ᠲᠡᠦᠭᠡᠨ ᠣᠯᠠᠷᠢᠯ ︵ᠠᠷᠪᠠᠨ ᠬᠤᠶᠠᠷ︶
ᠨᠡᠶᠢᠲᠡᠯᠡᠭᠰᠡᠨ ᠴᠠᠭ᠄
2024/6/17
ᠲᠡᠦᠭᠡᠨ ᠣᠯᠠᠷᠢᠯ ︵ᠠᠷᠪᠠᠨ ᠬᠤᠶᠠᠷ︶      1986 ᠣᠨ᠄      1 ᠰᠠᠷ᠎ᠠ᠂ ᠪᠦᠬᠦ ᠬᠤᠳᠠ ᠶᠢᠨ ᠬᠤᠷᠢᠮᠯᠠᠬᠤ ᠠᠴᠠ ᠡᠮᠦᠨᠡᠭᠢ ᠪᠠᠶ᠎ᠡ ᠪᠠᠶᠢᠴᠠᠭᠠᠬᠤ ᠲᠦᠷᠢᠮ ᠢ ᠬᠡᠷᠡᠭᠵᠢᠭᠦᠯᠪᠡ᠃ ᠤᠷᠤᠭ ᠲᠠᠩᠰᠠᠯᠠᠬᠤ ᠪᠠᠶᠢᠭᠤᠯᠭ᠎ᠠ ᠠᠴᠠ ᠰᠢᠶᠠᠨ ᠤ ᠲᠡᠰ ᠠᠴᠠ ᠲᠡᠭᠡᠭᠰᠢᠬᠢ ᠡᠰᠡᠭᠦᠯ᠎ᠡ ᠲᠦᠯᠤᠪᠯᠠᠭᠡᠳᠤ ᠤ‍‌ᠵᠷᠠᠵ‍‌ᠵᠯ  ᠤᠨ ᠵ‍‌ᠵᠭᠠᠡ ᠵ‍‌ᠵᠯᠤᠭᠤᠤᠠᠬᠤ ᠤ‍‌ᠵᠷᠳᠡᠭᠡ ᠶᠢᠨ ︽ᠬᠤᠷᠢᠮᠯᠠᠬᠤ ᠠᠴᠠ ᠡᠮᠦᠨᠡᠭᠢ ᠪᠠᠶ᠎ᠡ ᠪᠠᠶᠢᠴᠠᠭᠠᠬᠤ ᠦᠨᠡᠮᠯᠡᠯ︾ ᠢ ᠦᠨᠳᠦᠰᠦᠯᠡᠵᠦ ᠣᠷᠤᠭ ᠲᠠᠩᠰᠠᠯᠠᠨ ᠦᠭᠴᠦ᠂ ᠤᠷᠤᠭ ᠪᠠᠷᠢᠯᠳᠤᠬᠤ ᠦᠨᠡᠮᠯᠡᠯ ᠣᠯᠭᠤᠨ᠎ᠠ᠃      3 ᠰᠠᠷ᠎ᠠ ᠶᠢᠨ 14 ᠤ ᠡᠳᠦᠷ᠂ ᠤᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ ᠤ ᠨᠢᠭᠡᠳᠦᠭᠡᠷ ᠲᠤᠮᠲᠠᠲᠤ ᠰᠣᠷᠭᠠᠭᠤᠯᠢ ᠶᠢᠨ 79 ᠬᠤᠭᠤᠴᠠᠭᠠᠨ ᠤ ᠲᠡᠭᠡᠲᠤ ᠲᠤᠮᠳᠠ ᠲᠡᠭᠦᠰᠦᠭᠰᠡᠨ ᠰᠣᠷᠣᠭᠴᠢ ᠮᠠ ᠰᠢᠶᠠ ᠪᠡᠭᠡᠵᠢᠩ ᠤᠨ ᠠᠭᠠᠷ ᠠᠶᠠᠯᠠᠯ ᠤᠨ ᠲᠠᠭᠡᠳᠤ ᠰᠤᠷᠭᠠᠭᠤᠯᠢ ᠶᠢᠨ ᠳ᠋ᠣᠺᠲ᠋ᠣᠷᠠᠠᠲ ᠢᠶᠠᠷ ᠡᠯᠰᠡᠭᠳᠡᠪᠡ᠂ ᠡᠨᠡ ᠪᠤᠯ ᠦᠬᠠᠢ ᠬᠤᠳᠠ ᠶᠢᠨ ᠬᠠᠮᠤᠭ ᠠᠩᠬᠠᠨ ᠤ ᠳ᠋ᠣᠺᠲ᠋ᠣᠷ ᠴᠣᠯᠠ ᠬᠠᠮᠠᠭᠠᠯᠠᠭᠰᠠᠨ ᠰᠣᠳᠣᠯᠣᠠ ᠰᠣᠷᠣᠬᠴᠢ ᠪᠤᠯᠤᠨ᠎ᠠ᠃      4 ᠰᠠᠷ᠎ᠠ ᠶᠢᠨ 18 ~ 22 ᠤᠨ ᠡᠳᠦᠷ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ  ᠶᠢᠨ ᠬᠤᠷᠢᠶᠠᠨ ᠤ ᠨᠢᠭᠡᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠣᠪᠠ᠃ ᠶᠡᠭᠡ ᠬᠤᠷᠠᠯ ᠳᠤ ᠣᠷᠤᠯᠴᠠᠭᠰᠠᠨ ᠲᠦᠯᠦᠭᠡᠯᠡᠭᠴᠢ 200 ᠬᠦᠮᠦᠨ᠂ ᠰᠣᠯᠠ ᠳᠦᠯᠣᠬᠡᠯᠡᠭᠴᠢ 19 ᠬᠦᠮᠦᠨ᠃ ᠶᠡᠭᠡ ᠬᠤᠷᠠᠯ ᠠᠴᠠ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠰᠡᠭᠢᠯᠭ᠎ᠠ ᠪᠡᠳᠦ ᠪᠡᠶᠢᠴᠡᠭᠠᠬᠤ ᠬᠤᠷᠢᠶᠠᠨ ᠤ ᠠᠵᠢᠯ ᠤᠨ ᠢᠯᠡᠳᠭᠡᠯ  ᠢ ᠰᠣᠨᠣᠰᠣᠨ ᠬᠢᠨᠠᠨ ᠵᠦᠪᠯᠡᠵᠦ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠤᠷᠢᠶᠠᠨ ᠤ ᠨᠢᠭᠡᠳᠦᠭᠡᠷ ᠬᠤᠭᠤᠴᠠᠭᠠᠨ ᠤ ᠬᠡᠰᠢᠭᠦᠳ ᠤᠨ ᠬᠤᠷᠠᠯ ᠪᠤᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠰᠣᠩᠭᠤᠨ ᠭᠠᠷᠭᠠᠪᠠ᠃ ᠬᠤᠸᠠᠩ ᠹᠧᠩ ᠴᠢ ᠲᠤᠮᠳᠠᠲᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠤᠷᠢᠶᠠᠨ ᠤ ᠱᠦᠵᠢ ᠪᠠᠷ ᠰᠤᠩᠭᠤᠭᠳᠠᠵᠤ᠂ ᠯᠢ ᠱᠸᠤ ᠸᠧᠨ ᠰᠡᠭᠢᠯᠭ᠎ᠠ ᠪᠡᠳᠦ ᠪᠡᠶᠢᠴᠡᠭᠠᠬᠤ ᠬᠤᠷᠢᠶᠠᠨ ᠤ ᠱᠦᠵᠢ ᠪᠠᠷ ᠰᠣᠩᠭᠤᠭᠳᠠᠪᠠ᠃      4 ᠰᠠᠷ᠎ᠠ ᠶᠢᠨ 26 ᠤ ᠡᠳᠦᠷ   ᠬᠦᠨᠳᠣ ᠨᠦᠴᠢᠳᠡᠢ ᠬᠢᠷᠠᠭᠤ ᠤᠨᠠᠪᠠ᠃ ᠬᠠᠮᠤᠭ ᠲᠤᠤᠷ᠎ᠠ ᠠᠭᠠᠷ ᠤᠨ ᠳᠣᠯᠠᠭᠠᠨ ᠲᠡᠭ ᠠᠴᠠ ᠲᠤᠷᠣᠭᠰᠢ 2.7 ᠭᠷᠠᠳᠦ᠋ᠰ᠂ ᠬᠠᠮᠤᠭ ᠲᠤᠤᠷ᠎ᠠ ᠭᠠᠵᠠᠷ ᠤᠨ ᠭᠠᠳᠠᠷᠭᠤ ᠶᠢᠨ ᠲᠤᠯᠠᠭᠠᠨ ᠤ ᠬᠡᠮᠵᠢᠶ᠎ᠡ ᠲᠡᠭ ᠠᠴᠠ ᠲᠤᠷᠤᠭᠰᠢ 9.2 ᠭᠷᠠᠳᠦ᠋ᠰ ᠬᠦᠷᠪᠡ᠃      ᠲᠤᠰ ᠰᠠᠷ᠎ᠠ   ᠪᠦᠬᠦ ᠬᠤᠳᠠ ᠶᠢᠨ ᠡᠯ᠎ᠡ ᠲᠠᠷᠢᠶᠠᠯᠠᠩ ᠤᠨ ᠲᠠᠯᠠᠪᠠᠢ᠂ ᠦᠢᠯᠡᠳᠪᠦᠷᠢ ᠠᠭᠤᠷᠬᠠᠢ ᠶᠢᠨ ᠲᠠᠷ‍‌ᠵᠶᠠᠯᠠᠩ ᠤᠨ ᠲᠤᠰᠠᠯᠠᠬᠤ ᠰᠠᠭᠤᠷᠢᠨ ᠭᠠᠵᠠᠷ᠂ ᠰᠠᠭᠤᠭᠠᠯᠢ ᠠᠷᠠᠳ ᠤᠨ ᠬᠦᠷᠢᠶ᠎ᠡ ᠬᠠᠰᠢᠶᠠᠨ ᠳᠤ ᠶᠡᠭᠡ ᠬᠡᠮᠵᠢᠶ᠎ᠡ  ᠪᠠᠷ ᠦᠵᠦᠮ ᠲᠠᠷᠢᠵᠦ ᠡᠬᠢᠯᠡᠪᠡ᠂ ᠰᠢᠨ᠎ᠡ ᠪᠠᠷ ᠲᠠᠷᠢᠭᠰᠠᠨ ᠦᠵᠦᠮ 2700 ᠮᠤ᠋ ᠬᠦᠷᠪᠡ᠃      5 ᠰᠠᠷ᠎ᠠ ᠶᠢᠨ 19 ᠤ ᠡᠳᠦᠷ   ᠲᠤᠮᠳᠠᠳᠤ ᠤᠯᠤᠰ ᠤᠨ ᠠᠷᠠᠤᠡ ᠤᠨ ᠴ‍‌ᠵᠯᠤᠭᠡᠯᠠᠬᠦ ᠴᠡᠷ‍‌ᠵᠭ ᠤᠨ ᠦᠬᠠᠢ ᠬᠤᠳᠠ ᠶᠢᠨ ᠬᠤᠳᠠ ᠶᠢᠨ ᠬᠠᠷᠢᠶᠠᠲᠤ ᠲᠤᠭᠤᠷᠢᠭ ᠤᠨ ᠠᠷᠠᠳ ᠤᠨ ᠵᠡᠪᠰᠡᠭᠲᠦ ᠬᠡᠯᠳᠡᠰ ᠢ ᠣᠷᠣᠨ ᠨᠤᠳᠤᠭ ᠤᠨ ᠪᠠᠶᠢᠭᠤᠯᠤᠮᠵᠢ ᠪᠤᠯᠭᠠᠪᠠ᠃      5 ᠰᠠᠷ᠎ᠠ ᠶᠢᠨ 21 ᠤ ᠡᠳᠦᠷ   ᠦᠬᠠᠢ ᠬᠤᠳᠠ ᠶᠢᠨ ᠰᠢᠤᠳᠠᠨ ᠤ ᠶᠡᠷᠦᠩᠬᠡᠶᠢᠯᠡᠭᠰᠡᠨ ᠶᠡᠭᠡ ᠠᠰᠠᠷ ᠪᠠᠷᠢᠯᠭ᠎ᠠ ᠲᠡᠭᠦᠰᠪᠡ᠂ ᠪᠠᠷᠢᠯᠭ᠎ᠠ ᠲᠠᠯᠠᠪᠠᠢ 6000 ᠭᠠᠷᠣᠢ ᠲᠡᠭᠰᠢ ᠲᠦᠷᠪᠡᠯᠵᠢᠨ ᠮᠧᠲᠷ᠂ ᠲᠤᠲᠤᠷ᠎ᠠ ᠪᠠᠨ ᠶᠠᠫᠤᠨ  ᠠᠴᠠ ᠤᠷᠤᠭᠤᠯᠤᠭᠰᠠᠨ 5620 ᠨᠡᠭᠡᠯᠡᠭᠡᠢ ᠲᠠᠢ ᠠᠦ᠋ᠲ᠋ᠣ᠋ ᠰᠣᠯᠢᠯᠴᠠᠭᠤᠷ ᠮᠠᠰᠢᠨ ᠵᠢᠴᠢ ᠡᠯ᠎ᠡ ᠵᠦᠢᠯ ᠤᠨ ᠬᠡᠯᠪᠠᠷᠢ ᠮᠠᠶ᠋ᠢᠭ ᠤᠨ ᠠᠯᠣᠰ ᠤᠨ ᠤᠳᠠᠰᠣ ᠲᠠᠢ᠂ ᠷᠠᠳ᠋‍‌ᠵᠤ᠋ ᠬᠤᠯᠪᠤᠭᠠᠨ ᠤ ᠬᠠᠷᠢᠯᠴᠠᠭᠠᠨ ᠤ ᠲᠦᠬᠦᠭᠡᠷᠦᠮᠵᠢ ᠶᠢ ᠤᠭᠰᠠᠷᠠᠪᠠ᠃      ᠲᠤᠰ ᠰᠠᠷ᠎ᠠ   ᠲᠤᠮᠳᠠᠳᠤ ᠤᠯᠤᠰ ᠤᠨ ᠲᠠᠷ‍‌ᠵᠶᠠᠴ‍‌ᠵᠡ ᠠᠵ‍‌ᠵᠯᠴ‍‌ᠵᠡ ᠤ ᠠᠷᠠᠤᠠᠴ‍‌ᠵᠯᠠᠭᠰᠠᠡ ᠨᠠᠮ ᠤᠨ ᠦᠬᠠᠢ ᠬᠤᠳᠠ ᠶᠢᠨ ᠲᠤᠭᠤᠶᠢᠯᠠᠩ ᠪᠠᠶᠢᠭᠤᠯᠤᠭᠳᠠᠪᠠ᠃      6 ᠰᠠᠷ᠎ᠠ ᠶᠢᠨ 6 ᠤ ᠡᠳᠦᠷ   ᠦᠬᠠᠢ ᠬᠤᠳᠠ ᠶᠢᠨ ᠠᠵᠤ ᠦᠢᠯᠡᠳᠪᠦᠷᠢ ᠶᠢᠨ ᠰᠣᠷᠭᠠᠭᠤᠯᠢ ᠪᠠᠶᠢᠭᠤᠯᠤᠭᠳᠠᠪᠠ᠃      ▲ ᠦᠬᠠᠢ ᠬᠤᠳᠠ ᠶᠢᠨ ᠬᠤᠯᠢᠰᠢᠨ ᠢᠳᠡᠭᠡᠨ ᠤ ᠦᠷᠳᠡᠭᠡᠨ ᠤ ᠬᠦᠮᠦᠷᠭᠡ ᠳᠤ ᠭᠠᠯ ᠤᠨ ᠠᠶᠤᠯ ᠭᠠᠷᠴᠣ᠂ ᠪᠠᠷᠤᠭ 50 ᠲᠦᠮᠡᠨ ᠲᠦᠭᠦᠷᠢᠭ ᠤᠨ ᠵᠠᠭᠤᠭᠠᠳ ᠵᠦᠢᠯ ᠤᠨ ᠭᠤᠸᠠᠠᠲᠸᠤ᠂ ᠠᠷᠢᠬᠢ ᠬᠢᠬᠡᠳ ᠰᠤᠯᠨ ᠢᠳᠡᠭᠡᠨ ᠰᠢᠳᠠᠭᠳᠠᠨ ᠬᠦᠨᠲᠤ ᠨᠦᠴᠢᠳᠡᠢ ᠬᠤᠬᠢᠷᠠᠯ ᠤᠴᠠᠷᠠᠪᠠ᠃      ᠲᠤᠰ ᠰᠠᠷ᠎ᠠ   ᠲᠤᠮᠳᠠᠲᠤ ᠣᠯᠣᠰ ᠤᠨ ᠵ‍‌ᠵᠤᠰᠠᠡ ᠡᠷᠳᠠᠮ ᠰᠢᠠᠵᠢᠯᠠᠬᠡᠠ ᠤ ᠨᠠᠶᠢᠬᠡᠮᠯᠢᠭ ᠤᠨ ᠦᠬᠠᠢ ᠬᠤᠳᠠ  ᠶᠢᠨ ᠲᠤᠭᠤᠶᠢᠯᠠᠩ ᠪᠠᠶᠢᠭᠤᠯᠤᠭᠳᠠᠪᠠ᠃      7 ᠰᠠᠷ᠎ᠠ ᠶᠢᠨ 16 ᠤ ᠡᠳᠦᠷ   ᠬᠤᠳᠠ ᠶᠢᠨ ᠠᠵᠤ ᠦᠢᠯᠡᠳᠪᠦᠷᠢ ᠬᠤᠳᠠᠯᠳᠣᠭᠠᠨ ᠤ ᠲᠤᠪᠴᠢᠶ᠎ᠠ ᠬᠢᠭᠡᠳ ᠬᠤᠳᠠ ᠶᠢᠨ ᠭᠢᠵ‍‌ᠵᠭ ᠰᠠᠷᠭᠡᠶᠢᠯᠠᠬᠦ ᠤ‍‌ᠵᠷᠳᠡᠭᠡ ᠨᠢᠭᠡ ᠪᠦᠯᠦᠭ ᠲᠠᠯᠳᠠᠭᠤᠷ ᠠᠷᠠᠯᠵᠢᠶᠠᠯᠠᠭᠰᠠᠨ ᠬᠠᠭᠤᠴᠢᠨ ᠬᠤᠪᠴᠠᠰᠣ  ᠶᠢ ᠪᠠᠶᠢᠴᠠᠭᠠᠨ ᠭᠠᠷᠭᠠᠵᠤ᠂ ᠳᠦ᠋ᠬᠠᠶ ᠶᠢᠨ ᠭᠠᠵᠡᠷ ᠲᠤᠨᠢ ᠰᠢᠳᠠᠭᠠᠵᠤ ᠦᠬᠡᠶᠢᠰᠬᠡᠪᠡ᠃      7 ᠰᠠᠷ᠎ᠠ ᠶᠢᠨ 22 ~ 24 ᠤ ᠡᠳᠦᠷ   ᠦᠬᠠᠢ ᠬᠤᠳᠠ ᠶᠢᠨ ᠠᠩᠬᠠᠳᠣᠭᠠᠷ ᠬᠤᠭᠤᠴᠠᠭᠠᠨ ᠤ ᠪᠠᠭᠠᠴᠣᠳ  ᠤᠨ ᠬᠤᠰᠢᠭᠤᠴᠢ ᠠᠩᠬᠢ ᠪᠤᠯᠤᠨ ᠬᠠᠪᠰᠤᠷᠤᠨ ᠤᠳᠤᠷᠢᠳᠤᠭᠴᠢ ᠶᠢᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠣᠪᠠ᠂ ᠲᠤᠮᠳᠠᠲᠤ ᠤᠯᠤᠰ ᠤᠨ ᠪᠠᠭᠠᠴᠣᠳ ᠤᠨ ᠬᠤᠰᠢᠭᠤᠴᠢ ᠠᠩᠬᠢ ᠶᠢᠨ ᠦᠬᠠᠢ ᠬᠤᠳᠠ ᠶᠢᠨ ᠠᠵᠢᠯ ᠤᠨ ᠵᠦᠪᠯᠡᠯ ᠢ ᠰᠣᠩᠭᠤᠨ ᠭᠠᠷᠭᠠᠪᠠ᠃      7 ᠰᠠᠷ᠎ᠠ ᠶᠢᠨ 31 ᠤ ᠡᠳᠦᠷ   ᠦᠬᠠᠢ ᠬᠤᠳᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠭᠠᠯᠲᠤ ᠲᠡᠷᠭᠡᠨ  ᠳᠤ ᠲᠠᠭᠠᠷᠢᠭᠳᠠᠵᠤ ᠬᠤᠶᠠᠷ ᠬᠦᠯ ᠨᠢ ᠬᠤᠭᠤᠷᠠᠭᠰᠠᠨ 14 ᠨᠠᠰᠣᠳᠠᠢ ᠬᠡᠦᠭᠡᠳ ᠤᠨ ᠵᠡᠬᠦᠨ ᠬᠤᠭᠤᠷᠠᠭᠰᠠᠨ ᠭᠦᠯ  ᠳᠤ ᠲᠠᠬᠢᠨ ᠵᠠᠯᠭᠠᠬᠤ ᠮᠡᠰᠡ ᠵᠠᠰᠠᠯ ᠬᠢᠭᠡᠳ ᠠᠮᠵᠢᠯᠳᠠ ᠤᠯᠪᠠ᠃      ᠲᠤᠰ ᠰᠠᠷ᠎ᠠ   ᠦᠬᠠᠢ ᠬᠤᠳᠠ ᠶᠢᠨ ᠲᠠᠮᠢᠷᠴᠢᠨ ᠮᠠ ᠴᠣᠸᠠᠨ ᠵᠢᠶᠦ᠋ᠨ ᠦᠪᠡᠷᠳᠡᠭᠡᠨ ᠵᠠᠰᠠᠬᠤ ᠤᠷᠤᠨ ᠤ ᠵᠢᠷᠭᠤᠳᠤᠭᠠᠷ ᠬᠤᠭᠤᠴᠠᠭᠠᠨ ᠤ ᠪᠠᠶ᠎ᠡ ᠶᠢᠨ ᠲᠠᠮ‍‌ᠵᠷ ᠤᠨ ᠴᠤᠭᠯᠠᠭᠠᠡ ᠤ 400 ᠮᠧᠲᠷ ᠤᠨ ᠬᠡᠷᠡᠰᠬᠡ ᠬᠠᠷᠠᠶᠢᠯᠳᠠ  ᠶᠢᠨ ᠪᠡᠯᠡᠳᠬᠡᠯ ᠤᠷᠤᠯᠳᠤᠭᠠᠨ ᠳᠤ 54.9 ᠰᠧᠺᠦ᠋ᠨ᠋ᠳ᠋ ᠤᠨ ᠪᠦᠳᠦᠮᠵᠢ ᠪᠠᠷ ᠦᠪᠡᠷᠳᠡᠭᠡᠨ ᠵᠠᠰᠠᠬᠤ ᠤᠷᠤᠨ ᠤ 20 ᠵᠢᠯ ᠪᠠᠷᠢᠮᠳᠠᠯᠠᠭᠰᠠᠨ ᠲᠡᠮᠳᠡᠭᠯᠡᠯ ᠢ ᠡᠪᠳᠡᠪᠡ᠃      ▲ ᠦᠪᠡᠷᠳᠡᠭᠡᠨ ᠵᠠᠰᠠᠬᠤ ᠤᠷᠤᠨ ᠤ ᠬᠤᠯᠤᠭᠠᠨ᠎ᠠ ᠣᠰᠠᠳᠬᠠᠬᠤ ᠶᠢ ᠬᠢᠨᠠᠨ ᠲᠤᠭᠳᠠᠭᠠᠬᠤ ᠮᠡᠷᠭᠡᠵᠢᠯᠳᠡᠨ  ᠠᠴᠠ ᠦᠬᠠᠢ ᠬᠤᠳᠠ ᠶᠢᠨ ︽ᠨᠢᠭᠡ ᠯᠡ ᠲᠠᠶᠢᠨ ᠲᠤᠷ ᠪᠠᠷᠢᠮᠵᠢᠶ᠎ᠡ ᠳᠤ ᠬᠦᠷᠬᠦ︾ ᠬᠤᠯᠤᠭᠠᠨ᠎ᠠ ᠣᠰᠠᠳᠬᠠᠬᠤ ᠠᠵᠢᠯ  ᠳᠤ ᠬᠢᠨᠠᠨ ᠲᠤᠭᠳᠠᠭᠠᠯ ᠬᠢᠭᠡᠳ᠂ ᠦᠬᠠᠢ ᠬᠤᠳᠠ ᠶᠢ ᠬᠤᠯᠤᠭᠠᠨ᠎ᠠ ᠶᠢᠨ ᠠᠶᠤᠯ ᠦᠭᠡᠢ ᠬᠤᠳᠠ ᠪᠤᠯᠬᠤ ᠶᠢ ᠪᠠᠲᠤᠯᠠᠪᠠ᠃      8 ᠰᠠᠷ᠎ᠠ ᠶᠢᠨ 1 ᠤ ᠡᠳᠦᠷ   ᠲᠤᠮᠳᠠᠳᠤ ᠤᠯᠤᠰ ᠤᠨ ᠠᠷᠠᠤᠡ ᠤᠨ ᠴ‍‌ᠵᠯᠤᠭᠡᠯᠠᠬᠦ ᠴᠡᠷ‍‌ᠵᠭ ᠤᠨ ᠦᠪᠦᠷ ᠮᠤᠩᠭᠤᠯ ᠤᠨ ᠦᠬᠠᠢ ᠬᠤᠳᠠ ᠶᠢᠨ ᠴᠡᠷᠢᠭ ᠤᠨ ᠬᠤᠪᠢᠶᠠᠷᠢ ᠲᠤᠭᠤᠷᠢᠭ ᠪᠠᠶᠢᠭᠤᠯᠤᠭᠳᠠᠭᠰᠠᠨ ᠶᠡᠭᠡ ᠬᠤᠷᠠᠯᠳᠣᠪᠠ᠃ ᠰᠦᠩ ᠵᠢᠶᠠᠨ ᠵᠦᠩ ᠴᠡᠷᠢᠭ ᠤᠨ ᠬᠤᠪᠢᠶᠠᠷᠢ ᠲᠤᠭᠤᠷᠢᠭ ᠤᠨ ᠣᠯᠣᠰ ᠲᠦᠷᠦ ᠶᠢᠨ ᠬᠡᠰᠢᠭᠦᠨ ᠤ ᠲᠤᠰᠢᠶᠠᠯ ᠡᠭᠦᠷᠭᠡᠯᠡᠵᠦ᠂ ᠰᠢᠦᠸᠡᠢ ᠹᠦ᠋ ᠲᠡᠳ᠋ ᠺᠤᠮᠠᠨᠳᠠᠯᠠᠭᠴᠢ ᠶᠢᠨ ᠲᠤᠰᠢᠶᠠᠯ ᠢ ᠡᠭᠦᠷᠭᠡᠯᠡᠪᠡ᠃      ᠲᠤᠰ ᠰᠠᠷ᠎ᠠ   ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠡᠬᠢᠯᠡᠵᠦ ᠲᠠᠷᠬᠠᠭᠠᠪᠠ᠃      10 ᠰᠠᠷ᠎ᠠ ᠶᠢᠨ 18 ᠤ ᠡᠳᠦᠷ   ᠲᠤᠮᠳᠠᠳᠤ ᠤᠯᠤᠰ ᠤᠨ ᠠᠷᠠᠤᠠᠴ‍‌ᠵᠯᠠᠭᠰᠠᠡ ᠬᠤᠯᠪᠤᠭ᠎ᠠ ᠶᠢᠨ ᠦᠬᠠᠢ ᠬᠤᠳᠠ ᠶᠢᠨ ᠡᠭᠦᠷ ᠪᠠᠶᠢᠭᠤᠯᠤᠭᠳᠠᠪᠠ᠃      ᠲᠤᠰ ᠰᠠᠷ᠎ᠠ   ᠬᠠᠶᠢᠷᠣᠪ ᠤᠨ ᠲᠤᠬᠤᠢ ᠶᠢᠨ ᠱᠠᠬᠠᠢ ᠶᠢᠨ ᠦᠢᠯᠡᠳᠪᠦᠷᠢ ᠦᠢᠯᠡᠳᠪᠦᠷᠢᠯᠡᠭᠰᠡᠨ ᠢᠮᠠᠭᠠᠨ ᠨᠤᠤᠰᠣᠨ ᠴ‍‌ᠵᠷᠤᠬᠦᠯ ᠱᠠᠬᠠᠢ ᠨᠢ ᠦᠪᠡᠷᠳᠡᠭᠡᠨ ᠵᠠᠰᠠᠬᠤ ᠤᠷᠤᠨ ᠤ ᠰᠢᠯᠢᠳᠡᠭ ᠪᠦᠲᠦᠭᠡᠭᠳᠡᠭᠦᠨ ᠢᠶᠠᠷ ᠦᠨᠡᠯᠡᠭᠳᠡᠪᠡ᠃ ᠲᠤᠰ ᠪᠦᠲᠦᠭᠡᠭᠳᠡᠭᠦᠨ ᠠᠮᠧᠷᠢᠺᠠ᠂ ᠶᠠᠫᠣᠨ᠂ ᠠᠩᠭ᠍ᠯᠢ᠂ ᠢᠲ᠋ᠠᠯᠢ ᠵᠡᠷᠬᠡ ᠣᠯᠣᠰ ᠲᠤ ᠪᠤᠷᠤᠯᠠᠭᠤᠯᠤᠭᠳᠠᠪᠠ᠃      12 ᠰᠠᠷ᠎ᠠ ᠶᠢᠨ 26 ᠤ ᠡᠳᠦᠷ   ᠦᠬᠠᠢ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠨᠢᠭᠡᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠣᠪᠠ᠂ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠨᠢᠭᠡᠳᠦᠭᠡᠷ ᠬᠤᠭᠤᠴᠠᠭᠠᠨ ᠤ ᠵᠦᠪᠯᠡᠯ ᠤᠨ ᠭᠡᠰᠢᠭᠦᠳ ᠢ ᠰᠣᠩᠭᠤᠨ ᠭᠠᠷᠬᠠᠵᠤ᠂ ᠯᠢᠦ ᠬᠦᠢ ᠶᠢᠩ ᠶᠡᠷᠦᠩᠭᠡᠢ ᠡᠪᠯᠡᠯ  ᠤᠨ ᠲᠡᠷᠢᠬᠦᠯᠡᠭᠴᠢ ᠪᠠᠷ ᠰᠣᠩᠭᠤᠭᠳᠠᠪᠠ᠃      12 ᠰᠠᠷ᠎ᠠ ᠶᠢᠨ 312 ᠤ ᠡᠳᠦᠷ   ᠦᠬᠠᠢ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠪᠠᠶᠢᠭᠤᠯᠤᠭᠳᠠᠪᠠ᠃ ᠲᠤᠰ ᠬᠤᠷᠢᠶ᠎ᠠ ᠪᠤᠯ ᠣᠣᠯ ᠤᠨ ᠨᠢᠭᠡᠳᠦᠭᠡᠷ᠂ ᠬᠤᠶᠠᠳᠣᠭᠠᠷ ᠡᠮᠨᠡᠯᠭᠡ ᠶᠢᠨ ᠬᠤᠷᠢᠶ᠎ᠠ ᠨᠡᠶᠢᠯᠡᠵᠦ ᠪᠠᠶᠢᠭᠤᠯᠤᠭᠳᠠᠭᠰᠠᠨ ᠶᠤᠮ᠃      ᠲᠤᠰ ᠵᠢᠯ   ᠬᠤᠳᠠ ᠶᠢᠨ ᠵᠡᠬᠦᠨ ᠬᠡᠰᠡᠭ ᠤᠨ ᠵᠤᠰᠤᠲᠤ ᠶᠢᠨ ᠭᠤᠤᠯ ᠤᠨ ᠬᠠᠳᠠᠨ ᠵᠢᠷᠤᠭ ᠢ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠬᠠᠮᠠᠭᠠᠯᠠᠬᠤ ᠰᠤᠶᠤᠯ ᠤᠨ ᠲᠤᠷᠠᠰᠬᠠᠯᠳᠤ ᠵᠦᠢᠯ ᠬᠡᠵᠦ ᠲᠤᠭᠳᠠᠭᠠᠪᠠ᠃      ▲1978 ~ 1986 ᠣᠨ ᠤ ᠰᠡᠬᠦᠯᠴᠢ ᠪᠣᠯᠳᠠᠯ᠎ᠠ᠂ ᠪᠦᠬᠦ ᠬᠤᠳᠠ ᠶᠢᠨ 498 ᠨᠡᠷᠡᠰ ︽ᠰᠤᠶᠤᠯ ᠤᠨ ᠶᠡᠭᠡ ᠬᠤᠪᠢᠰᠬᠠᠯ︾ ᠤᠨ ᠲᠤᠮᠳᠠ ᠬᠡᠷᠡᠭ ᠳᠠᠩᠰᠠᠯᠠᠨ ᠬᠢᠨᠠᠯᠳᠠ ᠳᠤ ᠣᠷᠣᠭᠰᠠᠨ ᠺᠠᠳᠠᠷ ᠲᠤ ᠲᠠᠬᠢᠨ ᠪᠠᠶᠢᠴᠠᠭᠠᠯᠳᠠ ᠬᠢᠵᠦ᠂ 190 ᠭᠠᠷᠣᠢ ᠬᠢᠯᠢᠰ᠂ ᠬᠤᠳᠠᠯ᠂ ᠪᠤᠷᠤᠭᠤ ᠦᠯᠡᠳᠡᠭᠳᠡᠯ ᠬᠡᠷᠡᠭ ᠲᠤ ᠴᠠᠭᠠᠳᠬᠠᠯ ᠬᠢᠵᠦ᠂ 110 ᠲᠦᠮᠡᠨ ᠲᠦᠭᠦᠷᠢᠭ ᠤᠨ ᠠᠵᠤ ᠠᠬᠤᠢ ᠶᠢᠨ ᠬᠤᠬᠢᠷᠠᠯ ᠢ ᠨᠦᠬᠦᠪᠦᠷᠢᠯᠡᠵᠦ᠂ 300 ᠭᠠᠷᠣᠢ ᠨᠡᠷᠡᠰ ᠦᠷ᠎ᠡ ᠬᠡᠦᠭᠡᠳ ᠲᠤ ᠠᠵᠢᠯ ᠤᠯᠭᠤᠵᠤ᠂ 54 ᠨᠡᠷᠡᠰ ᠭᠡᠷ ᠪᠦᠯᠢ ᠵᠢᠴᠢ ᠦᠷ᠎ᠡ ᠬᠡᠦᠭᠡᠳ ᠤᠨ ᠡᠷᠦᠬᠡ ᠠᠮᠠ ᠶᠢ ᠲᠠᠷᠢᠶᠠᠯᠠᠩ ᠤᠨ ᠬᠢ  ᠠᠴᠠ ᠲᠠᠷᠢᠶᠠᠯᠠᠩ ᠤᠨ ᠪᠤᠰᠤ ᠪᠤᠯᠭᠠᠵᠤ᠂ 440 ᠭᠠᠷᠣᠢ ᠬᠤᠪᠢ ᠵᠡᠮᠳᠡᠭᠴᠣᠳ ᠤᠨ ᠦᠨᠡᠮᠯᠡᠯ ᠲᠠᠷᠬᠠᠭᠠᠪᠠ᠃      ▲1985 ᠤᠨ ᠤ ᠡᠬᠢᠨ ~ 1986 ᠤᠨ ᠤ ᠰᠡᠭᠦᠯᠴᠢ ᠪᠤᠯᠳᠠᠯ᠎ᠠ᠂ ᠪᠦᠬᠦ ᠬᠤᠳᠠ ᠲᠦᠪ ᠬᠤᠷᠢᠶᠠᠨ ᠤ ︽ᠦᠵᠡᠯ ᠰᠠᠨᠠᠭ᠎ᠠ ᠪᠠᠨ ᠨᠢᠭᠡᠳᠭᠡᠬᠦ᠂ ᠬᠡᠪ ᠰᠣᠷᠳᠠᠯ ᠢᠶᠠᠨ ᠴᠡᠭᠴᠡᠯᠡᠬᠦ᠂ ᠰᠠᠬᠢᠯᠭ᠎ᠠ ᠪᠠᠲᠤ ᠪᠠᠨ ᠴᠢᠩᠭᠠᠳᠬᠠᠬᠤ᠂ ᠵᠤᠬᠢᠶᠠᠨ ᠪᠠᠶᠢᠭᠤᠯᠤᠯᠳᠠ ᠪᠠᠨ ᠴᠡᠪᠡᠷᠰᠢᠬᠦᠯᠬᠦ︾ ᠱᠠᠭᠠᠷᠳᠠᠯᠭ᠎ᠠ ᠶᠤᠰᠤᠭᠠᠷ ᠨᠠᠮ ᠴᠡᠭᠴᠡᠯᠡᠬᠦ ᠠᠵᠢᠯ ᠢ ᠶᠠᠪᠤᠭᠳᠠᠭᠤᠯᠪᠠ᠃ ᠨᠠᠮ ᠴᠡᠭᠴᠡᠯᠡᠬᠦ ᠠᠵᠢᠯ ᠳᠤ 1146 ᠨᠠᠮ ᠤᠨ ᠡᠭᠦᠷ᠂ 12645 ᠨᠡᠷᠡᠰ ᠨᠠᠮ ᠤᠨ ᠬᠡᠰᠢᠬᠦᠨ ᠣᠷᠣᠯᠴᠠᠵᠤ᠂ ᠲᠤᠰ ᠲᠤᠰ 1985 ᠤᠨ ᠤ ᠨᠠᠮ ᠤᠨ ᠡᠭᠦᠷ ᠪᠤᠯᠤᠨ ᠨᠠᠮ ᠤᠨ ᠬᠡᠰᠢᠭᠦᠨ ᠤ ᠶᠡᠷᠦᠩᠬᠡᠢ ᠲᠤᠭᠠᠨ ᠤ 98.5 % ᠪᠠ 93.6% ᠶᠢ ᠡᠵᠡᠯᠡᠨ᠎ᠡ᠃      1987 ᠤᠨ      1 ᠰᠠᠷ᠎ᠠ ᠶᠢᠨ 22 ᠤᠨ ᠡᠳᠦᠷ   ᠦᠬᠠᠢ ᠬᠤᠳᠠ ᠶᠢᠨ ᠬᠢᠳᠠᠳ ᠮᠤᠩᠭᠤᠯ ᠡᠮᠨᠡᠯᠭᠡ ᠶᠢᠨ ᠬᠤᠷᠢᠶ᠎ᠠ ᠪᠠᠶᠢᠭᠤᠯᠤᠭᠳᠠᠪᠠ᠃      ▲ ᠦᠬᠠᠢ ᠬᠤᠳᠠ ᠶᠢᠨ ᠰᠦᠷ‍‌ᠵᠶ᠎ᠡ ᠡᠪᠠᠤᠠᠴ‍‌ᠵᠡ ᠰᠠᠷᠭᠡᠶᠢᠯᠠᠡ ᠵᠠᠰᠠᠬᠤ ᠭᠠᠵᠠᠷ ᠪᠠᠶᠢᠭᠤᠯᠤᠭᠳᠠᠪᠠ᠃      6 ᠰᠠᠷ᠎ᠠ ᠶᠢᠨ 17 ~ 7 ᠰᠠᠷ᠎ᠠ ᠶᠢᠨ 2 ᠤᠨ ᠡᠳᠦᠷ   ᠣᠯᠣᠰ ᠲᠦᠷᠦ ᠶᠢᠨ ᠵᠦᠪᠯᠡᠯᠭᠡᠨ ᠤ ᠤᠳᠠ ᠲᠤᠭᠤᠷᠢᠭ᠂ ᠬᠠᠶᠢᠷᠣᠪ ᠤᠨ ᠲᠤᠬᠤᠢ ᠲᠤᠭᠤᠷᠢᠭ᠂ ᠬᠠᠶᠢᠨᠠᠨ ᠲᠤᠭᠤᠷᠢᠭ ᠤᠨ ᠨᠢᠭᠡᠳᠦᠭᠡᠷ ᠬᠤᠭᠤᠴᠠᠭᠠᠨ ᠤ ᠵᠦᠪᠯᠡᠯ  ᠤᠨ ᠨᠢᠬᠡᠳᠦᠭᠡᠷ ᠣᠳᠠᠭᠠᠨ ᠤ ᠬᠤᠷᠠᠯᠳᠣᠭᠠᠨ ᠬᠢᠵᠦ᠂ ᠨᠢᠬᠡᠳᠦᠭᠡᠷ ᠬᠤᠭᠤᠴᠠᠭᠠᠨ ᠤ ᠵᠦᠪᠯᠡᠯ ᠤᠨ ᠪᠥᠷᠢᠯᠲᠦᠭᠦᠨ ᠢ ᠰᠣᠩᠭᠤᠨ ᠭᠠᠷᠭᠠᠪᠠ᠃ ᠯᠢ ᠶᠠᠨ ᠮᠢᠨ᠂ ᠯᠢᠦ ᠵᠧᠨ ᠶᠤᠤ᠂ ᠶᠠᠨ ᠹᠦ᠋ ᠵᠢᠦᠢ ᠲᠤᠰ ᠲᠤᠰ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠪᠠᠷ ᠰᠣᠩᠭᠤᠭᠳᠠᠪᠠ᠃      6 ᠰᠠᠷ᠎ᠠ ᠶᠢᠨ 18 ~ 7 ᠰᠠᠷ᠎ᠠ ᠶᠢᠨ 3 ᠤ ᠡᠳᠦᠷ  ᠣᠳᠠ ᠲᠤᠭᠤᠷᠢᠭ ᠤᠨ ᠲᠦᠷᠪᠡᠳᠦᠭᠡᠷ ᠬᠤᠭᠤᠴᠠᠭᠠᠨ  ᠤ᠂ ᠬᠠᠶᠢᠷᠣᠪ ᠤᠨ ᠲᠤᠬᠤᠢ ᠲᠤᠭᠤᠷᠢᠭ᠂ ᠬᠠᠶᠢᠨᠠᠨ ᠲᠤᠭᠤᠷᠢᠭ ᠤᠨ ᠭᠤᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯᠳᠣᠭᠠᠨ ᠬᠤᠷᠠᠯᠳᠣᠪᠠ᠃ ᠬᠤᠸᠠᠢ ᠰᠢᠩ ᠵᠢᠶᠠ᠂ ᠶᠢᠨ ᠽᠢ ᠰᠢᠦ᠂ ᠵᠤᠤ ᠪᠤᠤ ᠴᠧᠩ ᠲᠤᠰ ᠲᠤᠰ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠭᠳᠠᠵᠤ᠂ ᠭᠤᠤ ᠶᠢ᠂ ᠵᠠᠩ ᠱᠣ᠋ ᠬᠤᠩ᠂ ᠪᠢᠶᠧ ᠷᠧᠨ ᠹᠦ᠋ ᠲᠤᠰ ᠲᠤᠰ ᠲᠤᠭᠤᠷᠢᠭ ᠤᠨ ᠲᠠᠷᠤᠭ᠎ᠠ ᠪᠠᠷ ᠰᠤᠩᠭᠤᠭᠳᠠᠪᠠ᠃      7 ᠰᠠᠷ᠎ᠠ   ᠲᠤᠮᠳᠠᠳᠤ ᠤᠯᠤᠰ ᠤᠨ ᠠᠷᠠᠤᠠᠴ‍‌ᠵᠯᠠᠭᠰᠠᠡ ᠬᠤᠯᠪᠤᠭ᠎ᠠ ᠶᠢᠨ ᠦᠬᠠᠢ ᠶᠢᠨ ᠡᠭᠦᠷ ᠪᠠᠶᠢᠭᠤᠯᠤᠭᠳᠠᠪᠠ᠃      8 ᠰᠠᠷ᠎ᠠ ᠶᠢᠨ 14 ᠤ ᠡᠳᠦᠷ   ᠤᠳᠠ ᠲᠤᠭᠤᠷᠢᠭ ᠤᠨ ᠪᠠᠶᠠᠨᠰᠠᠶᠢᠨ ᠤ ᠵᠡᠭᠦᠨ ᠬᠤᠶᠢᠰᠢ ᠪᠠᠨ 6 ᠺᠢᠯᠤᠮᠧᠲᠷ ᠤᠨ ᠬᠠᠳᠤᠨ ᠭᠤᠤᠯ ᠤᠨ ᠪᠠᠷᠠᠭᠤᠨ ᠡᠷᠬᠢ ᠳᠠᠬᠢ ᠪᠠᠢ ᠨᠢ ᠭᠸᠤ ᠠᠴᠠ ᠨᠠᠮᠠ — ᠡᠷᠳᠡᠨ ᠤ ᠷᠤᠮᠪ ᠰᠢᠳᠦᠲᠦ ᠵᠠᠭᠠᠨ ᠤ ᠴᠢᠯᠠᠭᠤᠵᠢᠮᠠᠯ ᠢ ᠢᠯᠡᠷᠡᠭᠦᠯᠪᠡ᠃ ᠦᠪᠦᠷ ᠮᠤᠩᠭᠤᠯ ᠤᠨ ᠮᠦᠽᠧᠢ ᠶᠢᠨ ᠡᠷᠳᠡᠨ ᠤ ᠠᠮᠢᠲᠤ ᠪᠤᠳᠠᠰ ᠤᠨ ᠲᠤᠰᠬᠠᠢ ᠮᠡᠷᠭᠡᠵᠢᠯᠳᠡᠳ ᠤᠨ ᠲᠤᠳᠤᠯᠤᠭᠰᠠᠨ ᠢᠶᠠᠷ᠂ ᠲᠤᠰ ᠵᠠᠭᠠᠨ ᠪᠠᠷᠤᠭ ᠬᠠᠯᠠᠬᠤ ᠰᠢᠨ᠎ᠡ ᠥᠶ᠎ᠡ ᠶᠢᠨ ᠡᠬᠢᠨ᠂ ᠲᠤᠮᠳᠠ ᠦᠶ᠎ᠡ ᠪᠠᠷ ᠠᠮᠢᠳᠣᠷᠠᠵᠦ᠂ ᠣᠳᠣ ᠠᠴᠠ ᠪᠠᠷᠤᠭ 200 ᠲᠦᠮᠡᠨ ᠵᠢᠯ ᠤᠨ ᠡᠮᠦᠨ᠎ᠡ ᠪᠤᠯᠤᠨ᠎ᠠ᠃      8 ᠰᠠᠷ᠎ᠠ ᠶᠢᠨ 17 ᠤ ᠡᠳᠦᠷ   ᠣᠯᠣᠰ ᠠᠴᠠ ᠡᠷᠬᠢᠯᠡᠭᠰᠡᠨ ᠳ᠋ᠦᠩ ᠹᠧᠩ ᠲᠠᠷᠢᠶᠠᠯᠠᠩ ᠤᠨ ᠲᠠᠯᠠᠪᠠᠢ ᠮᠦᠨᠳᠦᠷ ᠤᠨ ᠭᠠᠮᠰᠢᠭ ᠲᠤ ᠣᠴᠠᠷᠠᠪᠠ᠃ 8 ᠮᠢᠨᠦ᠋ᠲ ᠤᠨ ᠮᠦᠨᠳᠦᠷ ᠪᠠᠭᠤᠵᠣ᠂ ᠬᠠᠮᠤᠭ ᠶᠡᠭᠡ ᠮᠦᠨᠳᠦᠷ ᠤᠨ ᠳ᠋ᠢᠶᠠᠮᠧᠲᠷ ᠨᠢ 15 ᠮᠢᠯᠢᠮᠧᠲᠷ ᠲᠤ ᠬᠦᠷᠪᠡ᠃ ᠮᠦᠨᠳᠦᠷ ᠤᠨ ᠲᠠᠷᠠᠭ᠎ᠠ ᠭᠠᠵᠠᠷ ᠲᠡᠭᠡᠷ᠎ᠡ 2 ᠰᠡᠨᠲ᠋ᠢᠮᠧᠲᠷ ᠵᠤᠵᠠᠭᠠᠨ ᠮᠦᠨᠳᠦᠷ ᠬᠤᠷᠠᠵᠤ᠂ ᠢᠳᠡᠰᠢᠨ ᠨᠤᠭᠤᠭ᠎ᠠ ᠪᠤᠯᠤᠨ ᠲᠠᠷᠢᠶᠠᠨ ᠤ ᠲᠠᠷᠢᠮᠠᠯ ᠤᠨ ᠭᠠᠮᠰᠢᠭᠳᠠᠭᠰᠠᠨ ᠲᠠᠯᠠᠪᠠᠢ ᠨᠢ 1700 ᠮᠤ᠋ ᠪᠤᠯᠤᠨ᠎ᠠ᠃      9 ᠰᠠᠷ᠎ᠠ ᠶᠢᠨ 22 ~ 24 ᠤ ᠡᠳᠦᠷ   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠤᠨ ᠵᠦᠪᠯᠡᠯ ᠠᠴᠠ ᠡᠷᠭᠢᠯᠡᠵᠦ᠂ ᠪᠡᠭᠡᠵᠢᠩ᠂ ᠾᠧᠪᠸᠢ᠂ ᠰᠢᠨᠵᠢᠶᠠᠩ ᠵᠢᠴᠢ ᠦᠪᠦᠷ ᠮᠤᠩᠭᠤᠯ ᠤᠨ ᠰᠢᠨᠵᠢᠯᠡᠬᠦ ᠤᠬᠠᠭᠠᠨ ᠤ ᠰᠤᠳᠤᠯᠤᠯᠲᠠ ᠶᠢᠨ ᠨᠢᠭᠡᠴᠢ ᠶᠢᠨ ᠲᠤᠰᠬᠠᠢ ᠡᠷᠳᠡᠮᠳᠡᠨ ᠨᠠᠷ ᠤᠨ ᠤᠷᠤᠯᠴᠠᠭᠰᠠᠨ ︽ᠦᠪᠦᠷ ᠮᠤᠩᠭᠤᠯ ᠤᠨ ᠦᠬᠠᠢ ᠶᠢᠨ ᠦᠵᠦᠮ ᠤᠨ ᠬᠠᠳᠠᠭᠠᠮᠠᠯ ᠦᠢᠯᠡᠳᠪᠦᠷᠢᠯᠡᠬᠦ ᠰᠭᠤᠷᠢᠨ ᠭᠠᠵᠠᠷ ᠤᠨ ᠨᠤᠲᠠᠯᠠᠯᠲᠠ ᠶᠢᠨ ᠬᠤᠷᠠᠯ︾ ᠬᠠᠶᠢᠷᠣᠪ ᠤᠨ ᠲᠤᠬᠤᠢ ᠳᠤ ᠬᠤᠷᠠᠯᠳᠣᠪᠠ᠃      11 ᠰᠠᠷ᠎ᠠ ᠶᠢᠨ 28 ᠤ ᠡᠳᠦᠷ   ᠶᠡᠫᠣᠨ ᠤ ᠹᠦᠺᠦ᠋ ᠮᠠᠰᠠ ᠬᠢᠵᠠᠭᠠᠷᠲᠤ ᠺᠣᠮᠫᠠᠨᠢ ᠶᠢᠨ ᠹᠦᠺᠦ᠋ᠶ᠋ᠢ ᠰᠢᠨᠦ᠋ᠪᠦ᠋ ᠵᠡᠷᠭᠡ 4 ᠬᠦᠮᠦᠨ ᠦᠪᠡᠷᠳᠡᠭᠡᠨ ᠵᠠᠰᠠᠬᠤ ᠤᠷᠤᠨ ᠤ ᠬᠢᠮᠢ ᠶᠢᠨ ᠠᠵᠤ ᠦᠢᠯᠡᠳᠪᠦᠷᠢ ᠶᠢᠨ ᠲᠢᠩᠬᠢᠮ ᠤᠨ ᠲᠡᠳ᠋ ᠲᠢᠩᠬᠢᠮ ᠤᠨ ᠲᠠᠷᠤᠭ᠎ᠠ ᠯᠢᠶᠠᠩ ᠮᠠᠨ ᠴᠣᠣ ᠵᠡᠷᠭᠡ ᠬᠦᠮᠦᠰ ᠤᠨ ᠪᠠᠷᠠᠳᠤᠯᠭ᠎ᠠ ᠲᠤᠤᠷ᠎ᠠ᠂ ᠦᠬᠠᠢ ᠶᠢᠨ ᠬᠢᠮᠢ ᠶᠢᠨ ᠠᠵᠤ ᠦᠢᠯᠡᠳᠪᠦᠷᠢ᠂ ᠤᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ ᠤ ᠰᠤᠬᠠᠶᠢᠲᠤ ᠨᠡᠭᠦᠷᠡᠰᠦᠨ ᠠᠭᠤᠷᠬᠠᠢ ᠶᠢᠨ ᠨᠡᠭᠦᠷᠡᠰᠦ ᠤᠬᠢᠶᠠᠬᠤ ᠦᠢᠯᠡᠳᠪᠦᠷᠢ᠂ ᠪᠤᠭᠤᠳᠤ ᠶᠢᠨ ᠪᠤᠯᠤᠤᠡ ᠲᠠᠮᠤᠷ ᠤᠨ ᠤ‍‌ᠵ‍‌ᠵᠯᠠᠤᠠᠪᠤᠷᠢ ᠶᠢᠨ ᠴᠤᠬᠤᠢ ᠶᠢᠨ ᠴ‍‌ᠵᠯᠠᠭᠤᠡ ᠠᠭᠤᠷᠬᠠᠢ ᠵᠡᠷᠭᠡ ᠳᠤ ᠪᠠᠶᠢᠴᠠᠭᠠᠯᠳᠠ ᠬᠢᠪᠡ᠃      12 ᠰᠠᠷ᠎ᠠ ᠶᠢᠨ 1 ᠤ ᠡᠳᠦᠷ  ᠦᠬᠠᠢ ᠬᠤᠳᠠ ᠶᠢᠨ ᠬᠥᠬᠦᠨ ᠪᠤᠯᠴᠢᠷᠬᠠᠢ ᠶᠢᠨ ᠦᠮᠡᠨ ᠤ ︽ᠭᠤᠷᠪᠠᠨ ᠤᠷᠢᠳᠠᠪᠡᠷ︾ ︵ᠤᠷᠢᠳᠠᠪᠠᠷ ᠢᠯᠡᠷᠡᠭᠦᠯᠬᠦ᠂ ᠣᠷᠢᠳᠠᠪᠠᠷ ᠲᠤᠳᠤᠯᠠᠬᠤ᠂ ᠤᠷᠢᠳᠠᠪᠡᠷ ᠡᠮᠨᠡᠬᠦ︶ ᠢ ᠨᠡᠶᠢᠳᠡᠮ ᠪᠠᠶᠢᠴᠠᠭᠠᠨ ᠰ‍‌ᠵᠠᠵ‍‌ᠵᠯᠠᠬᠦ ᠣᠬᠠᠭᠠᠨᠴᠢ ᠪᠠᠷ ᠰᠣᠳᠣᠯᠵᠣ ᠰᠡᠷᠭᠡᠶᠢᠯᠡᠬᠦ ᠲᠤᠭᠤ‍‌ᠵ‍‌ᠵᠯᠠᠩ ᠢ ᠪᠠᠶᠢᠭᠤᠯᠵᠤ᠂ ᠪᠦᠬᠦ ᠬᠤᠳᠠ ᠶᠢᠨ 25 ~ 55 ᠨᠠᠰᠣᠨ ᠤ 7 ᠲᠦᠮᠡ ᠭᠠᠷᠣᠢ ᠡᠮᠡᠭᠳᠡᠶᠢᠴᠣᠳ ᠲᠤ ᠰᠢᠰᠲ᠋ᠧᠮ ᠲᠠᠢ ᠨᠡᠶᠢᠳᠡᠮ ᠪᠠᠶᠢᠴᠠᠭᠠᠯᠳᠠ ᠬᠢᠪᠡ᠃      ᠲᠤᠰ ᠰᠠᠷ᠎ᠠ  ᠲᠤᠮᠳᠠᠳᠤ ᠤᠯᠤᠰ ᠤᠨ ᠭᠤᠮ‍‌ᠵᠠᠳᠠᠩ ᠨᠠᠮ ᠤᠨ ᠬᠤᠪᠢᠰᠬᠠᠯ ᠤᠨ ᠵᠦᠪᠯᠠᠯ ᠤᠨ ᠦᠬᠠᠢ ᠶᠢᠨ ᠡᠭᠦᠷ ᠪᠠᠶᠢᠭᠤᠯᠤᠭᠳᠠᠪᠠ᠃      ᠲᠤᠰ ᠵᠢᠯ   ᠪᠠᠷᠠᠭᠤᠨ ᠤᠷᠠᠨ ᠲᠦᠰᠢ ᠠᠭᠤᠯᠠᠨ ᠤ ᠱᠦᠢᠨᠢ ᠶᠢᠨ ᠦᠢᠯᠡᠳᠪᠦᠷᠢ ᠶᠢᠨ ᠦᠢᠯᠡᠳᠪᠦᠷᠢᠯᠡᠭᠰᠡᠨ ︽ᠲᠠᠯ᠎ᠠ ᠨᠤᠳᠤᠭ ᠲᠡᠮᠳᠡᠭᠲᠦ︾ 525#R ᠬᠡᠯᠪᠡᠷᠢ ᠶᠢᠨ ᠡᠩ ᠤᠨ  ᠴᠠᠬᠢᠭᠤᠷ ᠬᠦᠴᠢᠯ ᠤᠨ ᠳᠠᠪᠤᠰᠤᠲᠤ ᠱᠦᠢᠨᠢ ᠣᠯᠣᠰ ᠤᠨ ᠪᠠᠷᠢᠯᠭ᠎ᠠ ᠶᠢᠨ ᠮᠠᠲ᠋ᠧᠷᠢᠶᠠᠯ ᠤᠨ ᠲᠤᠪᠴᠢᠶᠠᠨ ᠤ ᠰᠢᠯᠢᠳᠡᠭ ᠦᠢᠯᠡᠳᠭᠦᠨ ᠤ ᠴᠣᠯᠠ ᠶᠢ ᠬᠦᠷᠳᠡᠪᠡ᠃      ▲ ᠴᠡᠭᠡᠯ ᠠᠭᠤᠯᠠᠨ ᠤ ᠪᠤᠯᠤᠳ ᠲᠡᠮᠦᠷ ᠤᠨ ᠦᠢᠯᠡᠳᠪᠦᠷᠢ ᠶᠢᠨ ᠦᠢᠯᠡᠳᠪᠦᠷᠢᠯᠡᠭᠰᠡᠨ ︽ᠴᠡᠭᠡᠯ ᠠᠭᠤᠯᠠ ᠲᠡᠮᠳᠡᠭᠲᠦ︾ ᠴᠢᠳᠬᠤᠮᠠᠯ ᠰᠢᠷᠠᠮᠤ᠂ ᠬᠤᠳᠠ ᠶᠢᠨ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠭᠰᠡᠨ ︽ᠲᠢᠶᠠᠨ ᠬᠤ᠋ ᠲᠡᠮᠳᠡᠭᠲᠤ︾ ᠠᠵᠤ ᠦᠢᠯᠡᠳᠪᠦᠷᠢ ᠶᠢᠨ ᠬᠦᠬᠦᠷᠲᠦ ᠱᠦᠯᠲᠦ ᠪᠤᠯᠤᠨ ᠴᠠᠭᠠᠨ ᠨᠡᠭᠦᠷᠡᠰᠦᠨ ᠬᠠᠷ᠎ᠠ᠂ ᠤᠳᠠ ᠲᠤᠭᠤᠷᠢᠭ ᠤᠨ ᠨᠢᠭᠡᠳᠦᠭᠡᠷ ᠬᠤᠪᠴᠠᠰᠣᠨ ᠦᠢᠯᠡᠳᠪᠦᠷᠢ ᠶᠢᠨ ᠦᠢᠯᠡᠳᠪᠦᠷᠢᠯᠡᠭᠰᠡᠨ ︽ᠸᠧᠢ ᠬᠤᠸᠠ ᠲᠡᠮᠳᠡᠭᠲᠤ︾ ᠡᠷᠡᠭᠳᠡᠢ ᠶᠢᠨ ᠬᠠᠳᠠᠭᠤ ᠵᠠᠭᠠᠮ᠎ᠠ ᠲᠠᠢ ᠲᠤᠳᠤᠷ ᠬᠤᠪᠴᠠᠰᠤ ᠵᠡᠷᠭᠡ ᠨᠢ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠵᠦᠪᠯᠡᠯ ᠤᠨ ᠦᠪᠡᠷᠳᠡᠭᠡᠨ ᠵᠠᠰᠠᠬᠤ ᠤᠷᠤᠨ ᠤ ᠰᠢᠯᠢᠳᠡᠭ ᠦᠢᠯᠡᠳᠭᠦᠨ ᠢᠶᠠᠷ ᠬᠦᠬᠢᠭᠦᠯᠦᠭᠳᠡᠪᠡ᠃      ▲ ᠦᠬᠠᠢ ᠬᠤᠳᠠ ︽ᠭᠤᠷᠪᠠᠨ ᠵᠦᠢᠯ ᠤᠨ ᠬᠦᠮᠦᠨ︾ ︵ᠣᠷᠪᠠᠯᠭ᠎ᠠ ᠪᠠᠷ ᠪᠠᠶᠠᠵᠢᠭᠰᠠᠨ ᠬᠦᠮᠦᠨ᠂ ᠠᠶᠢᠮᠠᠭ ᠪᠦᠯᠣᠭ᠌ ᠤᠨ ᠦᠵᠠᠯ ᠰᠠᠨᠠᠭ᠎ᠠ ᠬᠦᠨᠲᠦ ᠨᠤᠴᠢᠳᠠᠢ ᠬᠦᠮᠦᠨ᠂ ᠴᠣᠬᠢᠵᠤ᠂ ᠪᠠᠯᠪᠠᠴᠢᠵᠤ᠂ ᠪᠤᠯᠢᠶᠠᠭᠰᠠᠨ ᠬᠦᠮᠦᠨ︶ ᠢ ᠢᠯᠭᠠᠷᠠᠭᠤᠯᠣᠠ ᠪᠠᠶᠢᠴᠠᠭᠠᠬᠤ ᠠᠵᠢᠯ ᠲᠠᠭᠤᠰᠪᠠ᠃ 1984 ᠤᠨ ᠤ ᠲᠡᠭᠡᠷ᠎ᠡ ᠬᠠᠭᠠᠰ ᠵᠢᠯ ᠠᠴᠠ ᠡᠬᠢᠯᠡᠵᠦ᠂ ᠬᠤᠶᠠᠷ ᠵᠢᠯ ᠭᠠᠷᠣᠢ ᠶᠢᠨ ᠴᠠᠭ ᠢ ᠬᠡᠷᠡᠭᠰᠡᠵᠦ᠂ ᠤᠤᠯ ᠤᠨ ᠤᠳᠠ ᠬᠤᠳᠠ᠂ ᠬᠠᠶᠢᠷᠣᠪ ᠤᠨ ᠲᠤᠬᠤᠢ ᠬᠤᠳᠠ ᠶᠢᠨ ︽ᠰᠤᠶᠤᠯ  ᠤᠨ ᠶᠡᠭᠡ ᠬᠤᠪᠢᠰᠬᠠᠯ︾ ᠤᠨ ᠲᠤᠮᠳᠠ ᠡᠭᠦᠰᠦᠭᠰᠡᠨ ᠲᠤᠮᠤ ᠬᠡᠷᠡᠭ ᠲᠤ ᠢᠯᠭᠠᠷᠠᠭᠤᠯᠤᠨ ᠪᠠᠶᠢᠴᠠᠭᠠᠯᠳᠠ ᠬᠢᠵᠦ᠂ ︽ᠭᠤᠷᠪᠠᠨ ᠵᠦᠢᠯ ᠤᠨ ᠬᠦᠮᠦᠨ︾ ᠬᠢᠭᠡᠳ ᠬᠦᠨᠲᠤ ᠨᠤᠴᠢᠳᠠᠢ ᠠᠯᠳᠠᠭ᠎ᠠ ᠭᠠᠷᠭᠠᠭᠰᠠᠨ ᠬᠦᠮᠦᠰ ᠲᠤ ᠲᠦᠷᠦ ᠶᠢᠨ ᠪᠤᠳᠤᠯᠭ᠎ᠠ ᠶᠢᠨ ᠶᠤᠰᠣᠭᠠᠷ ᠲᠤᠰ ᠲᠤᠰ ᠰᠢᠢᠳᠪᠦᠷᠢ ᠦᠭᠪᠡ᠃      1988 ᠣᠨ      1 ᠰᠠᠷ᠎ᠠ ᠶᠢᠨ 18 ᠤ ᠡᠳᠦᠷ   ᠲᠦᠷᠦ ᠶᠢᠨ ᠶᠠᠪᠤᠳᠠᠯ ᠤᠨ ᠬᠤᠷᠢᠶᠠᠨ ᠠᠴᠠ ᠦᠬᠠᠢ ᠬᠤᠳᠠ ᠠᠵᠤ ᠠᠬᠤᠢ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠲᠤᠷᠰᠢᠯᠳᠠ ᠬᠢᠬᠦ ᠶᠢ ᠵᠦᠪᠰᠢᠶᠡᠷᠡᠪᠡ᠃      ᠲᠤᠰ ᠰᠠᠷ᠎ᠠ  ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠫᠸᠢ ᠶᠢᠩ ᠡᠣ ᠦᠬᠠᠢ  ᠬᠤᠲᠠᠨ ᠳᠤ ᠢᠷᠡᠵᠦ᠂ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠳᠡ ᠶᠢᠨ ᠣᠷᠣᠨ ᠪᠠᠶᠢᠭᠤᠯᠬᠤ ᠤᠴᠢᠷ ᠲᠤ ᠰᠢᠨᠵᠢᠯᠡᠨ ᠰᠣᠳᠣᠯᠣᠯᠳᠠ ᠬᠢᠪᠡ᠃      4 ᠰᠠᠷ᠎ᠠ ᠶᠢᠨ 2 ᠤᠨ ᠡᠳᠦᠷ  ᠬᠤᠳᠠ ᠶᠢᠨ ᠵᠠᠰᠠᠭ ᠤᠨ ᠣᠷᠳᠣᠨ ᠠᠴᠠ ︽ᠴᠢᠯᠦᠭᠡᠲᠡᠢ ᠶᠠᠪᠤᠯᠴᠠᠬᠤ ᠲᠤᠬᠠᠢ ᠲᠤᠭᠳᠠᠭᠠᠯ ᠤᠳ︾ ᠢ ᠲᠤᠭᠳᠠᠭᠠᠨ ᠲᠠᠷᠬᠠᠭᠠᠵᠦ᠂ ᠲᠤᠲᠤᠷ ᠤᠷᠤᠨ ᠠᠴᠠ ᠨᠡᠩ ᠴᠢᠯᠦᠭᠡᠲᠡᠢ ᠲᠦᠷᠦ ᠶᠢᠨ ᠪᠤᠳᠤᠯᠭ᠎ᠠ ᠶᠢ ᠭᠡᠷᠡᠭᠵᠢᠭᠦᠯᠪᠡ᠃      ᠲᠤᠰ ᠰᠠᠷ᠎ᠠ   ᠦᠬᠠᠢ ᠬᠤᠳᠠ ᠶᠢᠨ ᠠᠩᠬᠠᠳᠠᠭᠴᠢ ᠵᠢᠭᠤᠯᠴᠢᠯᠠᠯ ᠤᠨ ᠣᠷᠣᠨ — ᠯᠢ ᠬᠤᠸᠠ ᠵᠦᠩ ᠲᠠᠨ ᠢ ᠵᠤᠭᠠᠴᠠᠭᠴᠢᠳ ᠲᠤ ᠨᠡᠭᠡᠭᠡᠪᠡ᠃      5 ᠰᠠᠷ᠎ᠠ ᠶᠢᠨ 7 ᠤ ᠡᠳᠦᠷ   ᠦᠬᠠᠢ ᠬᠤᠳᠠ ᠦᠪᠡᠷᠳᠡᠭᠡᠨ ᠵᠠᠰᠠᠬᠤ ᠤᠷᠤᠨ ᠤ ᠠᠩᠬᠠᠳᠠᠭᠴᠢ ᠪᠦᠯᠦᠭ  ᠤᠨ ᠭᠡᠷ ᠰᠠᠭᠤᠴᠠ ᠶᠢᠨ ᠦᠭᠡᠷᠡᠴᠢᠯᠡᠯᠲᠠ ᠶᠢᠨ ᠠᠵᠢᠯ ᠢ ᠦᠷᠨᠢᠬᠦᠯᠬᠦ ᠬᠤᠳᠠ ᠪᠤᠯᠤᠭᠰᠠᠨ ᠪᠠᠶᠢᠨ᠎ᠠ᠃      6 ᠰᠠᠷ᠎ᠠ ᠶᠢᠨ 9 ᠤ ᠡᠳᠦᠷ  ᠬᠤᠳᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠬᠡ ᠶᠢᠨ ᠬᠤᠷ‍‌ᠵᠶ᠎ᠡ 80 ᠨᠠᠰᠣᠳᠠᠢ ᠬᠦᠭᠰᠢᠨ ᠤ 30 ᠵᠢᠩ ᠤᠨ ᠦᠠᠳᠠᠬᠡᠪᠴᠢ ᠶᠢᠨ ᠬᠠᠪᠤᠳᠠᠷ ᠢ ᠮᠡᠰᠡ ᠵᠠᠰᠠᠯ ᠬᠢᠵᠦ ᠤᠭᠲᠤᠯᠵᠤ ᠬᠠᠶᠠᠪᠠ᠃      7 ᠰᠠᠷ᠎ᠠ ᠶᠢᠨ 1 ᠤ ᠡᠳᠦᠷ  ︽ᠠᠷᠠᠳ ᠤᠨ ᠡᠳᠦᠷ ᠤᠨ ᠰᠤᠨᠢᠨ︾ ︽ᠠᠵᠤ ᠠᠬᠤᠢ ᠶᠢᠨ ᠯᠠᠪᠯᠠᠯᠳᠠ ᠶᠢᠨ ᠰᠣᠨᠢᠨ︾ ︽ᠲᠡᠯᠡᠬᠡᠢ ᠶᠢᠨ ᠠᠵᠤ ᠠᠬᠤᠢ ᠶᠢᠨ ᠣᠳᠣᠷᠢᠳᠣᠮᠵᠢ ᠰᠣᠨᠢᠨ︾ ︽ᠭᠤᠸᠠᠩ ᠮᠢᠩ ᠡᠳᠦᠷ ᠤᠨ ᠰᠣᠨᠢᠨ︾ ︽ᠬᠠᠭᠠᠰ ᠰᠠᠷ᠎ᠠ ᠶᠢᠨ ᠶᠠᠷᠢᠯᠴᠠᠭ᠎ᠠ︾ ᠰᠡᠳᠭᠦᠯ᠂ ︽ᠪᠠᠷᠠᠭᠠᠯᠠᠯ︾ ᠭᠠᠷᠠᠭ ᠤᠨ ᠰᠡᠳᠭᠦᠯ᠂ ︽ᠲᠤᠮᠳᠠᠲᠤ ᠣᠯᠣᠰ ᠤᠨ ᠡᠳᠦᠷ ᠤᠨ ᠰᠣᠨᠢᠨ︾ ︽ᠠᠵᠤ ᠠᠬᠤᠢ ᠶᠢᠨ ᠡᠳᠦᠷ ᠤᠨ ᠰᠣᠨᠢᠨ︾ ︽ᠪᠡᠭᠡᠵᠢᠩ ᠤᠨ ᠭᠠᠷᠠᠭ ᠤᠨ ᠰᠣᠨᠢᠨ︾ ᠵᠡᠷᠭᠡ ᠰᠣᠨᠢᠨ ᠮᠡᠳᠡᠭᠡᠨ ᠤ ᠨᠢᠭᠡᠴᠢ ᠪᠠᠷ ᠪᠦᠷᠢᠯᠳᠦᠭᠰᠡᠨ ᠨᠡᠶᠢᠰᠯᠡᠯ ᠤᠨ ᠰᠣᠨᠢᠨ ᠮᠡᠳᠡᠭᠡᠨ ᠤ ᠰᠣᠷᠪᠣᠯᠵᠢᠯᠠᠭᠴᠢ ᠶᠢᠨ ᠰᠣᠷᠪᠤᠯᠵᠢᠯᠠᠬᠤ ᠪᠦᠯᠬᠦᠮ ᠤᠨ 10 ᠬᠦᠮᠦᠨ ᠦᠬᠠᠢ ᠳᠤ ᠢᠷᠡᠵᠦ᠂ 45 ᠡᠳᠦᠷ ᠤᠨ ᠰᠤᠷᠪᠤᠯᠵᠢᠯᠭ᠎ᠠ ᠬᠢᠪᠡ᠃      7 ᠰᠠᠷ᠎ᠠ ᠶᠢᠨ 16 ᠤ ᠡᠳᠦᠷ   ᠲᠤᠮᠳᠠᠲᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷᠢᠶᠠᠨ ᠤ ᠱᠦᠵᠢ ᠸᠠᠩ ᠴᠢᠶᠦ᠋ᠨ᠂ ᠲᠡᠳ᠋ ᠱᠦᠵᠢ ᠴᠢᠶᠠᠨ ᠹᠧᠨ ᠶᠦᠩ ᠦᠬᠠᠢ  ᠳᠤ ᠢᠷᠡᠵᠦ ᠠᠵᠢᠯ ᠪᠠᠶᠢᠴᠠᠭᠠᠪᠠ᠃      8 ᠰᠠᠷ᠎ᠠ ᠶᠢᠨ 3 ~ 5 ᠤ ᠡᠳᠦᠷ   ᠭᠢᠷᠢᠨ ᠮᠤᠵᠢ ᠶᠢᠨ ᠶᠠᠡ ᠪᠢᠶᠠᠡ ᠤ ᠰᠤᠯᠤᠩᠭᠤᠰ ᠤ‍‌ᠵᠠᠳᠤᠰᠤᠳᠠᠡ ᠤ ᠤ‍‌ᠵᠪᠠᠷᠳᠠᠭᠡᠡ ᠵᠠᠰᠠᠬᠤ ᠵᠸᠤ ᠶᠢᠨ 7 ᠬᠦᠮᠦᠨ ᠤ ᠪᠠᠶᠢᠴᠠᠭᠠᠯᠳᠠ ᠶᠢᠨ ᠪᠦᠯᠬᠦᠮ ᠦᠬᠠᠢ ᠳᠤ ᠢᠷᠡᠵᠦ ᠪᠠᠶᠢᠴᠠᠭᠠᠯᠳᠠ ᠬᠢᠪᠡ᠃      8 ᠰᠠᠷ᠎ᠠ ᠶᠢᠨ 25 ᠤ ᠡᠳᠦᠷ   ᠵᠠᠮ ᠬᠠᠷᠢᠯᠴᠠᠭᠠᠨ ᠤ ᠶᠠᠮᠤᠨ ᠤ ᠨᠢᠭᠡᠳᠦᠭᠡᠷ ᠵᠠᠰᠠᠮᠠᠯ ᠵᠠᠮ ᠤᠨ ᠪᠠᠷᠢᠯᠭ᠎ᠠ  ᠶᠢᠨ ᠶᠡᠷᠦᠩᠭᠡᠢ ᠺᠤᠮᠫᠠᠨᠢ ᠶᠢᠨ ᠲᠦᠷᠪᠡᠳᠦᠭᠡᠷ ᠪᠠᠷᠢᠯᠭ᠎ᠠ ᠶᠢᠨ ᠺᠤᠮᠫᠠᠨᠢ ᠠᠴᠠ ᠲᠠᠭᠠᠭᠠᠴᠢᠯᠠᠨ ᠪᠠᠶᠢᠭᠤᠯᠤᠭᠰᠠᠨ ᠦᠬᠠᠢ  ᠶᠢᠨ ᠬᠠᠳᠤᠨ ᠭᠤᠤᠯ ᠤᠨ ᠵᠠᠰᠠᠮᠠᠯ ᠵᠠᠮ ᠤᠨ ᠬᠦᠬᠦᠷᠭᠡ ᠶᠢᠨ ᠪᠠᠷᠢᠯᠭ᠎ᠠ ᠶᠢᠨ ᠠᠵᠢᠯ ᠲᠠᠭᠤᠰᠪᠠ᠃ ᠲᠤᠰ ᠬᠦᠬᠦᠷᠭᠡ ᠪᠤᠯ ᠪᠡᠯᠡᠳᠬᠡᠯ ᠬᠤᠪᠢᠷᠠᠭᠠᠭᠳᠠᠯ ᠤᠨ ᠬᠦᠴᠦᠯᠡᠴᠡᠳᠣ ᠬᠦᠨᠳᠡᠢ ᠪᠦᠲᠦᠴᠡ ᠲᠠᠢ ᠦᠷᠭᠦᠯᠵᠢᠯᠡᠭᠰᠡᠨ ᠪᠤᠯᠤᠳ ᠪᠧᠲ᠋ᠣᠨ ᠵᠠᠰᠠᠮᠠᠯ ᠵᠠᠮ ᠤᠨ ᠬᠦᠭᠦᠷᠭᠡ ᠪᠤᠯᠬᠤ ᠶᠤᠮ᠂ ᠬᠦᠬᠦᠷᠭᠡ ᠶᠢᠨ ᠤᠷᠲᠤ 538.6 ᠮᠧᠲᠷ᠂ ᠬᠦᠬᠦᠷᠭᠡ ᠶᠢᠨ ᠦᠷᠭᠡᠨ12 ᠮᠧᠲᠷ᠂ ᠬᠥᠭᠦᠷᠭᠡᠨ ᠵᠠᠮ ᠤᠨ ᠦᠷᠭᠡᠨ 9 ᠮᠧᠲᠷ᠂ ᠬᠤᠶᠠᠷ ᠲᠠᠯ᠎ᠠ ᠳᠠᠭᠠᠨ ᠲᠤᠰᠪᠤᠷᠢ1.5 ᠮᠧᠲᠷ ᠦᠷᠭᠡᠨ ᠶᠠᠪᠠᠭᠠᠨ ᠵᠠᠮ ᠲᠠᠢ᠃      ᠲᠤᠰ ᠰᠠᠷ᠎ᠠ   ᠪᠦᠬᠦ ᠬᠤᠳᠠ ᠶᠢᠨ ᠲᠦᠰᠦᠪ ᠤᠨ ᠲᠤᠲᠤᠷᠠᠬᠢ 81 ᠣᠯᠣᠰ ᠠᠴᠠ ᠡᠷᠭᠢᠯᠡᠭᠰᠡᠨ ᠠᠵᠤ ᠤ‍‌ᠵ‍‌ᠵᠯᠠᠤᠠᠪᠤᠷᠢ ᠵᠠᠮ ᠬᠠᠷ‍‌ᠵᠯᠴᠠᠭ᠎ᠠ᠂ ᠬᠤᠳᠠᠯᠳᠤᠭ᠎ᠠ᠂ ᠡᠳ᠋ ᠪᠤᠳᠠᠰ᠂ ᠬᠤᠳᠠ ᠶᠢᠨ ᠪᠠᠶᠢᠭᠤᠯᠤᠯᠲᠠ᠂ ᠲᠠᠷᠢᠶᠠᠯᠠᠩ ᠤᠨ ᠠᠵᠤ ᠠᠬᠤᠶᠢᠯᠠᠯ ᠤᠨ 77 ᠨᠢ ᠲᠠᠭᠠᠭᠠᠴᠢᠯᠠᠨ ᠡᠵᠡᠩᠨᠡᠬᠦ ᠲᠦᠷᠢᠮ ᠢ ᠬᠡᠷᠡᠭᠵᠢᠭᠦᠯᠪᠡ᠃      10 ᠰᠠᠷ᠎ᠠ   ᠤᠳᠠ ᠲᠤᠭᠤᠷᠢᠭ ᠤᠨ ᠤᠺᠰᠠᠯ ᠬᠦᠴᠢᠯ ᠤᠨ ᠦᠢᠯᠡᠳᠪᠦᠷᠢ ᠶᠢ ᠡᠬᠢᠯᠡᠵᠦ ᠪᠠᠶᠢᠭᠤᠯᠪᠠ᠂ ᠲᠦᠯᠦᠪᠯᠡᠭᠰᠡᠨ ᠵᠢᠯ ᠤᠨ ᠤᠺᠰᠠᠯ ᠬᠦᠴᠢᠯ ᠦᠢᠯᠡᠳᠪᠦᠷᠢᠯᠡᠬᠦ ᠬᠦᠴᠦᠨ 1000 ᠲᠤᠨ ᠪᠤᠯᠤᠨ᠎ᠠ᠃      11 ᠰᠠᠷ᠎ᠠ ᠶᠢᠨ 17   ᠤᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ ᠤ ᠡᠣ ᠬᠤ᠋ ᠱᠠᠨ ᠨᠡᠭᠦᠷᠡᠰᠦᠨ ᠠᠭᠤᠷᠬᠠᠢ ᠶᠢᠨ ᠨᠢᠭᠡᠳᠦᠭᠡᠷ ᠮᠠᠯᠳᠠᠬᠤ ᠤᠷᠤᠨ ᠳᠤ ᠭᠠᠰ ᠲᠡᠯᠪᠡᠷᠡᠵᠦ᠂ 11 ᠬᠦᠮᠦᠨ ᠦᠬᠦᠵᠦ᠂3 ᠬᠦᠮᠦᠨ ᠬᠦᠨᠲᠤ ᠰᠢᠷᠬᠠᠲᠤᠪᠠ᠃       12 ᠰᠠᠷ᠎ᠠ   ᠣᠳᠠ ᠲᠤᠭᠤᠷᠢᠭ᠂ ᠬᠠᠶᠢᠷᠤᠪ ᠤᠨ ᠲᠤᠬᠤᠢ ᠲᠤᠭᠤᠷᠢᠭ᠂ ᠬᠠᠶᠢᠨᠠᠨ ᠲᠤᠭᠤᠷᠢᠭ ᠲᠤᠰ ᠲᠤᠰ ᠲᠤᠮᠳᠠᠲᠤ ᠤᠯᠤᠰ ᠤᠨ ᠡᠪ ᠬᠠᠮᠲᠤ ᠨᠠᠮ ᠤᠨ ᠬᠤᠶᠠᠳᠣᠭᠠᠷ ᠤᠳᠠᠭᠠᠨ ᠤ ᠶᠡᠭᠡ ᠬᠤᠷᠠᠯ ᠬᠤᠷᠠᠯᠳᠣᠪᠠ᠃ ᠵᠠᠩ ᠳ᠋ᠧᠩ ᠵᠢᠶᠠ᠂ ᠰᠦᠨ ᠫᠸᠢ ᠶᠢ᠂ ᠶᠢ ᠶᠢᠩ ᠲᠤᠰ ᠲᠤᠰ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠪᠠᠷ ᠰᠣᠩᠭᠤᠭᠳᠠᠪᠠ᠃      ᠲᠤᠰ ᠵᠢᠯ    ᠪᠦᠬᠦ ᠬᠤᠳᠠ ᠶᠢᠨ ᠡᠯ᠎ᠡ ᠲᠦᠷᠦᠯ ᠤᠨ ᠺᠤᠮᠫᠠᠨᠢ ᠳᠤ ᠴᠡᠭᠴᠡᠯᠡᠯᠳᠡ ᠬᠢᠵᠦ᠂ ᠡᠯ᠎ᠡ ᠲᠡᠰ ᠤᠨ ᠨᠠᠮ ᠵᠠᠰᠠᠭ ᠤᠨ ᠪᠠᠶᠢᠭᠤᠯᠭ᠎ᠠ ᠠᠴᠠ ᠬᠤᠳᠠᠯᠳᠤᠭ᠎ᠠ ᠡᠷᠬᠢᠯᠡᠵᠦ ᠺᠤᠮᠫᠠᠨᠢ ᠪᠠᠶᠢᠭᠤᠯᠬᠤ ᠶᠢ ᠴᠠᠭᠠᠵᠠᠯᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号