ᠪᠦᠬᠦ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠴᠢᠳᠠᠪᠤᠷᠢ ᠶᠢ ᠨᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/6/18
     ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ ᠣᠶᠢᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠴᠢᠳᠠᠪᠤᠷᠢ ᠶᠢ ᠨᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠵᠢᠩᠬᠢᠨᠢ ᠪᠠᠷ ᠡᠬᠢᠯᠡᠪᠡ᠃      ᠪᠣᠯᠪᠠᠰᠤᠷᠠᠯ ᠤᠨ ᠠᠩᠭᠢ ᠳᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠲᠤᠰᠬᠠᠶ ᠮᠡᠷᠭᠡᠵᠢᠯᠲᠡᠨ ᠢ ᠤᠷᠢᠵᠤ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ ᠬᠥᠭᠵᠢᠭᠦᠯᠬᠦ ᠪᠠ ᠦᠢᠯᠡᠳᠦᠯ ᠢᠶᠠᠨ ᠪᠠᠳᠠᠷᠠᠭᠤᠯᠬᠤ᠂ ᠵᠢᠷᠤᠮᠵᠢᠭᠤᠯᠤᠨ ᠬᠠᠮᠢᠶᠠᠷᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ᠂ ᠰᠢᠯᠢᠳᠡᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠲᠠᠶᠢᠯᠤᠮᠵᠢ ᠬᠢᠯᠭᠡᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠢ ᠬᠠᠪᠰᠤᠷᠤᠨ ᠣᠳᠣᠬᠠᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠪᠠ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠨᠢ ᠪᠥᠬᠦ ᠲᠠᠯ᠎ᠠ ᠪᠠᠷ ᠳᠡᠭᠡᠭᠰᠢᠯᠡᠭᠦᠯᠪᠡ᠃      ᠣᠶᠢᠷ᠎ᠠ ᠶᠢᠨ ᠵᠢᠯ ᠳᠤ᠂ ᠮᠠᠨ ᠤ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠲᠦᠷᠭᠡᠳᠴᠦ᠂ ᠲᠤᠭ᠎ᠠ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠠᠵᠢᠯᠯᠠᠭ᠎ᠠ᠂ ᠰᠣᠶᠣᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠵᠡᠷᠭᠡ ᠡᠯ᠎ᠡ ᠬᠦᠷᠢᠶ᠎ᠡ ᠶᠢ ᠬᠠᠮᠤᠷᠴᠦ᠂ ᠨᠢᠭᠡᠨᠲᠡ ᠮᠠᠨ ᠤ ᠬᠤᠲᠠ ᠶᠢᠨ ᠠᠷᠠᠳ ᠤᠨ ᠰᠠᠨᠠᠭ᠎ᠠ ᠶᠢ ᠣᠶᠢᠯᠠᠭᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠴᠢᠬᠤᠯᠠ ᠠᠴᠢᠶᠠᠯᠠᠪᠤᠷᠢ ᠪᠣᠯᠵᠤ᠂ ᠬᠤᠲᠠ ᠶᠢᠨ ᠨᠡᠶᠢᠭᠡᠮ ᠤᠨ ᠵᠠᠰᠠᠯᠲᠠ ᠶᠢᠨ ᠴᠢᠬᠤᠯᠠ ᠬᠦᠴᠦᠨ ᠪᠣᠯᠤᠭᠰᠠᠨ ᠪᠠᠶᠢᠨ᠎ᠠ᠃      ᠲᠣᠰ ᠤᠳᠠᠭᠠᠨ ᠤ ᠪᠣᠯᠪᠠᠰᠤᠷᠠᠯ ᠨᠢ ᠪᠥᠬᠦ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠰᠠᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠥᠪᠡᠷᠲᠡᠭᠡᠨ ᠵᠠᠰᠠᠬᠤ ᠴᠢᠳᠠᠪᠤᠷᠢ ᠪᠠ ᠦᠢᠯᠡᠴᠢᠯᠡᠭᠡᠨ ᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠥᠪᠡᠷ ᠢ ᠪᠠᠨ ᠱᠠᠭᠠᠷᠳᠠᠬᠤ ᠦᠨᠡᠨᠴᠢ ᠢᠲᠡᠭᠡᠮᠵᠢ ᠶᠢᠨ ᠤᠬᠠᠮᠰᠠᠷ ᠢ ᠨᠢ ᠴᠢᠩᠭᠠᠷᠠᠭᠤᠯᠵᠤ᠂ ᠪᠥᠬᠦ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠵᠤ᠂ ᠮᠠᠨ ᠤ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号