ᠲᠠᠩ ᠢ ᠱᠠᠩᠬᠠᠢ ᠶᠢᠨ ᠮᠠᠰᠢᠨ ᠲᠡᠷᠭᠡᠨ ᠤ ᠪᠦᠯᠦᠭᠯᠡᠯ ᠤᠨ ᠳᠡᠳ᠋ ᠶᠡᠷᠦᠩᠬᠡᠶ ᠵᠠᠬᠢᠷᠤᠯ ᠸᠧᠶ ᠶᠦᠩ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/17
     6 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠱᠠᠩᠬᠠᠢ ᠶᠢᠨ ᠮᠠᠰᠢᠨ ᠲᠡᠷᠭᠡᠨ ᠤ ᠪᠦᠯᠦᠭᠯᠡᠯ ᠤᠨ ᠳᠡᠳ᠋ ᠶᠡᠷᠦᠩᠬᠡᠶ ᠵᠠᠬᠢᠷᠤᠯ ᠸᠧᠶ ᠶᠦᠩ ᠨᠡᠷ ᠲᠠᠢ ᠠᠭᠤᠯᠵᠠᠪᠠ᠃ ᠬᠤᠲᠠ ᠶᠢᠨ ᠤᠳᠤᠷᠢᠳᠤᠯᠭ᠎ᠠ ᠰᠦᠨ ᠬᠤᠤ᠂ ᠯᠢ ᠴᠦᠨ ᠰᠢᠶᠤᠤ᠂ ᠭᠤᠤ ᠪᠥᠸᠧ ᠣᠷᠣᠯᠴᠠᠪᠡ᠃      ᠲᠠᠩ ᠢ ᠸᠧᠢ ᠶᠦᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠦᠬᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠣᠳᠣᠬᠠᠨ ᠳᠤ ᠥᠪᠥᠷ ᠮᠣᠩᠭᠤᠯ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠡᠯ᠎ᠡ ᠲᠥᠷᠥᠯ ᠤᠨ ᠪᠣᠬᠢᠷᠲᠤᠯ ᠥᠬᠡᠶ ᠴᠠᠬᠢᠯᠭᠠᠨ ᠢ ᠲᠤᠬᠠᠶ ᠶᠢᠨ ᠭᠠᠵᠠᠷ ᠲᠤᠨᠢ ᠰᠢᠩᠭᠡᠭᠡᠨ ᠠᠪᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ ᠪᠠᠶᠢᠨ᠎ᠠ᠃ ᠦᠬᠠᠶ ᠶᠢᠨ ᠡᠷᠬᠢᠨ ᠲᠣᠭᠤᠷᠢᠨ ᠤ ᠪᠣᠬᠢᠷᠲᠤᠯ ᠥᠬᠡᠶ ᠡᠨᠧᠷᠭᠢ ᠡᠯᠪᠡᠭ᠂ ᠬᠦᠷᠭᠡᠬᠦ ᠵᠠᠶ ᠨᠢ ᠣᠬᠤᠷ᠂ ᠵᠠᠯᠭᠠᠨ ᠣᠷᠣᠭᠤᠯᠬᠤ ᠴᠢᠳᠠᠪᠤᠷᠢ ᠪᠠᠷ ᠴᠢᠩᠭ᠎ᠠ᠂ ᠬᠡᠷᠡᠭᠯᠡᠭᠡᠨ ᠤ ᠦᠵᠡᠭᠳᠡᠯ ᠣᠯᠠᠨ᠂ ᠣᠲᠣ ᠶᠠᠭ ᠡᠨᠧᠷᠭᠢ ᠬᠠᠳᠠᠭᠠᠯᠠᠬᠤ ᠪᠠᠭᠲᠠᠭᠠᠮᠵᠢ ᠶᠢ ᠥᠷᠭᠡᠳᠬᠡᠬᠦ᠂ ᠴᠠᠬᠢᠯᠭᠠᠨ ᠲᠣᠤᠷ ᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠥᠬᠡᠶ ᠡᠨᠧᠷᠭᠢ ᠶᠢ ᠰᠢᠩᠭᠡᠭᠡᠬᠦ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠵᠤ ᠪᠠᠶᠢᠨ᠎ᠠ᠃ ᠣᠳᠣᠬᠠᠨ ᠳᠤ᠂ ᠭᠦᠸᠧ ᠰᠢᠤᠸᠠᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠵᠢᠯ ᠳᠤ 40 ᠲᠦᠮᠡᠨ ᠲᠣᠨ ᠯᠢᠲ᠋ᠢ ᠶᠢᠨ ᠢᠶᠣᠨ ᠤ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠵᠢᠴᠢ 30 ᠲᠦᠮᠡᠨ ᠺᠢᠯᠣᠸᠠᠲ ᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂ ᠴᠢᠩ ᠲᠤᠤ ᠡᠨᠧᠷᠭᠢ ᠶᠢᠨ 5 ᠲᠦᠮᠡᠨ ᠲᠣᠨ ᠬᠠᠲᠠᠭᠤ ᠲᠦᠯᠦᠪᠲᠦ ᠴᠠᠬᠢᠯᠭᠠᠨ ᠴᠡᠨᠡᠭ ᠵᠢᠴᠢ ᠡᠨᠧᠷᠭᠢ ᠬᠠᠳᠠᠭᠠᠯᠠᠬᠤ ᠠᠵᠤ ᠦᠢᠯᠡᠰ ᠤᠨ ᠨᠢᠭᠡ ᠪᠦᠯᠦᠭ ᠲᠦᠷᠦᠯ ᠵᠦᠢᠯ ᠢ ᠲᠦᠷᠭᠡᠳᠬᠡᠨ ᠪᠠᠶᠢᠭᠤᠯᠵᠤ᠂ ᠦᠬᠠᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠢᠷᠡᠭᠡᠳᠦᠢ ᠶᠢᠨ ᠬᠥᠭᠵᠢᠯᠲᠡ ᠶᠢᠨ ᠣᠷᠣᠨ ᠵᠠᠢ ᠮᠠᠰᠢ ᠶᠡᠭᠡ᠂ ᠠᠯᠤᠰ ᠢᠷᠡᠭᠡᠳᠦᠢ ᠮᠠᠰᠢ ᠥᠷᠭᠡᠨ ᠠᠭᠤᠳᠠᠮ ᠪᠠᠶᠢᠨ᠎ᠠ᠃ ᠱᠠᠩᠬᠠᠢ ᠶᠢᠨ ᠮᠠᠰᠢᠨ ᠲᠡᠷᠭᠡᠨ ᠤ ᠪᠦᠯᠦᠭᠯᠡᠯ ᠳᠠᠪᠠᠭᠤᠯᠢᠭ ᠢᠶᠠᠨ ᠪᠠᠳᠠᠷᠠᠭᠤᠯᠵᠤ᠂ ᠦᠬᠠᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠢ ᠨᠡᠭᠡᠭᠡᠨ ᠬᠥᠭᠵᠢᠭᠦᠯᠬᠦ ᠪᠦᠳᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠶᠢ ᠰᠢᠩᠭᠡᠭᠡᠨ ᠠᠪᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠢᠯᠡᠴᠢᠯᠡᠭᠡᠨ ᠤ ᠪᠠᠲᠤᠯᠠᠭ᠎ᠠ ᠪᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ ᠭᠡᠵᠡᠢ᠃      ᠸᠧᠢ ᠶᠦᠩ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠪᠣᠯᠤᠨ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠪᠠᠨ ᠲᠣᠪᠴᠢ ᠲᠠᠨᠢᠯᠴᠠᠭᠤᠯᠪᠠ᠃ ᠲᠡᠷᠡ ᠢᠯᠡᠷᠭᠡᠶᠢᠯᠡᠭᠰᠡᠨ ᠨᠢ᠂ ᠱᠠᠩᠬᠠᠢ ᠶᠢᠨ ᠮᠠᠰᠢᠨ ᠲᠡᠷᠭᠡᠨ ᠤ ᠪᠦᠯᠦᠭᠯᠡᠯ ᠦᠬᠠᠢ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号