ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/17
     6 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠬᠤᠯᠪᠤᠭᠳᠠᠯ ᠪᠦᠬᠦᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠲᠠᠪᠤᠳᠤᠭᠠᠷ ᠣᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠤᠢᠢᠷ᠎ᠠ ᠶᠢᠨ ᠬᠤᠭᠤᠴᠠᠭᠠᠨ ᠤ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ᠂ ᠨᠥᠯᠥᠭᠡᠯᠡᠬᠦ ᠬᠦᠴᠦᠨ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠶ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠢ ᠬᠦᠳᠦᠯᠦᠨ ᠵᠢᠯᠣᠭᠤᠳᠴᠤ ᠪᠠᠶᠢᠭᠠᠳ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠢ ᠬᠥᠭᠵᠢᠭᠡᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠬᠤ ᠬᠡᠷᠡᠭᠲᠡᠢ᠃ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠥᠷᠭᠡᠴᠡ ᠪᠣᠯᠤᠨ ᠭᠦᠨᠴᠡ ᠪᠠᠨ ᠤᠯᠠᠮ ᠴᠢᠨᠠᠭᠰᠢᠳᠠ ᠥᠷᠭᠡᠳᠬᠡᠵᠦ᠂ ᠰᠣᠯᠢᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠠᠵᠤ ᠦᠢᠯᠡᠰ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠪᠠᠷ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃      ᠬᠤᠷᠠᠯ ᠠᠴᠠ ︽ᠪᠥᠬᠦ ᠤᠯᠤᠰ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵2024— 2028 ᠣᠨ︶︾ ᠶᠢ ᠤᠯᠠᠮᠵᠢᠯᠠᠵᠤ᠂ ︽ᠲᠥᠯᠥᠪᠵᠢᠭᠦᠯᠭᠡ ᠶᠢᠨ ᠬᠥᠲᠥᠯᠪᠦᠷᠢ︾ ᠶᠢᠨ ᠶᠡᠷᠦᠩᠬᠡᠶ ᠱᠠᠭᠠᠷᠳᠠᠯᠭ᠎ᠠ᠂ ᠭᠤᠤᠯ ᠬᠠᠷᠠᠯᠲᠠ ᠪᠠ ᠴᠢᠬᠤᠯᠠ ᠠᠷᠭ᠎ᠠ ᠬᠡᠮᠵᠢᠶ᠎ᠡ ᠶᠢ ᠣᠨᠣᠪᠴᠢᠲᠠᠶ ᠡᠵᠡᠮᠳᠡᠵᠦ᠂ ᠤᠳᠤᠷᠢᠳᠬᠤ ᠪᠠᠭ ᠤᠨ ᠤᠯᠤᠰ ᠲᠥᠷᠥ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠰᠤᠷᠲᠠᠯ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠬᠥᠭᠵᠢᠯᠲᠡ ᠳᠤ ᠵᠣᠬᠢᠴᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠶ ᠶᠢᠨ ᠦᠢᠯᠡᠳᠦᠯᠭᠡ ᠶᠢ ᠠᠬᠢᠭᠤᠯᠬᠤ ᠳᠤ ᠬᠦᠴᠦᠲᠡᠶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠡᠩᠨᠡᠭᠡᠨ ᠤ ᠪᠠᠶᠢᠭᠤᠯᠤᠯᠲᠠ᠂ ᠱᠠᠲᠤᠯᠠᠨ ᠲᠣᠬᠢᠷᠠᠭᠤᠯᠬᠤ᠂ ᠰᠣᠯᠢᠯᠴᠠᠨ ᠲᠤᠰᠢᠶᠠᠯ ᠡᠭᠦᠷᠭᠡᠯᠡᠬᠦ ᠡᠯ᠎ᠡ ᠲᠠᠯ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠵᠤ᠂ ᠤᠳᠤᠷᠢᠳᠬᠤ ᠪᠠᠭ ᠤᠨ ᠪᠦᠲᠦᠴᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠪᠦᠬᠦᠯᠢ ᠴᠣᠭᠴᠠ ᠶᠢᠨ ᠴᠢᠳᠠᠮᠵᠢ ᠪᠠᠨ ᠴᠢᠩᠭᠠᠳᠬᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠯᠠᠪᠳᠠᠭᠤᠨ ᠪᠠᠲᠤᠲᠠᠢ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠵᠤ᠂ ᠵᠥᠪ ᠠᠵᠢᠯ ᠤᠨ ᠪᠦᠲᠦᠮᠵᠢ ᠶᠢᠨ ᠦᠵᠡᠯᠲᠡ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠺᠠᠳ᠋ᠷᠴᠤᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠥᠮᠦᠨ ᠬᠡᠷᠡᠭᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠪᠣᠯᠤᠨ ᠠᠵᠢᠯ ᠬᠢᠬᠦ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠲᠠ ᠶᠢᠨ ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢ ᠰᠠᠶᠢᠲᠤᠷ ᠪᠠᠶᠢᠭᠤᠯᠬᠤ ᠪᠠ ᠬᠤᠲᠠ ᠶᠢᠨ ᠴᠢᠳᠠᠮᠵᠢ ᠪᠠᠨ ᠲᠡᠭᠦᠯᠳᠡᠷᠵᠢᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠩ ᠥᠨᠳᠥᠷ ᠲᠠᠰ ᠳᠠᠪᠬᠤᠷᠭ᠎ᠠ ᠳᠤ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠠᠰᠠᠭᠤᠳᠠᠯ ᠢ ᠰᠡᠳᠬᠢᠯ ᠳᠡᠯᠪᠢᠨ ᠬᠦᠴᠦ ᠣᠷᠣᠭᠤᠯᠤᠨ ᠰᠢᠢᠳᠪᠦᠷᠢᠯᠡᠵᠦ᠂ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢ ᠦᠨᠡᠨ ᠬᠦ ᠢᠯᠡ ᠲᠣᠳᠣ ᠴᠢᠨᠠᠷ ᠰᠠᠶᠢᠲᠠᠶ ᠪᠣᠯᠭᠠᠬᠤ ᠬᠡᠷᠡᠭᠲᠡᠶ᠃ ᠦᠢᠯᠡᠳᠦᠯᠭᠡ ᠶᠢᠨ ᠰᠦᠪᠡᠭᠴᠢᠯᠡᠯᠲᠡ ᠪᠠᠨ ᠴᠢᠩᠭᠠᠳᠬᠠᠵᠤ᠂ ᠠᠵᠢᠯ ᠤᠨ ᠰᠡᠳᠬᠢᠴᠡ ᠶᠢᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠰᠠᠶᠢᠲᠤᠷ ᠪᠠᠳᠠᠷᠠᠭᠤᠯᠵᠤ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠵᠤ᠂ ᠦᠷ᠎ᠡ ᠪᠦᠲᠦᠮᠵᠢ ᠶᠢ ᠠᠷᠠᠳ ᠠᠴᠠ ᠠᠰᠠᠭᠤᠵᠤ᠂ ᠦᠵᠦ ᠲᠥᠯᠥᠪᠯᠡᠭᠡ ᠪᠣᠯᠤᠨ ᠦᠨᠳᠦᠰᠦᠨ ᠱᠠᠲᠤᠨ ᠤ ᠦᠢᠯᠡᠳᠦᠯᠭᠡ ᠶᠢ ᠣᠷᠭᠠᠨᠢᠭ ᠢᠶᠠᠷ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠥᠷᠭᠡᠳᠬᠡᠨ ᠭᠦᠨᠵᠡᠭᠡᠶᠢᠷᠡᠭᠦᠯᠵᠦ᠂ ᠬᠤᠳᠠ ᠶᠢᠨ ᠴᠢᠳᠠᠪᠬᠢ ᠪᠠᠨ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ᠃ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠵᠤ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠠᠵᠢᠯ ᠢᠶᠠᠨ ᠨᠡᠩ ᠯᠠᠪᠳᠠᠭᠤᠨ ᠪᠠᠲᠤᠲᠠᠢ᠂ ᠦᠷ᠎ᠡ ᠪᠦᠲᠦᠮᠵᠢ ᠪᠠᠨ ᠨᠡᠩ ᠦᠷᠭᠦᠯᠵᠢᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠥᠨᠳᠥᠷ ᠪᠦᠲᠦᠮᠵᠢᠲᠡᠶ ᠪᠠᠷ ᠬᠠᠮᠲᠤᠷᠠᠨ ᠬᠥᠳᠡᠯᠦᠯᠴᠡᠬᠦ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号