ᠪᠥᠬᠦ ᠬᠤᠲᠠ ᠶᠢᠨ ᠲᠣᠤᠷᠵᠢᠭᠤᠯᠤᠭᠰᠠᠨ ᠵᠠᠰᠠᠯᠲᠠ ᠶᠢᠨ ᠦᠢᠯᠡᠴᠢᠯᠡᠭᠡᠨ ᠤ ᠠᠵᠢᠯ ᠤᠨ ᠭᠤᠷᠪᠠᠳᠤᠭᠠᠷ ᠤᠳᠠᠭᠠᠨ ᠤ ᠠᠬᠤᠢ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/18
     ᠤᠢᠢᠷ᠎ᠠ ᠳᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠪᠣᠯᠤᠨ ᠬᠠᠶᠢᠷᠤᠪ ᠤᠨ ᠲᠤᠬᠤᠢ ᠲᠣᠭᠤᠷᠢᠭ ᠤᠨ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ ᠤᠨ ᠬᠠᠮᠲᠤᠷᠠᠨ ᠡᠷᠬᠢᠯᠡᠭᠰᠡᠨ ᠪᠦᠬᠦ ᠬᠤᠳᠠ ᠶᠢᠨ ᠲᠣᠤᠷᠵᠢᠭᠤᠯᠤᠭᠰᠠᠨ ᠵᠠᠰᠠᠯᠲᠠ ᠶᠢᠨ ᠦᠢᠯᠡᠴᠢᠯᠡᠭᠡᠨ ᠤ ᠠᠵᠢᠯ ᠤᠨ ᠭᠤᠷᠪᠠᠳᠤᠭᠠᠷ ᠣᠳᠠᠭᠠᠨ ᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠪᠠ᠃      ᠲᠣᠰ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠡᠯ᠎ᠡ ᠲᠣᠭᠤᠷᠢᠭ ᠤᠨ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ ᠵᠢᠴᠢ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠤᠷᠢᠳ ᠬᠤᠵᠢᠳ ᠬᠠᠶᠢᠷᠤᠪ ᠤᠨ ᠲᠣᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠬᠠᠢ ᠰᠢᠨ ᠨᠡᠶᠢᠭᠡᠮ ᠲᠣᠭᠤᠷᠢᠭ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠴᠠᠩ ᠴᠢᠩ ᠨᠡᠶᠢᠭᠡᠮ ᠲᠣᠭᠤᠷᠢᠭ᠂ ᠰᠢᠨᠬᠤᠸᠠ ᠵᠡᠭᠡᠯᠢ ᠭᠤᠳᠤᠮᠵᠢ ᠶᠢᠨ ᠾᠧ ᠰᠢᠶᠧ ᠨᠡᠶᠢᠭᠡᠮ ᠲᠣᠭᠤᠷᠢᠭ ᠵᠢᠴᠢ ᠪᠢᠨ ᠾᠧ ᠵᠡᠭᠡᠯᠢ ᠭᠤᠳᠤᠮᠵᠢ ᠶᠢᠨ ᠬᠤ᠋ ᠳ᠋ᠦᠩ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠨᠡᠶᠢᠭᠡᠮ ᠲᠣᠭᠤᠷᠢᠭ ᠤᠨ ᠲᠣᠤᠷᠵᠢᠭᠤᠯᠤᠭᠰᠠᠨ ᠵᠠᠰᠠᠯᠲᠠ ᠶᠢᠨ ᠦᠢᠯᠡᠴᠢᠯᠡᠭᠡᠨ ᠤ ᠠᠵᠢᠯ᠂ ᠲᠤᠤᠷᠵᠢᠭᠤᠯᠤᠯᠳᠠ ᠶᠢᠨ ᠪᠠᠶᠢᠭᠤᠯᠤᠯᠲᠠ ᠶᠢᠨ ᠠᠵᠢᠯᠯᠠᠭᠠᠨ ᠵᠢᠴᠢ ᠬᠤᠳᠠᠯᠳᠤᠭᠠᠨ ᠤ ᠲᠣᠭᠤᠷᠢᠭ ᠤᠨ ᠲᠤᠰᠬᠠᠶ ᠲᠤᠤᠷᠵᠢᠭᠤᠯᠤᠯᠳᠠ ᠶᠢᠨ ᠪᠠᠶᠢᠭᠤᠯᠤᠯᠲᠠ ᠶᠢᠨ ᠠᠵᠢᠯᠯᠠᠭᠠᠨ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃      ᠬᠤᠷᠠᠯ ᠳᠤ ᠣᠷᠣᠯᠴᠠᠭᠰᠠᠳ ᠢᠯᠡᠷᠭᠡᠶᠢᠯᠡᠭᠰᠡᠨ ᠨᠢ᠂ ︽ᠣᠴᠢᠷ ᠶᠠᠪᠤᠳᠠᠯ ᠢ ᠲᠤᠤᠷᠵᠢᠭᠤᠯᠤᠯᠳᠠ ᠪᠠᠷ ᠪᠦᠬᠦᠨ ᠢ ᠬᠦᠢᠴᠡᠳᠭᠡᠬᠦ︾ ᠠᠵᠢᠯ ᠤᠨ ᠵᠠᠷᠴᠢᠮ ᠢ ᠢᠮᠠᠭᠲᠠ ᠪᠠᠷᠢᠮᠲᠠᠯᠠᠵᠤ᠂ ᠲᠣᠤᠷᠵᠢᠭᠤᠯᠤᠭᠰᠠᠨ ᠵᠠᠰᠠᠯᠲᠠ ᠶᠢᠨ ᠦᠢᠯᠡᠴᠢᠯᠡᠭᠡᠨ ᠤ ᠰᠢᠨ᠎ᠡ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠡᠶᠢᠭᠡᠮ ᠲᠣᠭᠤᠷᠢᠭ ᠤᠨ ᠲᠣᠤᠷ ᠲᠤ ᠣᠷᠣᠭᠤᠯᠬᠤ ᠶᠢ ᠴᠢᠷᠮᠠᠶᠢᠨ ᠠᠬᠢᠭᠤᠯᠵᠤ᠂ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ ᠲᠤᠤᠷᠵᠢᠭᠤᠯᠤᠯᠳᠠ ᠶᠢᠨ ︽ᠪᠢᠴᠢᠯ ᠬᠦᠴᠦᠨ︾ ᠢ ᠦᠷᠭᠦᠯᠵᠢᠯᠡᠨ ᠲᠥᠪᠯᠡᠷᠡᠭᠦᠯᠵᠦ᠂ ᠲᠤᠤᠷᠵᠢᠭᠤᠯᠤᠯᠳᠠ ᠶᠢᠨ ︽ᠪᠢᠴᠢᠯ ᠵᠠᠰᠠᠯᠲᠠ︾ ᠶᠢ ᠬᠥᠭᠵᠢᠭᠡᠵᠦ᠂ ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ ᠬᠥᠳᠡᠯᠭᠡᠬᠦ ᠬᠦᠴᠦᠨ︾ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠤᠯᠠᠨ ᠡᠰᠢᠲᠦ ᠬᠠᠮᠲᠤ ᠪᠠᠷ ᠵᠠᠰᠠᠬᠤ ᠪᠠᠶᠢᠷᠢᠰᠢᠯ ᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠᠨ ᠴᠢᠩᠭᠠᠳᠬᠠᠵᠤ᠂ ᠤᠯᠠᠨ ᠠᠷᠭ᠎ᠠ ᠵᠠᠮ ᠢᠶᠠᠷ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠠᠮᠤᠷ ᠲᠦᠪᠰᠢᠨ ᠢ ᠠᠬᠢᠭᠤᠯᠵᠤ᠂ ᠦᠢᠯᠡᠴᠢᠯᠡᠭᠡ ᠪᠠᠷ ᠦᠨᠳᠦᠰᠦᠨ ᠱᠠᠲᠤᠨ ᠤ ᠵᠠᠰᠠᠯᠲᠠ ᠶᠢᠨ ︽ᠡᠴᠦᠰ ᠤᠨ ᠨᠢᠭᠡ ᠭᠤᠭᠴᠤᠭ᠎ᠠ︾ ᠶᠢ ᠨᠡᠪᠲᠡᠷᠡᠭᠦᠯᠵᠦ᠂ ᠤᠯᠠᠨ ᠲᠦᠮᠡᠨ ᠳᠤ ᠨᠡᠩ ᠡᠶ᠎ᠡ ᠵᠣᠬᠢᠴᠠᠩᠭᠤᠢ᠂ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ  ᠦᠭᠬᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号