ᠲᠠᠩ ᠢ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠲᠤᠬᠠᠶ ᠶᠢᠨ ᠲᠠᠯᠠᠪᠤᠷ ᠲᠤ ᠬᠦᠷᠴᠦ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠪᠤᠳᠠᠯ ᠤᠨ ᠲᠤᠬᠠᠢ ᠰᠤᠳᠤᠯᠪᠠ
ᠨᠡᠶᠢᠲᠡᠯᠡᠭᠰᠡᠨ ᠴᠠᠭ᠄
2024/6/18
     6 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠵᠤ᠂ ᠲᠤᠬᠠᠶ ᠶᠢᠨ ᠲᠠᠯᠠᠪᠤᠷ ᠲᠤ ᠠᠵᠢᠯᠯᠠᠵᠤ ᠠᠰᠠᠭᠤᠳᠠᠯ ᠢ  ᠨᠢ ᠰᠤᠳᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠭᠦᠸᠧ ᠢ ᠵᠢᠶᠧ ᠣᠷᠣᠯᠴᠠᠪᠡ᠃

     ᠲᠠᠩ ᠢ ᠤᠷᠢᠳ ᠬᠤᠵᠢᠳ ᠭᠠᠨᠳᠠᠷᠢ ᠭᠤᠤᠯ ᠤᠨ ᠶᠠᠪᠠᠭᠠᠨ ᠬᠥᠭᠦᠷᠭᠡ᠂ ᠪᠢᠨ ᠾᠧ ᠶᠢᠨ ᠠᠮᠢ ᠠᠬᠤᠶ ᠶᠢᠨ

ᠬᠦᠷᠢᠶᠡᠯᠡᠩ᠂ ᠴᠢ ᠬᠠᠩ ᠵᠠᠮ᠂ ᠪᠢᠨ ᠾᠧ ᠰᠢᠨ᠎ᠡ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠨᠡᠪᠲᠡᠷᠡᠬᠦ

ᠵᠠᠮ ᠤᠨ ᠲᠥᠷᠥᠯ ᠵᠦᠢᠯ᠂ ᠬᠠᠲᠤᠨ ᠭᠤᠤᠯ ᠤᠨ ᠡᠷᠭᠢ ᠳᠠᠭᠠᠤ ᠶᠢᠨ ᠣᠷᠣᠨ ᠪᠦᠰᠡ ᠶᠢᠨ ᠠᠮᠢ ᠠᠬᠤᠶ ᠶᠢᠨ

ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠤᠨ

ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠥᠲᠥᠭᠡᠨ

ᠪᠠᠶᠢᠭᠤᠯᠤᠯᠲᠠ ᠶᠢᠨ ᠠᠬᠢᠴᠠ᠂ ᠡᠳᠦᠷ ᠲᠤᠲᠤᠮ ᠤᠨ ᠠᠵᠢᠯᠯᠠᠭᠠᠨ ᠬᠠᠮᠠᠭᠠᠯᠠᠯᠲᠠ ᠵᠡᠷᠭᠡ ᠪᠠᠶᠢᠳᠠᠯ ᠢ ᠨᠢ ᠲᠤᠬᠠᠶ ᠶᠢᠨ

ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ

ᠦᠨᠡᠨᠬᠦ ᠬᠠᠷᠢᠭᠤᠴᠠᠯᠭ᠎ᠠ ᠡᠭᠦᠷᠭᠡᠯᠡᠵᠦ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠨᠡᠭᠡᠭᠡᠨ ᠬᠥᠭᠵᠢᠭᠦᠯᠬᠦ

ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠨᠠᠷᠢᠯᠢᠬᠵᠢᠭᠤᠯᠤᠨ ᠠᠬᠢᠭᠤᠯᠵᠤ᠂ ᠬᠤᠲᠠ ᠶᠢᠨ ᠶᠠᠪᠤᠳᠠᠯ ᠤᠨ

ᠵᠠᠮ ᠱᠤᠭᠤᠮ᠂ ᠵᠠᠮ ᠤᠨ ᠳ᠋ᠧᠩ ᠤᠨ ᠭᠡᠷᠡᠯᠲᠦᠭᠦᠯᠭᠡ ᠵᠡᠷᠭᠡ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠳᠤ ᠵᠦᠢᠯ

ᠳᠠᠷᠠᠭᠠᠯᠠᠨ ︽ᠰᠢᠭᠰᠢᠯᠳᠡ ᠬᠢᠵᠦ︾᠂ ᠲᠤᠬᠠᠶ ᠶᠢᠨ ᠲᠠᠯᠠᠪᠠᠢ ᠳᠤ ᠢᠯᠡᠭᠦᠬᠡᠨ ᠬᠦᠷᠴᠦ ᠠᠰᠠᠭᠤᠳᠠᠯ ᠢ ᠨᠢ ᠢᠯᠡᠷᠡᠭᠦᠯᠵᠦ᠂

ᠡᠯ᠎ᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠵᠦᠶ ᠵᠣᠬᠢᠰᠲᠠᠶ ᠪᠠᠶᠢᠬᠤ᠂

ᠴᠢᠳᠠᠮᠵᠢ ᠶᠢᠨ ᠶᠠᠰᠤ ᠴᠢᠨᠠᠷ ᠤᠨ ᠱᠠᠭᠠᠷᠳᠠᠯᠭ᠎ᠠ ᠶᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠰᠢᠨᠵᠢᠯᠡᠬᠦ

ᠤᠬᠠᠭᠠᠨᠴᠢ ᠪᠠᠷ ᠲᠥᠯᠥᠪᠵᠢᠭᠦᠯᠬᠦ ᠪᠣᠯ ᠬᠠᠮᠤᠭ ᠤᠨ ᠶᠡᠭᠡ ᠦᠷ᠎ᠡ ᠠᠰᠢᠭ᠂ ᠬᠠᠮᠤᠭ ᠤᠨ ᠶᠡᠭᠡ ᠡᠳ᠋ ᠪᠠᠶᠠᠯᠢᠭ ᠮᠥᠨ︾

ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠡᠷᠴᠢᠮᠵᠢᠭᠦᠯᠦᠨ ᠠᠷᠪᠢᠯᠠᠬᠤ᠂ ᠨᠠᠷᠢᠨ ᠨᠢᠭᠲᠠ ᠪᠤᠳᠤᠬᠤ ᠶᠢ

ᠪᠠᠷᠢᠮᠲᠠᠯᠠᠨ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠰᠢᠨᠵᠢᠯᠡᠬᠦ

ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠵᠤ᠂ ᠵᠢᠷᠤᠭ ᠲᠥᠯᠥᠪᠯᠡᠭᠡ ᠶᠢᠨ ᠲᠥᠰᠦᠯ ᠢᠶᠠᠨ ᠰᠢᠯᠢᠳᠡᠭᠵᠢᠭᠦᠯᠦᠨ᠂

ᠵᠣᠭᠤᠰ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤ ᠬᠡᠷᠡᠭᠯᠡᠵᠦ᠂ ᠵᠠᠩᠭᠢᠯᠠᠭ᠎ᠠ ᠶᠢᠨ ᠭᠠᠵᠠᠷ ᠲᠤ ᠵᠠᠷᠣᠬᠤ ᠶᠢ

ᠦᠨᠡᠨ ᠬᠦ ᠪᠠᠲᠤᠯᠠᠬᠤ ᠬᠡᠷᠡᠭᠲᠡᠶ᠃ ᠭᠤᠶᠤ ᠰᠠᠶᠢᠬᠠᠨ ᠪᠠ ᠪᠣᠳᠠᠲᠤ ᠬᠡᠷᠡᠭᠴᠡᠭᠡ ᠶᠢ ᠵᠡᠷᠭᠡ ᠪᠠᠷ ᠴᠢᠬᠤᠯᠠᠴᠢᠯᠠᠬᠤ ᠶᠢ

ᠪᠠᠷᠢᠮᠳᠠᠯᠠᠵᠤ᠂ ᠶᠠᠪᠠᠭᠠᠨ ᠬᠥᠮᠦᠨ ᠤ ᠶᠠᠪᠤᠬᠤ ᠵᠠᠮ᠂ ᠦᠵᠡᠮᠵᠢ ᠶᠢᠨ ᠨᠣᠭᠤᠭᠠᠷᠠᠭᠤᠯᠤᠯᠲᠠ ᠵᠡᠷᠭᠡ ᠶᠢᠨ ᠵᠢᠷᠤᠭ

ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ

ᠤᠷᠭᠤᠮᠠᠯ ᠤᠨ ᠲᠥᠷᠥᠯ ᠵᠦᠢᠯ ᠢ ᠰᠣᠩᠭᠤᠵᠤ᠂ ᠵᠠᠮ ᠬᠠᠷᠢᠯᠴᠠᠭᠠᠨ ᠤ ᠦᠨᠳᠦᠰᠦᠨ ᠴᠢᠳᠠᠮᠵᠢ ᠶᠢ ᠬᠠᠩᠭᠠᠬᠤ

ᠮᠥᠷᠲᠡᠭᠡᠨ ᠪᠠᠰᠠ ᠶᠠᠪᠠᠭᠠᠨ ᠬᠥᠮᠦᠨ ᠤ ᠰᠡᠯᠡᠭᠦᠴᠡᠯ ᠪᠠ ᠰᠣᠨᠢᠷᠬᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠮᠲᠤ ᠳᠤᠨᠢ

ᠬᠠᠷᠠᠭᠠᠯᠵᠠᠬᠤ ᠬᠡᠷᠡᠭᠲᠡᠶ᠃ ᠪᠢᠨ ᠾᠧ ᠶᠢᠨ ᠠᠮᠢ ᠠᠬᠤᠢ ᠶᠢᠨ ᠬᠦᠷᠢᠶᠡᠯᠡᠩ ᠵᠡᠷᠭᠡ ᠪᠦᠲᠦᠭᠡᠨ ᠪᠠᠶᠢᠭᠤᠯᠤᠯᠳᠠ ᠶᠢᠨ

ᠲᠦᠷᠦᠯ ᠵᠦᠢᠯ ᠤᠨ ᠠᠵᠢᠯᠯᠠᠭᠠᠨ ᠤ ᠬᠠᠮᠠᠭᠠᠯᠠᠯᠲᠠ ᠪᠠᠨ ᠴᠢᠩᠭᠠᠳᠬᠠᠵᠤ᠂ ᠭᠠᠨᠳᠠᠷᠢ ᠭᠤᠣᠯ ᠤᠨ ᠶᠠᠪᠠᠭᠠᠨ ᠬᠥᠭᠦᠷᠭᠡ

ᠵᠡᠷᠭᠡ ᠪᠦᠲᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠬᠢᠴᠠ ᠪᠠᠨ ᠲᠦᠷᠭᠡᠳᠬᠡᠵᠦ᠂ ᠪᠢᠨ ᠾᠧ ᠶᠢᠨ

ᠬᠤᠶᠠᠳᠤᠭᠠᠷ ᠬᠤᠭᠤᠴᠠᠭᠠᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠢ ᠨᠥᠬᠦᠪᠥᠷᠢᠯᠡᠵᠦ᠂ ᠴᠢᠨᠠᠷ ᠰᠠᠶᠢᠲᠠᠢ

ᠠᠮᠢᠳᠤᠷᠠᠯ ᠤᠨ ᠰᠢᠨ᠎ᠡ ᠣᠷᠣᠨ ᠵᠠᠢ ᠶᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠤᠯᠠᠨ ᠲᠦᠮᠡᠨ ᠤ ᠰᠠᠶᠢᠨ

ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号