ᠭᠡᠷ᠎ᠡ ᠨᠢ ᠶᠠᠮᠠᠷ ᠶᠠᠮᠠᠷ ᠠᠭᠤᠯᠭ᠎ᠠ ᠲᠠᠢ ᠪᠠᠶᠢᠪᠠᠯ ᠵᠤᠬᠢᠬᠤ ᠪᠤᠢ︖
ᠨᠡᠶᠢᠲᠡᠯᠡᠭᠰᠡᠨ ᠴᠠᠭ᠄
2024/6/17
     ᠭᠡᠷ᠎ᠡ ᠶᠢᠨ ᠠᠭᠤᠯᠭ᠎ᠠ ᠭᠡᠳᠡᠭ ᠨᠢ ᠭᠡᠷ᠎ᠡ ᠶᠢᠨ ᠡᠷᠬᠡ ᠠᠰᠢᠭ ᠬᠢᠭᠡᠳ ᠭᠡᠷ᠎ᠡ ᠶᠢᠨ ᠡᠭᠦᠷᠭᠡ ᠶᠢ ᠵᠢᠭᠠᠳᠠᠭ᠃ ᠭᠡᠷ᠎ᠡ ᠶᠢᠨ ᠠᠭᠤᠯᠭ᠎ᠠ ᠶᠢ ᠲᠤᠬᠠᠢ ᠶᠢᠨ ᠬᠦᠮᠦᠨ ᠠᠴᠠ ᠪᠤᠯᠵᠤᠨ ᠲᠤᠭᠲᠠᠵᠤ᠂ ᠡᠩ ᠤᠨ ᠪᠠᠶᠢᠳᠠᠯ ᠳᠤ ᠲᠤᠤᠷᠠᠬᠢ ᠮᠡᠲᠦ ᠵᠦᠢᠯ ᠵᠤᠷᠪᠤᠰ ᠢ ᠪᠠᠭᠲᠠᠭᠠᠨ᠎ᠠ᠃      1.ᠲᠤᠬᠠᠢ ᠶᠢᠨ ᠬᠦᠮᠦᠨ ᠤ ᠨᠡᠷᠡᠶᠢᠳᠦᠯ ᠪᠤᠶᠤ ᠡᠰᠡᠭᠦᠯ᠎ᠡ ᠨᠡᠷ᠎ᠡ ᠤᠪᠤᠭ ᠬᠢᠭᠡᠳ ᠰᠠᠭᠤᠭ᠎ᠠ ᠭᠠᠵᠠᠷ᠃      2.ᠬᠠᠷᠠᠯᠲᠠ ᠲᠤᠬᠠᠶᠢᠯᠠᠪᠠᠯ ᠭᠡᠷ᠎ᠡ ᠶᠢᠨ ᠡᠷᠬᠡ ᠠᠰᠢᠭ ᠡᠭᠦᠷᠭᠡ ᠶᠢᠨ ᠵᠢᠭᠠᠭᠰᠠᠨ ᠶᠠᠭᠤᠮ᠎ᠠ ᠪᠤᠯᠬᠤ ᠪᠠ ᠲᠠᠷᠡ  ᠨᠢ ᠠᠯᠢᠪᠠ ᠭᠡᠷ᠎ᠡ ᠶᠢᠨ ᠭᠤᠤᠯ ᠵᠦᠢᠯ ᠵᠤᠷᠪᠤᠰ ᠪᠤᠯᠤᠨ᠎ᠠ᠃      3.ᠲᠤᠭ᠎ᠠ ᠬᠡᠮᠵᠢᠶ᠎ᠡ ᠬᠠᠷᠠᠯᠲᠠ ᠶᠢᠨ ᠲᠤᠭ᠎ᠠ ᠬᠡᠮᠵᠢᠶ᠎ᠡ ᠨᠢ ᠤᠨᠤᠪᠴᠢᠲᠠᠢ ᠪᠠᠶᠢᠬᠤ ᠬᠡᠷᠡᠭᠲᠡᠢ᠃ ᠵᠢᠱᠢᠶᠡᠯᠡᠪᠡᠯ ᠬᠡᠮᠵᠢᠬᠦ ᠨᠢᠭᠡᠴᠡ᠂ ᠬᠡᠮᠵᠢᠬᠦ ᠠᠷᠭ᠎ᠠ ᠪᠠᠷᠢᠯ ᠬᠢᠭᠡᠳ ᠵᠦᠢ ᠶᠤᠰᠤᠨ ᠳᠤ ᠨᠡᠶᠢᠴᠡᠭᠰᠡᠨ ᠡᠴᠤᠰ ᠤᠨ ᠵᠦᠷᠢᠶ᠎ᠡ ᠵᠡᠷᠭᠡ ᠨᠢ ᠲᠤᠳᠤᠷᠬᠠᠢ ᠪᠠᠶᠢᠬᠤ ᠬᠡᠷᠡᠭᠲᠡᠢ᠃      4.ᠶᠠᠰᠤ ᠴᠢᠨᠠᠷ ᠬᠠᠷᠠᠯᠲᠠ ᠶᠢᠨ ᠶᠠᠰᠤ ᠴᠢᠨᠠᠷ ᠢ ᠨᠠᠷᠢᠨ ᠨᠢᠭᠲᠠ ᠪᠤᠲᠠᠲᠠᠢ ᠲᠤᠭᠲᠠᠭᠠᠭᠰᠠᠨ ᠪᠠᠶᠢᠬᠤ ᠬᠡᠷᠡᠭᠲᠡᠢ᠃ ᠵᠢᠱᠢᠶᠡᠯᠡᠪᠡᠯ ᠮᠡᠷᠭᠡᠵᠢᠯ ᠤᠨ ᠵᠢᠭᠠᠯᠲᠠ ᠲᠤᠭ᠎ᠠ᠂ ᠶᠠᠰᠤ ᠴᠢᠨᠠᠷ ᠤᠨ ᠱᠠᠭᠠᠷᠳᠠᠯᠭ᠎ᠠ᠂ ᠬᠡᠪ ᠪᠠᠷᠢᠮᠵᠢᠶ᠎ᠠ᠂ ᠰᠢᠨᠵᠢ ᠪᠠᠶᠢᠳᠠᠯ ᠵᠡᠷᠭᠡ ᠨᠢ ᠡᠷᠬᠡᠪᠰᠢ ᠲᠤᠲᠤᠷᠬᠠᠢ ᠪᠠᠶᠢᠬᠤ ᠬᠡᠷᠡᠭᠲᠡᠢ᠃      5.ᠦᠨ᠎ᠡ ᠬᠠᠨᠭ᠍ᠰᠢ ᠶᠢᠨ ᠵᠤᠭᠤᠰ ᠪᠤᠶᠤ ᠡᠰᠡᠭᠦᠯ᠎ᠡ ᠠᠴᠢ ᠬᠠᠷᠢᠭᠤᠯᠲᠠ᠃      6.ᠭᠦᠢᠴᠡᠳᠭᠡᠬᠦ ᠬᠤᠭᠤᠴᠠᠭ᠎ᠠ᠂ ᠭᠠᠵᠠᠷ ᠤᠷᠤᠨ ᠬᠢᠭᠡᠳ ᠠᠷᠭ᠎ᠠ ᠮᠠᠶ᠋ᠢᠭ᠃      7.ᠪᠤᠯᠵᠤᠭ᠎ᠠ ᠶᠢ ᠵᠦᠷᠢᠴᠡᠭᠰᠡᠨ ᠬᠠᠷᠢᠭᠤᠴᠠᠯᠭ᠎ᠠ᠂ ᠲᠠᠷᠤᠢ ᠬᠠᠤᠯᠢ ᠶᠢᠨ ᠬᠠᠷᠢᠭᠤᠴᠠᠯᠭ᠎ᠠ ᠬᠡᠳᠦᠶᠢᠪᠡᠷ ᠭᠡᠷ᠎ᠡ  ᠳᠤ ᠪᠤᠯᠵᠤᠭ᠎ᠠ ᠶᠢ ᠵᠦᠷᠢᠴᠡᠭᠰᠡᠨ ᠬᠠᠷᠢᠭᠤᠴᠠᠯᠭ᠎ᠠ ᠶᠢᠨ ᠵᠦᠢᠯ ᠵᠤᠷᠪᠤᠰ ᠢ ᠲᠤᠭᠲᠠᠭᠠᠭᠰᠠᠨ ᠦᠭᠡᠢ ᠪᠤᠯᠪᠠᠴᠤ ᠬᠠᠤᠯᠢ ᠶᠤᠰᠤᠭᠠᠷ ᠪᠤᠯᠵᠤᠭ᠎ᠠ ᠶᠢ ᠵᠦᠷᠢᠴᠡᠭᠰᠡᠨ ᠬᠠᠷᠢᠭᠤᠴᠠᠯᠭ᠎ᠠ ᠶᠢ ᠦᠭᠡᠶᠢᠰᠭᠡᠭᠰᠡᠨ ᠦᠭᠡᠢ ᠯᠡ ᠶᠤᠮ ᠪᠤᠯ ᠪᠤᠯᠵᠤᠭ᠎ᠠ ᠶᠢ ᠵᠦᠷᠢᠴᠡᠭᠰᠡᠨ ᠡᠲᠡᠭᠡᠳ ᠨᠢ ᠮᠦᠨ ᠬᠠᠷᠢᠭᠤᠴᠠᠯᠭ᠎ᠠ ᠡᠭᠦᠷᠭᠡᠯᠡᠬᠦ ᠶᠤᠰᠤᠲᠠᠢ᠃      8.ᠵᠢᠭᠤᠷᠠᠭᠠᠨ ᠢ ᠰᠢᠢᠳᠪᠦᠷᠢᠯᠡᠬᠦ ᠠᠷᠭ᠎ᠠ ᠪᠠᠷᠢᠯ ᠨᠢ ᠬᠤᠯᠪᠤᠭᠳᠠᠯ ᠪᠦᠬᠦᠢ ᠵᠢᠭᠤᠷᠠᠭᠠᠨ ᠢ ᠰᠢᠢᠳᠪᠦᠷᠢᠯᠡᠬᠦ ᠲᠡᠰ ᠲᠠᠷᠠᠭ᠎ᠠ᠂ ᠬᠠᠤᠯᠢ ᠴᠠᠭᠠᠵᠠ ᠶᠢᠨ ᠬᠡᠷᠡᠭᠯᠡᠯᠲᠡ᠂ ᠰᠢᠯᠭᠠᠨ ᠪᠠᠶᠢᠴᠠᠭᠠᠬᠤ ᠪᠤᠶᠤ ᠦᠨᠡᠯᠡᠨ ᠲᠤᠭᠲᠠᠭᠠᠬᠤ ᠪᠠᠶᠢᠭᠤᠯᠤᠮᠵᠢ ᠶᠢ ᠰᠤᠩᠭᠤᠬᠤ ᠵᠡᠷᠭᠡ᠃      ᠲᠤᠬᠠᠢ ᠶᠢᠨ ᠬᠦᠮᠦᠨ ᠠᠴᠠ ᠡᠯ᠎ᠡ ᠵᠦᠢᠯ ᠤᠨ ᠭᠡᠷ᠎ᠡ ᠶᠢᠨ ᠵᠢᠱᠢᠶ᠎ᠡ ᠪᠤᠯᠬᠤ ᠲᠤᠪᠬᠢᠮᠠᠯ ᠢᠶᠠᠷ ᠯᠠᠪᠯᠠᠯᠲᠠ ᠪᠤᠯᠭᠠᠵᠤ ᠭᠡᠷ᠎ᠡ ᠲᠤᠭᠲᠠᠵᠤ ᠪᠤᠯᠤᠨ᠎ᠠ᠃ ᠲᠤᠬᠠᠢ ᠶᠢᠨ ᠬᠦᠮᠦᠨ ᠠᠴᠠ ᠭᠡᠷ᠎ᠡ ᠲᠤᠭᠲᠠᠬᠤ ᠳᠤ ᠪᠠᠨ ᠪᠤᠯᠵᠤᠬᠤ᠂ ᠠᠮᠠᠯᠳᠠᠬᠤ ᠠᠷᠭ᠎ᠠ ᠮᠠᠶ᠋ᠢᠭ ᠢ ᠬᠡᠷᠡᠭᠯᠡᠵᠤ ᠪᠤᠯᠤᠨ᠎ᠠ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号