᠪᠠ ᠬᠠᠲᠤᠨ ᠭᠤᠤᠯ ᠤᠨ ᠰᠠᠪᠠ ᠭᠠᠵᠠᠷ ᠤᠨ ᠰᠡᠷᠡᠮᠵᠢ ᠶᠢᠨ ᠹᠢᠯᠢᠮ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠥᠯᠭᠢᠨ ᠠᠬᠢᠭᠤᠯᠪᠠ᠃ ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠨᠡᠬᠦ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ᠂ ᠬᠠᠳᠤᠨ ᠭᠤᠣᠯ ᠤᠨ ᠰᠠᠪᠠ ᠭᠠᠵᠠᠷ ᠤᠨ ᠰᠡᠷᠡᠮᠵᠢ ᠶᠢᠨ ᠹᠢᠯᠢᠮ ᠤᠨ ᠬᠠᠷᠢᠭᠤ ᠲᠤᠰᠬᠠᠭᠰᠠᠨ ᠠᠰᠠᠭᠤᠳᠠᠯ ᠵᠢᠴᠢ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠨᠠᠷᠢᠨ ᠨᠢᠮᠪᠠᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠦᠨᠡᠨ ᠪᠣᠳᠠᠲᠠᠢ ᠬᠢᠵᠦ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠡᠯ᠎ᠡ ᠲᠦᠷᠦᠯ ᠤᠨ ᠠᠰᠠᠭᠤᠳᠠᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠲᠦᠢᠯᠪᠤᠷᠢᠲᠠᠢ ᠰᠠᠶᠢᠵᠢᠷᠠᠭᠤᠯᠬᠤ ᠬᠡᠷᠡᠭᠲᠡᠢ᠃ ︽ᠳᠤᠯᠤᠭ᠎ᠠ ᠶᠢ ᠵᠠᠰᠠᠭᠰᠠᠨ︾ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠤᠯᠤᠭᠠᠨ ᠶᠡᠭᠡ ᠶᠡᠷᠦᠩᠬᠡᠶᠢᠯᠡᠭᠰᠡᠨ ᠵᠠᠰᠠᠯᠳᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠤᠰᠤᠨ ᠤ ᠪᠣᠬᠢᠷᠲᠤᠯ ᠢ ᠵᠠᠰᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠭᠤᠴᠢᠨ ᠠᠰᠠᠭᠤᠳᠠᠯ ᠲᠠᠬᠢᠨ ᠡᠭᠦᠰᠬᠦ ᠶᠢ ᠦᠨᠳᠦᠰᠦ ᠰᠤᠷᠪᠤᠯᠵᠢ ᠠᠴᠠ ᠨᠢ ᠰᠡᠷᠭᠡᠶᠢᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ᠂ ᠣᠷᠴᠢᠨ ᠲᠣᠭᠤᠷᠢᠨ ᠤ ᠶᠠᠰᠤ ᠴᠢᠨᠠᠷ ᠰᠢᠨ᠎ᠡ ᠳᠡᠭᠡᠭᠰᠢᠯᠡᠯᠲᠡ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号